ᠬᠢᠵᠢᠭ ᠤᠨ ᠬᠤᠭᠤᠴᠠᠭᠠᠨ ᠳᠤ ᠭᠠᠳᠠᠨ᠎ᠠ ᠬᠤᠭᠤᠯᠠᠯᠠᠬᠤ ᠳᠤ ᠪᠠᠨ ᠶᠠᠭᠤ ᠶᠢ ᠠᠩᠬᠠᠷᠬᠤ ᠪᠣᠢ
ᠨᠡᠶᠢᠲᠡᠯᠡᠭᠰᠡᠨ ᠴᠠᠭ᠄
2021/11/2
      ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠯᠢᠶᠡᠳ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ‌ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ ᠠᠵᠢᠯ ᠲᠥᠷᠥᠯ ᠤᠨ ᠬᠢᠨ ︽ᠲᠤᠬᠠᠶ ᠶᠢᠨ ᠲᠠᠯᠠᠪᠠᠶ ᠳᠤ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ + ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠪᠠᠴᠢᠮ ᠪᠠᠶᠢᠳᠠᠯ ᠢ‌ᠠᠷᠭᠠᠴᠠᠭᠠᠬᠤ ᠲᠤᠰᠠᠭᠠᠷᠯᠠᠬᠤ ᠣᠷᠣᠨ ᠵᠢᠴᠢ 1 ᠮᠧᠲᠷ ᠤᠨ ᠵᠠᠶ ᠲᠠᠢ ᠰᠡᠷᠡᠮᠵᠢ ᠶᠢᠨ ᠱᠤᠭᠤᠮ ᠢ ᠲᠣᠬᠢᠷᠠᠭᠤᠯᠪᠠ᠃      10 ᠰᠠᠷ᠎ᠠ ᠶᠢᠨ 26 ᠤ ᠡᠳᠦᠷ᠂  ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ  ᠠᠴᠠ ᠬᠤᠰᠢᠭᠤᠨ ᠳᠠᠬᠢ ᠢᠳᠡᠭᠡᠨ ᠤᠮᠳᠠᠭᠠᠨ ᠤ  ᠦᠢᠯᠡᠰ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠯᠲᠠ ᠪᠠᠶᠢᠴᠠᠭᠠᠯᠲᠠ ᠦᠷᠨᠢᠭᠦᠯᠵᠦ᠂ ᠡᠯ᠎ᠡ ᠳᠡᠯᠭᠡᠭᠦᠷ ᠢ ᠠᠮᠠᠪᠴᠢ ᠵᠡᠭᠦᠬᠦ᠂ ᠬᠤᠤᠰ ᠺᠣᠳ᠋ ᠢ ᠪᠠᠶᠢᠴᠠᠭᠠᠨ ᠰᠢᠯᠭᠠᠬᠤ  ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠮᠦᠷᠲᠡᠭᠡᠨ᠂ ᠡᠳᠦᠷ ᠪᠦᠷᠢ ᠭᠤᠤᠯᠳᠠᠯᠭ᠎ᠠ ᠲᠠᠢ ᠣᠷᠣᠨ ᠪᠦᠰᠡ ᠳᠤ ᠠᠷᠢᠭᠤᠳᠬᠠᠬᠤ ᠠᠷᠭ᠎ᠠ ᠬᠡᠮᠵᠢᠶ᠎ᠡ ᠠᠪᠴᠤ᠂ ᠸᠠᠺᠼᠢᠨ ᠳᠠᠷᠢᠭᠰᠠᠨ ᠥᠬᠡᠶ ᠬᠤᠳᠠᠯᠳᠤᠭᠠᠨ ᠤ ᠡᠷᠦᠬᠡ ᠶᠢ ᠲᠠᠷᠢᠯᠭ᠎ᠠ ᠬᠢᠬᠦ ᠶᠢ ᠱᠠᠭᠠᠷᠳᠠᠵᠠᠢ  ᠃      ᠣᠶᠢᠯᠠᠭᠠᠭᠰᠠᠨ ᠢᠶᠠᠷ᠂ ᠢᠳᠡᠭᠡᠨ ᠤᠮᠳᠠᠭᠠᠨ ᠤ ᠦᠢᠯᠡᠰ ᠤᠨ ᠲᠠᠯ᠎ᠠ ᠪᠠᠷ᠂ ᠬᠤᠭᠤᠯᠠᠨ ᠭᠡᠷ ᠲᠤ ᠣᠷᠣᠬᠤ ᠠᠴᠠ ᠡᠮᠦᠨ᠎ᠡ᠂ ᠢᠳᠡᠭᠡᠨ ᠤᠮᠳᠠᠭᠠᠨ ᠤ ᠨᠢᠭᠡᠴᠡ ᠠᠴᠠ ᠬᠤᠭᠤᠯᠠᠯᠠᠬᠤ ᠪᠠᠷ ᠢᠷᠡᠭᠰᠡᠨ ᠵᠤᠴᠢᠳ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠶᠢᠨ ᠬᠠᠮᠲᠤ ᠪᠡᠶ᠎ᠡ ᠶᠢᠨ ᠳᠤᠯᠠᠭᠠᠨ ᠢ ᠨᠢ ᠬᠢᠨᠠᠨ ᠬᠡᠮᠵᠢᠨ᠎ᠡ᠃ ᠡᠳᠦᠷ ᠪᠦᠷᠢ ᠲᠠᠯᠠᠪᠤᠷ ᠭᠠᠵᠠᠷ ᠤᠨ ᠢᠶᠠᠨ ᠣᠷᠴᠢᠨ ᠲᠣᠭᠤᠷᠢᠨ ᠢᠶᠠᠨ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠦ ᠬᠠᠮᠢᠶ᠎ᠠ ᠪᠥᠬᠦᠶ ᠲᠡᠮᠳᠡᠭᠯᠡᠯ ᠬᠢᠬᠦ ᠬᠡᠷᠡᠭᠲᠡᠢ᠃      ᠢᠳᠡᠭᠡᠨ ᠤᠮᠳᠠᠭᠠᠨ ᠤ ᠨᠢᠭᠡᠴᠡ ᠳᠤ  ᠂ ᠬᠤᠭᠤᠯᠠᠯᠠᠬᠤ ᠬᠥᠮᠦᠰ 2 ᠬᠥᠮᠦᠨ ᠠᠴᠠ ᠳᠡᠭᠡᠭᠰᠢ ᠪᠠᠶᠢᠪᠠᠯ᠂  ᠬᠤᠭᠤᠯᠠᠯᠠᠬᠤ ᠬᠦᠮᠦᠨ ᠪᠦᠷᠢ ᠶᠢᠨ ᠬᠤᠭᠤᠷᠣᠨᠳᠣ 1 ᠮᠧᠲᠷ ᠠᠴᠠ ᠳᠡᠭᠡᠭᠰᠢ ᠵᠠᠶ ᠲᠠᠢ ᠪᠠᠶᠢᠯᠭᠠᠵᠤ᠂  ᠰᠢᠷᠡᠭᠡ ᠪᠦᠷᠢ ᠶᠢᠨ ᠬᠤᠭᠤᠷᠣᠨᠳᠣ ᠪᠠᠰᠠ 1  ᠮᠧᠲᠷ ᠠᠴᠠ ᠳᠡᠭᠡᠭᠰᠢ ᠵᠠᠶ ᠲᠠᠢ ᠪᠠᠶᠢᠯᠭᠠᠵᠤ᠂ 10 ᠬᠥᠮᠦᠨ ᠬᠤᠭᠤᠯᠠᠯᠠᠬᠤ  ᠰᠢᠷᠡᠭᠡ ᠪᠦᠷᠢ ᠳᠤ 5 ᠬᠥᠮᠦᠨ ᠠᠴᠠ ᠬᠡᠲᠦᠷᠡᠭᠦᠯᠵᠦ ᠪᠣᠯᠬᠤ ᠦᠭᠡᠶ᠃      ᠢᠳᠡᠭᠡᠨ‌ᠤᠮᠳᠠᠭᠠᠨ ᠤ  ᠨᠢᠭᠡᠴᠡ ᠨᠦᠭᠦᠳ ᠡᠷᠬᠡᠪᠰᠢ ᠨᠣᠭᠤᠭ᠎ᠠ ᠨᠢᠭᠡᠪᠦᠷᠢ ᠳᠤ ᠨᠡᠶᠢᠲᠡ ᠶᠢᠨ ᠬᠠᠯᠪᠠᠭ᠎ᠠ᠂ ᠨᠡᠶᠢᠲᠡ ᠶᠢᠨ ᠰᠠᠪᠬ᠎ᠠ᠂ ᠨᠡᠶᠢᠲᠡ ᠶᠢᠨ ᠬᠠᠪᠴᠢᠭᠤᠷ ᠵᠡᠷᠭᠡ ᠨᠡᠶᠢᠲᠡ ᠶᠢᠨ ᠬᠤᠭᠤᠯᠠᠨ ᠤ ᠬᠡᠷᠡᠭᠰᠡᠯ ᠲᠣᠬᠢᠷᠠᠭᠤᠯᠬᠤ ᠶᠢᠨ ᠬᠠᠮᠲᠤ᠂ ᠵᠣᠴᠢᠳ ᠲᠤ ᠬᠤᠭᠤᠯᠠᠯᠠᠬᠤ ᠳᠡᠭᠡᠨ ᠨᠡᠶᠢᠲᠡ ᠶᠢᠨ ᠬᠤᠭᠤᠯᠠᠨ ᠬᠡᠷᠡᠭᠰᠡᠯ ᠢᠶᠠᠷ ᠬᠤᠭᠤᠯᠠ ᠢᠳᠡᠬᠦ ᠶᠢ ᠮᠡᠳᠡᠭᠳᠡᠬᠦ ᠬᠡᠷᠡᠭᠲᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号