ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/11/22
      11 ᠰᠠᠷ᠎ᠠ‌‍ᠶᠢᠨ 15 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠬᠤᠷᠠᠯ ᠬᠤᠷᠠᠯᠳᠤᠭᠤᠯᠪᠠ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠤᠳᠬ᠎ᠠ‌ᠤᠷᠠᠯᠢᠭ ᠤᠨ ᠬᠢᠨ ᠤ ᠬᠤᠯᠪᠣᠭ᠎ᠠ᠂ ᠤᠯᠠᠭᠠᠨᠮᠥ᠋ᠴᠢᠷ ᠵᠡᠷᠭᠡ  ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ  ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠪᠠ᠃      ᠰᠠᠷᠠᠭᠤᠯᠲᠤᠶᠠᠭ᠎ᠠ ᠶᠠᠷᠢᠶᠠᠨ ᠳᠠᠭᠠᠨ ᠵᠢᠭᠠᠭᠰᠠᠨ ᠨᠢ᠂ ᠠᠷᠪᠠ‌‍ᠶ᠋ᠢᠰᠦᠳᠦᠭᠡᠷ ᠬᠤᠭᠤᠴᠠᠭᠠᠨ ᠤ ᠲᠥᠪ‌ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯ ᠨᠢᠭᠡ‌ᠤᠳᠠᠭ᠎ᠠ ᠶᠢᠨ ᠲᠦᠢᠯ ᠤᠨ ᠴᠢᠬᠤᠯᠠ ᠬᠤᠷᠠᠯ  ᠪᠠᠶᠢᠵᠤ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠠᠵᠢᠯᠳᠠᠨ ᠪᠣᠯᠤᠭᠰᠠᠨ ᠤ ᠬᠤᠪᠢ ᠳᠤ ᠂ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠬᠡᠪ ᠳᠠᠭᠤᠷᠢᠶᠠᠯ ᠪᠣᠯᠭᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠠᠵᠢᠯᠳᠠᠨ ᠤ ᠡᠭᠦᠷᠭᠡ ᠬᠠᠷᠢᠭᠤᠴᠠᠯᠭ᠎ᠠ  ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠬᠠᠮᠢᠶ᠎ᠠ ᠪᠥᠬᠦᠶ ᠰᠣᠨᠢᠨ ᠮᠡᠳᠡᠭᠡ ᠶᠢ ᠲᠥᠰᠥᠪᠯᠡᠨ  ᠮᠡᠳᠡᠭᠡᠯᠡᠬᠦ ᠪᠤᠯᠤᠨ ᠭᠤᠤᠯ ᠰᠡᠳᠦᠪᠲᠦ ᠰᠣᠷᠪᠣᠯᠵᠢᠯᠠᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂  ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ‌‍ᠲ᠋ᠠᠢ ᠤᠶᠠᠯᠳᠤᠭᠤᠯᠤᠨ᠂ ︽ᠵᠢᠷᠭᠤᠭ᠎ᠠ ᠳᠤ ᠭᠦᠨᠵᠡᠭᠡᠶᠢᠷᠡᠬᠦ︾ ᠰᠣᠷᠪᠣᠯᠵᠢᠯᠠᠭ᠎ᠠ ᠶᠢ ᠴᠢᠩᠭᠠᠳᠬᠠᠬᠤ ᠬᠡᠷᠡᠭᠲᠡᠶ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠰᠦᠯᠵᠢᠶᠡᠨ ᠳᠡᠭᠡᠷᠡᠬᠢ ᠤᠬᠠᠭᠤᠯᠭ᠎ᠠ ᠶᠢ ᠴᠢᠩᠭᠠᠳᠬᠠᠵᠤ᠂ ᠤᠬᠠᠭᠤᠯᠭ᠎ᠠ‌‍ᠶᠢᠨ ᠲᠤᠰᠬᠠᠶ ᠪᠤᠯᠤᠩ ᠭᠠᠷᠭᠠᠵᠤ᠂ ᠬᠠᠮᠢᠶ᠎ᠠ ᠪᠥᠬᠦᠶ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠶ᠃ ᠲᠥᠪ ᠠᠴᠠ ᠨᠢᠭᠡᠳᠦᠯᠲᠡᠶ ᠲᠠᠷᠬᠠᠭᠠᠭᠰᠠᠨ ᠤᠬᠠᠭᠤᠯᠭ᠎ᠠ‌‍ᠶᠢᠨ ᠯᠤᠽᠦ᠋ᠩ ᠢ ᠰᠠᠶᠢᠲᠤᠷ ᠬᠡᠷᠡᠭᠯᠡᠬᠦ ᠶᠢᠨ ᠬᠠᠮᠲᠤ ᠣᠯᠠᠨ ᠲᠦᠮᠡᠨᠴᠢ ᠴᠢᠨᠠᠷᠲᠠᠶ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠰᠣᠶᠣᠯ ᠤᠨ ᠪᠦᠲᠦᠭᠡᠭᠳᠡᠬᠦᠨ ᠢ‌ᠡᠭᠦᠳᠦᠨ ᠪᠦᠲᠦᠭᠡᠬᠦ ᠬᠡᠷᠡᠭᠲᠡᠶ᠃ ᠶᠡᠷᠦᠩᠬᠡᠶᠢᠯᠡᠭᠰᠡᠨ ᠴᠢᠨᠠᠷᠲᠠᠢ ᠮᠡᠳᠡᠭᠡᠯᠡᠯ ᠢ ᠴᠢᠩᠭᠠᠳᠬᠠᠵᠤ᠂ ᠰᠣᠨᠢᠨ ᠮᠡᠳᠡᠭᠡᠨ ᠤ ᠤᠬᠠᠭᠤᠯᠭ᠎ᠠ ᠶᠢᠨ ᠠᠭᠤᠯᠭ᠎ᠠ ᠶᠢ ᠴᠠᠭ ᠲᠤᠬᠠᠢ ᠳᠤᠨᠢ ᠬᠠᠮᠢᠶ᠎ᠠ ᠪᠦᠬᠦᠢ ᠲᠠᠪᠴᠠᠩ ᠳᠤ ᠨᠡᠶᠢᠲᠡᠯᠡᠵᠦ᠂ ᠭᠠᠳᠠᠭᠠᠳᠤ ᠤᠬᠠᠭᠤᠯᠭ᠎ᠠ‌‍ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠠᠮ ‍ᠤᠨ‌ᠠᠷᠪᠠ ᠶᠢᠰᠦᠳᠦᠭᠡᠷ ᠬᠤᠭᠤᠴᠠᠭᠠᠨ ᠤ ᠲᠥᠪ‌ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ  ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠬᠤ ᠠᠵᠢᠯᠯᠠᠭ᠎ᠠ‌‍ᠶᠢ‌ᠢᠳᠡᠪᠬᠢᠲᠡᠶ‌ᠵᠣᠬᠢᠶᠠᠨ ᠪᠠᠶᠢᠭᠤᠯᠵᠤ  ᠦᠷᠨᠢᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂  ᠬᠤᠰᠢᠭᠤ ᠰᠤᠷᠲᠠᠯ ᠤᠬᠠᠭᠤᠯᠭ᠎ᠠ‌ᠦᠵᠡᠯ ᠰᠠᠨᠠᠭ᠎ᠠ‌‍ᠰᠣᠶᠣᠯ ᠤᠨ ᠰᠢᠰᠲ᠋ᠧᠮ ᠤᠨ ᠤᠳᠤᠷᠢᠳᠬᠤ ᠺᠠᠳ᠋ᠷ ᠵᠢᠴᠢ ᠺᠠᠳ᠋ᠷ ᠠᠵᠢᠯᠲᠠᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ‌ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠬᠦᠳᠡ ᠬᠤᠷᠠᠯ ᠤᠨ ᠵᠣᠷᠢᠭ ᠰᠠᠨᠠᠭ᠎ᠠ‌‍ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠶ‌‍ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠣᠶᠢᠷ᠎ᠠ‌‍ᠶᠢᠨ ᠬᠤᠭᠤᠴᠠᠭᠠᠨ ᠤ ᠭᠤᠤᠯᠳᠠᠯᠭ᠎ᠠ‌‍ᠲ᠋ᠠᠢ‌ᠠᠵᠢᠯ ᠤᠨ ᠤᠬᠠᠭᠤᠯᠭ᠎ᠠ ᠪᠠᠨ  ᠴᠢᠩᠭᠠᠳᠬᠠᠨ᠂ ᠪᠥᠬᠦ ᠵᠢᠯ ᠤᠨ ᠠᠵᠢᠯ ᠢᠶᠠᠨ ᠪᠥᠬᠦ ᠲᠠᠯ᠎ᠠ‌‍ᠪᠠᠷ ᠳ᠋ᠦᠩᠨᠡᠵᠦ᠂ ᠪᠡᠶᠡᠯᠡᠭᠦᠯᠵᠦ ᠳᠡᠶᠢᠯᠦᠭᠰᠡᠨ ᠥᠬᠡᠶ‌ᠡᠭᠦᠷᠭᠡ‌‍ᠶᠢ ᠴᠠᠭ ᠲᠤᠬᠠᠶ ᠳᠤᠨᠢ ᠲᠣᠭᠲᠠᠭᠰᠠᠨ ᠴᠠᠭ ᠬᠤᠭᠤᠴᠠᠭ᠎ᠠ᠂ ᠲᠣᠭᠲᠠᠭᠠᠭᠰᠠᠨ ᠵᠠᠩᠭᠢᠯᠠᠭ᠎ᠠ‌‍ᠶᠢᠨ ᠴᠡᠭ ᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ  ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号