ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/22
      11 ᠰᠠᠷ᠎ᠠ‌‍ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠤᠳᠠᠭᠠᠨ ᠤ ︵2021 ᠣᠨ ᠤ 38 ᠳ᠋ᠤᠭᠠᠷ ᠤᠳᠠᠭᠠᠨ ᠤ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠣᠷᠣᠯᠠᠭᠴᠢ ᠬᠤᠰᠢᠭᠤ ᠳᠠᠷᠤᠭ᠎ᠠ‌ᠵᠧᠤ ᠢᠦᠶ ᠯᠦᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠢᠴᠢ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠠᠷᠠᠳ‌‍ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ‌‍ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠵᠢᠨ‌ᠵᠥ᠋ᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ‌‍ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠂ ᠳᠡᠳ᠋ ᠬᠤᠰᠢᠭᠤ ᠳᠠᠷᠤᠭ᠎ᠠ‌ᠠᠯᠲᠠᠨᠪᠠᠭᠠᠨ᠎ᠠ᠂ ᠰᠡᠴᠡᠨ ᠵᠢᠴᠢ ᠬᠤᠯᠪᠣᠭᠳᠠᠯ ᠪᠥᠬᠦᠶ ᠰᠠᠯᠠᠭ᠎ᠠ‌ᠮᠥ᠋ᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ‍ᠤᠨ‌ᠠᠯᠪᠠᠨ ᠮᠡᠳᠡᠭᠡ︾᠂ ᠰᠢ ᠶᠢᠨ ᠫᠢᠩ‌‍ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ‌ᠵᠢᠴᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠪᠦᠬᠦ ᠲᠠᠯ᠎ᠠ ᠪᠠᠷ‌ᠨᠠᠮ ᠢ ᠴᠢᠩᠭ᠎ᠠ‌ᠵᠠᠰᠠᠬᠤ ᠰᠠᠨᠠᠭᠤᠯᠭ᠎ᠠ‌‍ᠶᠢᠨ ᠪᠢᠴᠢᠭ︾ ᠤᠨ ᠮᠡᠳᠡᠭᠳᠡᠯ ᠢ ᠤᠯᠠᠮᠵᠢᠯᠠᠨ ᠰᠤᠷᠤᠯᠴᠠᠵᠤ᠂ ︽ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠵᠢᠴᠢ ︽ᠤᠯᠤᠰ ᠲᠥᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠭᠤᠴᠠᠭ᠎ᠠ‌‍ᠰᠣᠯᠢᠬᠤ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠠᠵᠢᠯ ᠤᠨ ᠲᠥᠰᠦᠯ︾ ᠢ ᠰᠤᠳᠤᠯᠤᠨ ᠬᠢᠨᠠᠨ‌ᠵᠥ᠋ᠪᠯᠡᠵᠦ᠂ ᠮᠠᠨ ᠤ ᠬᠤᠰᠢᠭᠤᠨ ᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ‌‍ᠶᠢ ᠥᠷᠨᠢᠭᠦᠯᠦᠭᠰᠡᠨ ᠪᠠᠶᠢᠳᠠᠯ ᠪᠠ ᠰᠢᠶᠠᠨ ᠤ ᠬᠡᠪᠴᠢᠶᠡᠨ ᠤ ᠡᠪ‌ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠬᠢᠩᠭᠠᠨ‌ᠵᠢᠭᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ‌ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠭᠦᠨᠵᠡᠭᠡᠶ ᠳ᠋ᠦᠩᠨᠡᠪᠡ᠂ ᠪᠥᠬᠦ ᠬᠤᠰᠢᠭᠤ ᠪᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢ ᠶᠢᠨ ᠫᠢᠩ‌ᠨᠥ᠋ᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ‌ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ‌‍ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ  ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠬᠤᠭᠤᠴᠠᠭ᠎ᠠ ᠰᠣᠯᠢᠬᠤ ᠵᠢᠯ  ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠠᠷᠪᠠ ᠶᠢ ᠴᠢᠩᠭ᠎ᠠ ᠴᠠᠭᠠᠵᠠᠯᠠᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠢᠭᠲᠠ ᠬᠠᠮᠵᠢᠯᠴᠠᠵᠤ᠂ ᠰᠣᠩᠭᠤᠭᠤᠯᠢ ᠶᠢᠨ ᠳᠡᠰ ᠳᠠᠷᠠᠭᠠᠯᠠᠯ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠡᠮᠬᠢ ᠵᠢᠷᠤᠮ ᠲᠠᠢ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠢᠩᠭᠠᠨ ᠱᠠᠭᠠᠷᠳᠠᠬᠤ ᠳᠠᠭᠠᠨ᠂ ᠨᠠᠮ ᠤᠨ ᠲᠡᠦᠬᠡ ᠶᠢᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾  ᠠᠵᠢᠯᠯᠠᠭ᠎ᠠ ᠪᠠ ︽ᠬᠤᠤᠰ ᠵᠠᠭᠤᠨ ᠡᠳᠦᠷ︾ ᠤᠨ ᠪᠣᠭᠤᠮᠲᠠ   ᠰᠢᠪᠲᠤᠯᠬᠤ ᠠᠵᠢᠯᠯᠠᠭ᠎ᠠ ᠶᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠣᠯᠠᠨ ᠲᠦᠮᠡᠨ ᠤ ᠪᠣᠳᠠᠲᠤ ᠬᠡᠷᠡᠭᠴᠡᠭᠡ ᠳᠤ ᠰᠠᠭᠤᠷᠢᠯᠠᠨ᠂ ᠠᠵᠢᠯ ᠤᠨ ᠭᠤᠤᠯᠳᠠᠯᠭ᠎ᠠ ᠶᠢ ᠡᠵᠡᠮᠳᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ‍ᠤᠨ‌ᠠᠵᠢᠯ ᠢ ᠴᠢᠩᠭᠠᠳᠬᠠᠵᠤ᠂ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂  ᠳᠣᠲᠠᠭᠳᠠᠯ ᠢᠶᠠᠨ ᠨᠥᠬᠦᠪᠥᠷᠢᠯᠡᠵᠦ᠂ ᠬᠦᠴᠢᠷ ᠠᠰᠠᠭᠤᠳᠠᠯ ᠪᠣᠯᠤᠨ ᠭᠤᠣᠯᠳᠠᠯᠭ᠎ᠠ‌‍ᠲ᠋ᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠵᠦᠪ ᠤᠨᠤᠴᠠᠲᠠᠢ ᠬᠦᠴᠦᠯᠡᠵᠦ᠂ ᠬᠦᠴᠦ ᠪᠠᠨ ᠲᠥᠪᠯᠡᠷᠡᠭᠦᠯᠦᠨ ᠪᠡᠶᠡᠯᠡᠭᠦᠯᠵᠦ ᠳᠡᠶᠢᠯᠦᠭᠡᠳᠦᠢ ᠥᠭᠡᠷᠡᠴᠢᠯᠡᠯᠲᠡ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠳᠠᠩᠰᠠ ᠡᠪᠬᠡᠮᠡᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠳᠤᠮᠳᠠ ᠬᠤᠭᠤᠴᠠᠭᠠᠨ ᠤ ᠦᠨᠡᠯᠡᠯᠲᠡ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ ᠂ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢ ᠠᠳᠬᠤᠭᠰᠠᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠠᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号