ᠪᠦᠬᠦ ᠬᠤᠰᠢᠭᠤᠨ ᠤ ︽ᠬᠤᠤᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ  ᠭᠤᠷᠪᠠᠳᠣᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/11/22
      11 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ︽ᠬᠤᠤᠰ ᠵᠠᠭᠤᠨ ᠡᠳᠦᠷ︾ ᠤᠨ  ᠪᠣᠭᠤᠮᠲᠠ ᠰᠢᠪᠲᠤᠯᠬᠤ ᠠᠵᠢᠯᠯᠠᠭ᠎ᠠ‌‍ᠶᠢᠨ ᠵᠢᠯᠣᠭᠤᠳᠬᠤ ᠬᠡᠯᠲᠡᠰ ᠤᠨ ᠶᠡᠷᠦᠩᠬᠡᠶ ᠵᠢᠯᠣᠭᠤᠳᠣᠭᠴᠢ ᠬᠢᠩᠭᠠᠨ ᠪᠦᠬᠦ ᠬᠤᠰᠢᠭᠤᠨ ᠤ ︽ᠬᠤᠤᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ᠃      ᠬᠤᠰᠢᠭᠤ ︽ᠬᠤᠤᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ‌‍ᠶᠢᠨ ᠵᠢᠯᠣᠭᠤᠳᠬᠤ ᠬᠡᠯᠲᠡᠰ ᠤᠨ ᠳᠡᠳ᠋ ᠶᠡᠷᠦᠩᠬᠡᠶ ᠵᠢᠯᠣᠭᠤᠳᠣᠭᠴᠢ᠂ ᠭᠡᠰᠢᠭᠦᠨ ᠵᠢᠴᠢ ᠡᠯ᠎ᠡ‌‍ᠲ᠋ᠤᠰᠬᠠᠶ ᠲᠥᠷᠥᠯ ᠤᠨ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ᠂ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠬᠤᠰᠢᠭᠤ ︽ᠬᠤᠤᠰ ᠵᠠᠭᠤᠨ ᠡᠳᠦᠷ︾ ᠤᠨ  ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ‌‍ᠶᠢᠨ ᠡᠯ᠎ᠡ‌‍ᠲ᠋ᠤᠰᠬᠠᠶ ᠠᠵᠢᠯ ᠤᠨ ᠳᠤᠭᠤᠶᠢᠯᠠᠩ‌ᠵᠢᠴᠢ ᠶᠡᠷᠦᠩᠬᠡᠶᠢᠯᠡᠭᠰᠡᠨ ᠠᠯᠪᠠᠨ ᠬᠡᠷ  ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠦ ᠂ ᠡᠯ᠎ᠡ ᠬᠠᠷᠢᠭᠤᠴᠠᠯᠭ᠎ᠠ‌‍ᠲ᠋ᠠᠢ‌ᠤᠳᠤᠷᠢᠳᠤᠯᠭ᠎ᠠ‌‍ᠶᠢᠨ ᠡᠭᠦᠷᠭᠡ‌ᠬᠠᠷᠢᠭᠤᠴᠠᠯᠭ᠎ᠠ‌‍ᠪᠠᠨ ᠭᠦᠢᠴᠡᠳᠭᠡᠭᠰᠡᠨ ᠠᠬᠢᠴᠠ ᠶᠢᠨ ᠪᠠᠶᠢᠳᠠᠯ ᠪᠣᠯᠤᠨ ᠳᠡᠭᠡᠷ᠎ᠡ‌ᠭᠤᠷᠪᠠᠨ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ  ᠰᠣᠷᠪᠤᠯᠵᠢᠯᠠᠭ᠎ᠠ‌‍ᠶᠢᠨ ᠬᠡᠷᠡᠭ‌ᠢ ᠰᠢᠢᠳᠪᠦᠷᠢᠯᠡᠭᠰᠡᠨ ᠪᠠᠶᠢᠳᠠᠯ ᠢ ᠵᠣᠬᠢᠴᠠᠭᠤᠯᠪᠠ᠃      ᠬᠢᠩᠭᠠᠨ ᠵᠢᠭᠠᠬᠤ ᠳᠠᠭᠠᠨ᠂ ︽ᠬᠤᠤᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ‌‍ᠶᠢ ᠥᠷᠨᠢᠭᠦᠯᠬᠦ ᠪᠣᠯ ᠠᠶᠢᠮᠠᠭ ‍ᠤᠨ‌ᠨᠠᠮ ᠤᠨ ᠬᠤᠷᠢᠶ᠎ᠠ‌ᠠᠶᠢᠮᠠᠭ ᠤᠨ ᠵᠠᠬᠢᠷᠭ᠎ᠠ‌ᠡᠴᠠ ᠪᠥᠬᠦ ᠠᠶᠢᠮᠠᠭ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ᠂ ᠪᠥᠬᠦ ᠠᠶᠢᠮᠠᠭ ᠤᠨ ᠺᠠᠳ᠋ᠷᠴᠤᠳ‌‍ᠤᠨ ᠶᠡᠭᠡ‌ᠬᠤᠷᠠᠯ ᠤᠨ ᠵᠣᠷᠢᠭ ᠰᠠᠨᠠᠭ᠎ᠠ‌‍ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ‌ᠠᠷᠭ᠎ᠠ‌‍ᠬᠡᠮᠵᠢᠶ᠎ᠡ‌ᠮᠥ᠋ᠨ᠂ ᠪᠠᠰᠠ ᠴᠤ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠤᠨ ᠲᠤᠬᠠᠶ ᠨᠢᠭᠡ‌ᠤᠳᠠᠭᠠᠨ ᠤ ᠰᠢᠯᠭᠠᠯᠲᠠ ᠪᠠ‌‍ᠪᠠᠶᠢᠴᠠᠭᠠᠯᠲᠠ ᠪᠤᠯᠣᠨ᠎ᠠ᠃ ᠡᠯ᠎ᠡ ᠭᠠᠵᠠᠷ ᠣᠷᠣᠨ ᠡᠯ᠎ᠡ‌‍ᠰᠠᠯᠠᠭ᠎ᠠ‌ᠮᠥ᠋ᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠤᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ‌‍ᠳᠤ ᠢᠯᠠᠯᠲᠠ ᠤᠯᠬᠤ ᠢᠲᠡᠭᠡᠯ ᠵᠣᠷᠢᠭ ᠢᠶᠠᠨ ᠦᠨᠡᠨ ᠬᠦ ᠪᠠᠬᠢᠵᠢᠭᠦᠯᠵᠦ᠂ ︽ᠬᠤᠤᠰ ᠵᠠᠭᠤᠨ ᠡᠳᠦᠷ︾  ᠤᠨ ᠪᠣᠭᠤᠮᠲᠠ ᠰᠢᠪᠲᠤᠯᠬᠤ ᠠᠵᠢᠯᠯᠠᠭ᠎ᠠ‌‍ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠠ‌‍ᠭᠦ᠋ᠨᠵᠡᠭᠡᠶ ᠠᠭᠤᠯᠤᠭᠳᠠᠬᠤᠨ ᠢ ᠣᠶᠢᠯᠠᠭᠠᠵᠤ᠂ ᠡᠨᠡ ᠬᠦ ᠴᠢᠬᠤᠯᠠ ᠤᠯᠤᠰ ᠲᠥᠷᠥ ᠶᠢᠨ ᠡᠭᠦᠷᠭᠡ‌‍ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ᠃ ︽ᠬᠤᠤᠰ ᠵᠠᠭᠤᠨ ᠡᠳᠦᠷ︾  ᠤᠨ ᠪᠣᠭᠤᠮᠲᠠ‌‍ᠰᠢᠪᠲᠤᠯᠬᠤ ᠠᠵᠢᠯᠯᠠᠭ᠎ᠠ‌‍ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠳᠤᠮᠳᠠᠬᠢ ᠲᠦᠷᠢᠮ ᠳᠣᠭᠲᠠᠭᠠᠯ ᠵᠢᠷᠤᠮᠵᠢᠯ ᠥᠬᠡᠶ᠂ ᠬᠠᠮᠢᠶᠠᠷᠤᠯᠲᠠ ᠰᠤᠯᠠ᠂ ᠠᠵᠢᠯ ᠶᠠᠪᠤᠭᠤᠷᠢ ᠦᠭᠡᠢ ᠵᠡᠷᠭᠡ‌ᠠᠰᠠᠭᠤᠳᠠᠯ ᠢ ᠡᠷᠢᠨ ᠭᠠᠷᠭᠠᠵᠤ᠂ ᠳᠠᠭᠤᠷᠢᠶᠠᠵᠤ ᠪᠣᠯᠬᠤ᠂ ᠲᠣᠯᠢ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠰᠠᠶᠢᠨ ᠲᠤᠷᠰᠢᠯᠭ᠎ᠠ‌‍ᠰᠠᠶᠢᠨ‌ᠠᠷᠭ᠎ᠠ‌‍ᠬᠢᠳᠡᠯ ᠢ ᠠᠵᠢᠯ ᠤᠨ ᠲᠦᠷᠢᠮ ᠪᠣᠯᠭᠠᠨ ᠲᠣᠭᠲᠠᠪᠤᠷᠢᠵᠢᠭᠤᠯᠵᠤ᠂ ᠬᠤᠶᠢᠰᠢᠳᠠ ᠡᠯ᠎ᠡ‌ᠵᠦ᠋ᠢᠯ ᠤᠨ ᠠᠵᠢᠯ ᠢᠶᠠᠨ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ᠂ ︽ᠬᠤᠤᠰ ᠵᠠᠭᠤᠨ ᠡᠳᠦᠷ︾  ᠤᠨ ᠪᠣᠭᠤᠮᠲᠠ‌‍ᠰᠢᠪᠲᠤᠯᠬᠤ ᠠᠵᠢᠯᠯᠠᠭ᠎ᠠ‌‍ᠳᠤ ᠪᠠᠲᠤ ᠴᠢᠩᠭ᠎ᠠ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ‌ᠭᠠᠵᠠᠷ ᠡᠯ᠎ᠡ‌‍ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ‌‍ᠪᠠᠨ ᠪᠣᠳᠠᠲᠠᠶᠢᠵᠢᠭᠤᠯᠵᠤ᠂ ︽ᠬᠤᠤᠰ ᠵᠠᠭᠤᠨ ᠡᠳᠦᠷ︾  ᠤᠨ ᠪᠣᠭᠤᠮᠲᠠ ᠰᠢᠪᠲᠤᠯᠬᠤ ᠠᠵᠢᠯᠯᠠᠭ᠎ᠠ‌‍ᠶᠢᠨ ᠪᠣᠳᠠᠲᠤ ᠦᠷ᠎ᠡ‌‍ᠪᠦ᠋ᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠡᠯ᠎ᠡ‌ᠬᠠᠷᠢᠭᠤᠴᠠᠯᠭᠠᠲᠤ ᠤᠳᠤᠷᠢᠳᠤᠯᠭ᠎ᠠ‌ᠡᠴᠠ ᠶᠡᠷᠦᠩᠬᠡᠶᠢᠯᠡᠨ ᠵᠢᠯᠣᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂  ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠭᠰᠠᠨ ᠬᠤᠭᠤᠴᠠᠭ᠎ᠠ‌‍ᠲ᠋ᠠᠢ ᠪᠠᠷ ᠰᠣᠨᠣᠰᠴᠤ᠂ ᠡᠭᠦᠷᠭᠡ‌‍ᠪᠠᠨ ᠲᠤᠭᠲᠠᠭᠰᠠᠨ ᠬᠤᠭᠤᠴᠠᠭᠠᠨ ᠳᠤ ᠦᠨᠡᠨ ᠬᠦ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ ᠶᠡᠷᠦᠩᠬᠡᠶᠢᠯᠡᠭᠰᠡᠨ‌ᠠᠯᠪᠠᠨ ᠬᠡᠷ‌ᠡᠴᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠤᠯᠠᠮ ᠨᠢᠭᠡ‌ᠠᠯᠬᠤᠮ ᠴᠢᠩᠭᠠᠷᠠᠭᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠬᠢᠬᠦ᠂ ᠳᠡᠭᠡᠷ᠎ᠡ‌ᠡᠴᠡ ᠤᠯᠠᠮᠵᠢᠯᠠᠵᠤ ᠳᠣᠷᠣᠭᠰᠢ ᠳᠠᠮᠵᠢᠭᠤᠯᠬᠤ᠂ ᠬᠠᠷᠢᠯᠴᠠᠵᠤ ᠣᠶᠢᠯᠠᠭᠠᠯᠴᠠᠬᠤ ᠵᠡᠷᠭᠡ‌ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠨᠡ‌ᠤᠳᠠᠭᠠᠨ ᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠵᠠᠩᠭᠢᠯᠠᠭ᠎ᠠ‌‍ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ‌‍ᠲ᠋ᠤᠰᠬᠠᠶ ᠠᠵᠢᠯ ᠤᠨ ᠳᠤᠭᠤᠶᠢᠯᠠᠩ‌ᠡᠴᠡ ᠠᠵᠢᠯ ᠤᠨ ᠡᠬᠡ‌‍ᠲ᠋ᠠᠩᠰᠠ ᠶᠢᠨ ᠲᠣᠭᠤᠷᠢᠨ ᠳᠤ ᠭᠤᠤᠯᠳᠠᠯᠭ᠎ᠠ‌‍ᠲ᠋ᠠᠢ ᠠᠰᠠᠭᠤᠳᠠᠯ ᠢ ᠯᠠᠪᠳᠠᠭᠤᠨ ᠪᠠᠲᠤᠲᠠᠶ ᠴᠡᠭᠴᠡᠯᠡᠨ ᠵᠠᠰᠠᠵᠤ᠂ ᠠᠵᠢᠯ ᠤᠨ ᠪᠠᠶᠢᠳᠠᠯ ᠢᠶᠠᠨ ᠴᠠᠭ ᠲᠤᠬᠠᠶ ᠳ᠋ᠤᠨᠢ‌ᠮᠡᠳᠡᠭᠡᠯᠡᠨ᠂ ᠡᠯ᠎ᠡ‌ᠵᠦ᠋ᠢᠯ  ᠤᠨ ᠠᠵᠢᠯ ᠢ  ᠱᠠᠭᠠᠷᠳᠠᠨ‌ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ‌‍ᠱᠠᠭᠠᠷᠳᠠᠨ ᠪᠠᠶᠢᠴᠠᠭᠠᠬᠤ ᠳᠤᠭᠤᠶᠢᠯᠠᠩ ᠱᠠᠭᠠᠷᠳᠠᠨ ᠵᠢᠯᠣᠭᠤᠳᠬᠤ ᠠᠵᠢᠯ ᠤᠨ ᠴᠢᠭᠯᠡᠯᠲᠦ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠪᠣᠭᠤᠮᠲᠠ ᠰᠢᠪᠲᠤᠯᠤᠯᠲᠠ‌‍ᠶᠢᠨ‌ᠠᠵᠢᠯᠯᠠᠭ᠎ᠠ‌‍ᠶᠢᠨ ᠣᠷᠣᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠃ ᠬᠢᠨᠠᠯᠲᠠ ᠲᠠᠯᠪᠢᠵᠤ ᠰᠠᠬᠢᠯᠭ᠎ᠠ‌‍ᠪᠠᠲᠤ ᠬᠡᠷᠡᠭᠵᠢᠭᠦᠯᠬᠦ ᠳᠤᠭᠤᠶᠢᠯᠠᠩ ᠠᠴᠠ ᠪᠣᠭᠤᠮᠲᠠ‌‍ᠰᠢᠪᠲᠤᠯᠬᠤ ᠠᠵᠢᠯᠯᠠᠭ᠎ᠠ‌‍ᠶᠢ‌ᠤᠯᠤᠰ ᠲᠦᠷᠦ ᠶᠢᠨ ᠬᠢᠨᠠᠯᠲᠠ ᠲᠠᠯᠪᠢᠬᠤ᠂ ᠡᠳᠦᠷ ᠲᠤᠳᠤᠮ ᠤᠨ ᠬᠢᠨᠠᠯᠲᠠ ᠲᠠᠯᠪᠢᠬᠤ ᠪᠠ‌ᠣᠨᠣᠴᠠᠲᠠᠢ ᠬᠢᠨᠠᠯᠲᠠ ᠲᠠᠯᠪᠢᠬᠤ ᠶᠢᠨ ᠴᠢᠬᠤᠯᠠ ᠠᠭᠤᠯᠭ᠎ᠠ‌‍ᠪᠣᠯᠭᠠᠵᠤ᠂ ᠪᠦᠬᠦ ᠶᠠᠪᠤᠴᠠ ᠳᠤ ᠮᠥᠷᠳᠡᠨ ᠬᠢᠨᠠᠯᠲᠠ ᠲᠠᠯᠪᠢᠵᠤ᠂ ᠴᠢᠩᠭ᠎ᠠ‌‍ᠬᠦ᠋ᠴᠦᠲᠡᠢ‌‍ᠰᠠᠬᠢᠯᠭ᠎ᠠ‌‍ᠪᠠᠲᠤ ᠶᠢᠨ ᠪᠠᠲᠤᠯᠠᠭ᠎ᠠ ᠪᠠᠷ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ᠃  ᠡᠯ᠎ᠡ‌ᠬᠤᠯᠪᠣᠭᠳᠠᠯ ᠪᠦᠬᠦᠢ ᠰᠠᠯᠠᠭ᠎ᠠ‌ᠮᠥ᠋ᠴᠢᠷ ᠤᠨ ᠬᠢᠨ ᠳᠡᠭᠡᠷ᠎ᠡ‌ᠭᠤᠷᠪᠠᠨ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ‌ᠢ ᠳᠡᠭᠡᠳᠦ ᠬᠡᠮᠵᠢᠶ᠎ᠡ‌‍ᠪᠠᠷ ᠴᠢᠬᠤᠯᠠᠴᠢᠯᠠᠨ  ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠥᠨᠳᠥᠷ ᠪᠠᠷᠢᠮᠵᠢᠶ᠎ᠠ᠂ ᠴᠢᠩᠭ᠎ᠠ‌‍ᠱᠠᠭᠠᠷᠳᠠᠯᠭ᠎ᠠ ᠪᠠᠷ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤᠯᠲᠠ ᠥᠭᠬᠦ ᠶᠢ ᠪᠡᠶᠡᠯᠡᠭᠦᠯᠬᠦ ᠬᠡᠷᠡᠭᠲᠡᠶ ᠭᠡᠪᠡ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ᠂ ᠬᠤᠰᠢᠭᠤ ︽ᠬᠤᠤᠰ ᠵᠠᠭᠤᠨ ᠡᠳᠦᠷ︾  ᠤᠨ ᠪᠣᠭᠤᠮᠲᠠ ᠰᠢᠪᠲᠤᠯᠬᠤ ᠠᠵᠢᠯᠯᠠᠭ᠎ᠠ‌‍ᠶᠢᠨ ᠳᠡᠳ᠋ ᠶᠡᠷᠦᠩᠬᠡᠶ ᠵᠢᠯᠣᠭᠤᠳᠣᠭᠴᠢ ᠵᠧᠤ ᠢᠦᠶ ᠯᠦᠩ‌ᠡᠴᠡ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠢᠴᠢᠭ‌ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠠᠮᠢᠶ᠎ᠠ‌‍ᠪᠥ᠋ᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠵᠧᠦ ᠢᠦᠢ ᠯᠦᠩ‌‍ᠴᠢᠬᠤᠯᠠᠴᠢᠯᠠᠬᠤ ᠳᠠᠭᠠᠨ᠂ ᠡᠯ᠎ᠡ‌ᠭᠠᠵᠠᠷ ᠡᠯ᠎ᠡ‌‍ᠰᠠᠯᠠᠭ᠎ᠠ ᠮᠥᠴᠢᠷ ᠤᠨ ᠬᠢᠨ ᠪᠦᠬᠦ ᠲᠠᠯ᠎ᠠ‌‍ᠶᠢᠨ ᠦᠨᠳᠦᠷᠴᠡ‌ᠡᠴᠠ᠂ ︽ᠬᠤᠤᠰ ᠵᠠᠭᠤᠨ ᠡᠳᠦᠷ︾ ‍ᠤᠨ‌‍ᠪᠣᠭᠤᠮᠲᠠ ᠰᠢᠪᠲᠤᠯᠬᠤ ᠠᠵᠢᠯᠯᠠᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ‌‍ᠴᠢᠨᠠᠷ ᠢ ᠭᠦᠢᠴᠡᠳ ᠲᠠᠨᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ‌‍ᠳᠦ᠋ᠩ ᠢᠶᠠᠷ ᠤᠳᠤᠷᠢᠳᠤᠮᠵᠢ ᠪᠣᠯᠭᠠᠬᠤ ᠵᠢ‌ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ‌‍ᠲ᠋ᠠᠢ‌ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠢ‌ᠠᠬᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠥᠮᠦᠨ ᠪᠦᠬᠦᠨ ᠳᠤ ᠬᠠᠷᠢᠭᠤᠴᠠᠯᠭ᠎ᠠ‌ᠡᠭᠦᠷᠭᠡᠯᠡᠭᠦᠯᠬᠦ ᠶᠢ ᠪᠠᠲᠤᠯᠠᠵᠤ᠂ ᠳᠣᠲᠠᠭᠳᠠᠯ ᠢ ᠨᠥᠬᠦᠪᠦᠷᠢᠯᠡᠨ᠂ ᠰᠠᠭᠤᠷᠢ ᠶᠢ  ᠪᠠᠬᠢᠵᠢᠭᠦᠯᠵᠦ᠂ ᠨᠥᠭᠡᠴᠡ ᠬᠦᠴᠦᠨ‌ᠢ ᠨᠡᠮᠡᠭᠳᠡᠭᠦᠯᠦᠨ᠂ ᠠᠯᠤᠰ ᠬᠡᠳᠤ ᠳᠤ ᠠᠰᠢᠭᠲᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号