ᠮᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ  ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/23
      11 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ  ᠬᠤᠷᠠᠯᠳᠤᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠳᠡᠳ᠋ ᠡᠷᠬᠢᠯᠡᠭᠴᠢ ᠤᠶᠤᠨᠭᠡᠷᠡᠯ᠂ ᠳᠠᠪᠰᠢᠯᠲᠤ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠤᠰᠢᠭᠤ ᠰᠢᠭᠤᠳ ᠬᠠᠷᠢᠶ᠎ᠠ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠢᠩᠭᠠᠨ ᠵᠢᠭᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠪᠣᠯ ᠠᠷᠠᠳ ᠲᠦᠮᠡᠨ ᠡᠵᠡᠨ ᠰᠠᠭᠤᠵᠤ ᠡᠷᠬᠡ‌ᠮᠡᠳᠡᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠢᠯᠡᠳᠲᠡ ᠳᠠᠪᠠᠭᠤᠯᠢᠭ ᠢ ᠢᠯᠡᠷᠡᠭᠦᠯᠬᠦ ᠴᠢᠬᠤᠯᠠ ᠦᠢᠯᠡᠳᠦᠯᠭᠡ ᠪᠣᠯᠤᠨ᠎ᠠ᠃ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠴᠢᠬᠤᠯᠠ ᠴᠢᠨᠠᠷ ᠢ ᠵᠥᠪ‌‍ᠢᠶ᠋ᠠᠷ ᠲᠠᠨᠢᠵᠤ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ  ᠵᠦᠢᠯ  ᠤᠨ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ‌‍ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠡᠯ᠎ᠡ‌‍ᠰᠣᠩᠭᠤᠭᠤᠯᠢ ᠶᠢᠨ ᠲᠣᠭᠤᠷᠢᠭ ᠤᠨ ᠭᠤᠤᠯ ᠬᠠᠷᠢᠭᠤᠴᠠᠯᠭᠠᠲᠠᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ‌‍ᠰᠣᠩᠭᠤᠭᠤᠯᠢ ᠶᠢᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠢ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠰᠣᠩᠭᠤᠭᠤᠯᠢ ᠶᠢᠨ ᠠᠷᠠᠳ ᠲᠤ ᠲᠥᠯᠥᠭᠡᠯᠡᠭᠴᠢ ᠪᠠᠷ ᠵᠢᠱᠢᠭᠳᠡᠭᠰᠡᠳ ᠤᠨ ᠦᠨᠡᠨ ᠪᠣᠳᠠᠲᠠᠢ ᠪᠠᠶᠢᠳᠠᠯ ᠢ ᠨᠡᠩ ᠪᠦᠬᠦ ᠲᠠᠯ᠎ᠠ ᠪᠠᠷ᠂ ᠭᠦᠢᠴᠡᠳ ᠲᠠᠨᠢᠭᠤᠯᠵᠤ ᠤᠢᠢᠯᠠᠭᠠᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ‌‍ᠶᠢ ᠪᠠᠷᠢᠮᠲᠠᠯᠠᠬᠤ᠂ ᠠᠷᠠᠳᠴᠢᠯᠠᠯ ᠢ ᠭᠦᠢᠴᠡᠳ ᠪᠠᠳᠠᠷᠠᠭᠤᠯᠬᠤ ᠪᠠ‌ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠰᠣᠩᠭᠤᠭᠤᠯᠢ ᠶᠢᠨ ᠠᠷᠠᠳ ᠤᠨ ᠡᠷᠬᠡ ᠶᠢ ᠪᠠᠲᠤᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠷᠤᠮ ᠤᠨ ᠲᠥᠪ ᠭᠤᠣᠯᠴᠢ ᠪᠠ ᠦᠷ᠎ᠡ ᠳ᠋ᠦᠩ ᠤᠨ ᠲᠥᠪ ᠭᠤᠣᠯᠴᠢ ᠪᠠᠶᠢᠬᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ︽ᠠᠷᠪᠠ  ᠶᠢ ᠴᠢᠩᠭ᠎ᠠ ᠴᠠᠭᠠᠵᠠᠯᠠᠬᠤ︾ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠰᠣᠩᠭᠤᠭᠤᠯᠢ ᠵᠢᠨ‌ᠵᠢᠷᠤᠮ ᠪᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ᠂ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号