ᠮᠠᠨ ᠤ ᠬᠤᠰᠢᠭᠤ ᠰᠣᠩᠭᠤᠭᠤᠯᠢ ᠶᠢᠨ ᠵᠥᠪᠯᠡᠯ ᠤᠨ ᠵᠢᠷᠭᠤᠳᠤᠭᠠᠷ ᠤᠳᠠᠭᠠᠨ ᠤ  ᠬᠤᠷᠠᠯᠳᠤᠭᠠᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/23
      11 ᠰᠠᠷ᠎ᠠ‌‍ᠶᠢᠨ 16 ᠤ ᠡᠳᠦᠷ᠂ ᠮᠠᠨ ᠤ ᠬᠤᠰᠢᠭᠤ ᠰᠣᠩᠭᠤᠭᠤᠯᠢ ᠶᠢᠨ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠳᠤ ᠰᠤᠯᠠ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠤᠶᠤᠨᠭᠡᠷᠡᠯ ᠬᠤᠷᠠᠯ ᠢ ᠡᠷᠭᠢᠯᠡᠵᠦ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳᠠᠪᠰᠢᠯᠲᠤ ᠪᠣᠯᠣᠨ ᠬᠤᠰᠢᠭᠤ ᠰᠣᠩᠭᠤᠭᠤᠯᠢ ᠶᠢᠨ ᠵᠥᠪᠯᠡᠯ ᠤᠨ ᠪᠥᠬᠦ ᠪᠦᠷᠢᠯᠳᠦᠬᠦᠨ ᠵᠢᠴᠢ ᠡᠯ᠎ᠡ‌‍ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ‌‍ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠰᠤᠮᠤ ᠪᠠᠯᠭᠠᠰᠤᠨ ᠤ ᠰᠣᠩᠭᠤᠭᠤᠯᠢ ᠶᠢᠨ ᠵᠥᠪᠯᠡᠯ ᠪᠠ‌ᠬᠤᠰᠢᠭᠤ ᠰᠢᠭᠤᠳ ᠬᠠᠷᠢᠶ᠎ᠠ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠳᠤᠭᠤᠶᠢᠯᠠᠩ ᠤᠨ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠡᠯ᠎ᠡ‌‍ᠱᠠᠲᠤᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠪᠢᠯᠧᠲ ᠥᠭᠬᠦ ᠰᠣᠩᠭᠤᠭᠤᠯᠢ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ ᠢ ᠰᠣᠨᠣᠰᠪᠠ᠃      ᠪᠠᠭᠠᠲᠤᠷ ᠴᠢᠬᠤᠯᠠᠴᠢᠯᠠᠬᠤ ᠳᠠᠭᠠᠨ᠂ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤᠨ ᠤ ᠰᠣᠩᠭᠤᠭᠤᠯᠢ ᠶᠢᠨ ᠵᠥᠪᠯᠡᠯ᠂ ᠬᠤᠰᠢᠭᠤ ᠰᠢᠭᠤᠳ ᠬᠠᠷᠢᠶ᠎ᠠ‌ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠳᠤᠭᠤᠶᠢᠯᠠᠩ‌ᠨᠢ ᠤᠯᠤᠰ ᠲᠥᠷᠥ ᠶᠢᠨ ᠵᠣᠭᠰᠣᠴᠠ  ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ‌‍ᠪᠠᠨ ᠴᠢᠩᠭᠠᠳᠬᠠᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠵᠤ᠂ ᠬᠠᠤᠯᠢ ᠶᠣᠰᠣᠭᠠᠷ ᠲᠥᠯᠥᠭᠡᠯᠡᠭᠴᠢ ᠶᠢᠨ ᠰᠣᠩᠭᠤᠭᠤᠯᠢ ᠶᠢᠨ ᠬᠠᠮᠢᠶ᠎ᠠ ᠪᠥᠬᠦᠶ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠶ᠃ ᠥᠷᠭᠡᠨ ᠳᠡᠯᠭᠡᠷ ᠤᠬᠠᠭᠤᠯᠤᠨ ᠲᠠᠶᠢᠴᠢᠯᠠᠵᠤ᠂ ᠰᠣᠩᠭᠤᠭᠤᠯᠢ ᠶᠢᠨ ᠠᠷᠠᠳ ᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠰᠣᠩᠭᠤᠭᠤᠯᠢ ᠶᠢᠨ ᠠᠷᠠᠳ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠣᠩᠭᠤᠭᠤᠯᠢ ᠳᠤ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ‌ᠢ ᠰᠡᠷᠭᠡᠶᠢᠯᠡᠬᠦ ᠵᠢᠯᠣᠭᠤᠳᠬᠤ ᠰᠢᠰᠲ᠋ᠧᠮ ᠢ ᠪᠣᠳᠠᠲᠠᠶᠢᠵᠢᠭᠤᠯᠬᠤ᠂ ᠬᠥᠮᠦᠰ ᠢ ᠪᠣᠳᠠᠲᠠᠶᠢᠵᠢᠭᠤᠯᠬᠤ᠂ ᠪᠡᠯᠡᠳᠬᠡᠯ ᠲᠥᠰᠦᠯ ᠢ ᠪᠣᠳᠠᠲᠠᠶᠢᠵᠢᠭᠤᠯᠬᠤ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ ᠠᠷᠠᠳ ᠢ ᠬᠦᠳᠦᠯᠥᠨ ᠳᠠᠭᠠᠭᠤᠯᠵᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠢᠯᠧᠲ ᠥᠭᠬᠦ ᠰᠣᠩᠭᠤᠭᠤᠯᠢ ᠶᠢᠨ ᠠᠵᠢᠯ ᠢ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号