ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2021 ᠣᠨ ᠤ ᠬᠤᠷᠢᠨ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/23
      11 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2021 ᠣᠨ ᠤ ᠬᠤᠷᠢᠨ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠨᠠᠮ ᠤᠨ ᠬᠤᠷᠢᠶᠠᠨ ᠤ  ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ  ᠤᠷᠤᠯᠴᠠᠵᠠᠢ᠃       ᠬᠢᠩᠭᠠᠨ ᠵᠢᠭᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠪᠥᠬᠦ ᠲᠠᠯ᠎ᠠ ᠶᠢᠨ ᠴᠢᠨᠠᠷᠲᠠᠶ᠂ ᠲᠡᠦᠬᠡᠲᠦ ᠴᠢᠨᠠᠷᠲᠠᠶ ᠴᠢᠬᠤᠯᠠ ᠬᠤᠷᠠᠯ ᠪᠣᠯᠤᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ ᠤᠯᠤᠰ ᠲᠥᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ  ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠵᠤ ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ‍ᠤᠨ‌ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠬᠢᠴᠠ ᠳᠤᠮᠳᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ ᠭᠡᠵᠡᠢ᠃       ᠬᠢᠩᠭᠠᠨ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠤᠨ ᠶᠡᠭᠡ ᠬᠤᠷᠠᠯ᠂ ᠣᠨᠣᠯ ᠤᠨ ᠭᠤᠤᠯᠯᠠᠬᠤ ᠳᠤᠭᠤᠶᠢᠯᠠᠩ ᠤᠨ ᠰᠤᠷᠤᠯᠴᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ‌‍ᠲ᠋ᠠᠢ ᠤᠬᠠᠮᠰᠠᠷ ᠠᠴᠠ ᠪᠠᠨ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ‌ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ‌ᠨᠢᠭᠲᠠᠷᠠᠭᠤᠯᠬᠤ ᠬᠡᠷᠡᠭᠲᠡᠶ᠃ ᠴᠠᠭ ᠲᠤᠬᠠᠢ ᠳᠤᠨᠢ ᠲᠥᠪ᠂ ᠥᠪᠡᠷᠲᠡᠭᠡᠨ ᠵᠠᠰᠠᠬᠤ ᠣᠷᠣᠨ ᠪᠠ‌ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠠᠭᠠᠵᠤ ᠂ ᠪᠣᠳᠠᠲᠠᠢ ᠲᠠᠢ ᠨᠢᠭᠲᠠ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠠᠪᠴᠠᠯ ᠢ ᠰᠤᠳᠤᠯᠤᠨ ᠲᠣᠭᠲᠠᠭᠠᠬᠤ ᠶᠢᠨ ᠬᠠᠮᠲᠤ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠪᠦᠬᠦ ᠬᠤᠰᠢᠭᠤᠨ ᠤ ᠡᠯ᠎ᠡ‌‍ᠲ᠋ᠥ᠋ᠷᠥᠯ ‍ᠤᠨ‌ᠠᠵᠢᠯ ᠢ ᠲᠦᠯᠬᠢᠨ ᠠᠬᠢᠭᠤᠯᠬᠤ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ‌‍ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠴᠢᠩᠭ᠎ᠠ ᠡᠵᠡᠮᠳᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠬᠤ ᠵᠢ‌ᠦᠨᠡᠨ ᠬᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠠ ᠪᠥᠬᠦ ᠶᠠᠪᠤᠴᠠ ᠳᠤ  ᠲᠤᠤᠱᠯᠠᠭᠤᠯᠬᠤ ᠬᠡᠷᠡᠭᠲᠡᠶ ᠭᠡᠵᠡᠢ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ‌‍ᠶ᠋ᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠨᠠᠷᠢᠨ ᠬᠢᠨᠠᠮᠠᠭᠠᠶ ᠰᠤᠷᠤᠯᠴᠠᠵᠤ᠂ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ‌ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠳᠤᠭᠠᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠵᠢᠨ‌ᠠᠯᠪᠠᠨ ᠲᠢᠩᠬᠢᠮ ᠤᠨ ︽ᠰᠢᠨ᠎ᠡ ᠬᠥᠭᠵᠢᠯᠲᠡ ᠶᠢᠨ ᠱᠠᠲᠤᠨ ᠤ ᠠᠵᠤ ᠠᠬᠤᠶ ᠶᠢᠨ ᠠᠵᠢᠯ ᠢ ᠬᠡᠷᠬᠢᠨ ᠬᠢᠬᠦ ᠪᠣᠶ︖ ᠰᠢ ᠶᠢᠨ ᠫᠢᠩ‌ᠨᠥ᠋ᠬᠦᠷ ᠤᠨ ᠾᠧᠪᠧᠢ᠂ ᠹᠦᠵᠢᠶᠠᠨ ᠳᠤ ᠬᠢᠭᠰᠡᠨ ᠠᠵᠤ ᠠᠬᠤᠶ ᠶᠢᠨ ᠠᠵᠢᠯ ᠤᠨ ᠦᠢᠯᠡᠳᠦᠯᠭᠡ ᠪᠣᠯᠤᠨ ᠰᠡᠩᠬᠡᠷᠡᠭᠦᠯᠦᠯ︾ ᠢ ᠬᠠᠮᠲᠤ ᠪᠠᠷ  ᠰᠤᠷᠤᠯᠴᠠᠵᠠᠢ᠃ ᠬᠤᠷᠠᠯ ᠠᠴᠠ ᠪᠠᠰᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠰᠠᠨᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ‌‍ᠴᠠᠭ ᠦᠶ᠎ᠡ‌‍ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号