11 ᠰᠠᠷ᠎ᠠ ᠶᠢᠨ 18 ᠤ ᠡᠳᠦᠷ ᠪᠣᠯ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠳᠦᠷ ᠪᠣᠯᠤᠨ᠎ᠠ᠃ ᠲᠤᠬᠠᠢ ᠶᠢᠨ ᠡᠳᠦᠷ ᠡᠯᠡᠰᠣᠩᠭᠤᠭᠤᠯᠢ ᠶᠢᠨ | ᠲᠣᠭᠤᠷᠢᠭ ᠤᠨ ᠬᠢᠨ ᠬᠢᠵᠢᠭᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ | ᠰᠣᠩᠭᠤᠭᠤᠯᠢ ᠶᠢᠨ ᠢᠷᠭᠡᠳ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ ᠰᠣᠩᠭᠤᠭᠤᠯᠢ ᠶᠠᠪᠤᠭᠤᠯᠤᠨ᠂ | ᠰᠤᠩᠭᠤᠭᠤᠯᠢ ᠶᠢᠨ ᠢᠷᠭᠡᠳ ᠠᠴᠠ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠰᠢᠨ᠎ᠡ ᠨᠢᠭᠡ ᠬᠤᠭᠤᠴᠠᠭᠠᠨ ᠤ | ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ ᠶᠢ ᠰᠣᠩᠭᠤᠨ ᠭᠠᠷᠭᠠᠬᠤ ᠳᠤ | ᠠᠷᠢᠭᠤᠨ ᠲᠠᠷᠬᠠᠨ ᠮᠦᠷᠲᠡᠭᠡᠨ ᠵᠠᠩᠭᠢᠯᠭ᠎ᠠ ᠶᠢᠨ ᠨᠢᠭᠡ ᠫᠢᠶᠤᠤ ᠪᠠᠨ ᠥᠭᠪᠡ᠃ | ᠵᠡᠭᠦᠨ ᠦᠵᠦᠮᠦᠴᠢᠨ ᠬᠤᠰᠢᠭᠤᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠨᠢ ᠲᠠᠨᠢᠯᠴᠠᠭᠤᠯᠬᠤ᠂ ᠪᠡᠯᠡᠳᠬᠡᠬᠦ᠂ ᠶᠠᠷᠢᠯᠴᠠᠬᠤ᠂ | ᠵᠥᠪᠳᠡᠯᠴᠡᠬᠦ ᠵᠡᠷᠭᠡ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠰᠢᠨ᠎ᠡ ᠨᠢᠭᠡ ᠬᠤᠭᠤᠴᠠᠭᠠᠨ ᠤ ᠬᠤᠰᠢᠭᠤ | ᠠᠷᠠᠳ ᠤᠨ ᠲᠦᠯᠦᠭᠡᠯᠡᠭᠴᠢ ᠶᠢᠨ ᠵᠢᠩᠬᠢᠨᠢ ᠵᠢᠱᠢᠭᠳᠡᠭᠴᠢ 269 ᠬᠥᠮᠦᠨ᠂ ᠰᠢᠨ᠎ᠡ ᠨᠢᠭᠡ ᠬᠤᠭᠤᠴᠠᠭᠠᠨ ᠤ ᠰᠤᠮᠤ | ᠪᠠᠯᠭᠠᠰᠤᠨ ᠤ ᠠᠷᠠᠳ ᠤᠨ ᠲᠦᠯᠦᠭᠡᠯᠡᠭᠴᠢ ᠶᠢᠨ ᠵᠢᠩᠬᠢᠨᠢ ᠵᠢᠱᠢᠭᠳᠡᠭᠴᠢ 830 ᠬᠥᠮᠦᠨ ᠢ ᠵᠦᠪᠳᠡᠯᠴᠡᠨ | ᠳᠣᠭᠲᠠᠭᠠᠪᠠ᠃ 11 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤ ᠨᠡᠶᠢᠲᠡ 9 ᠲᠠᠯᠠᠪᠠᠢ | ᠰᠤᠩᠭᠤᠭᠤᠯᠢ ᠶᠢᠨ ᠢᠷᠭᠡᠳ ᠤᠨ ᠬᠤᠷᠠᠯ ᠬᠤᠷᠠᠯᠳᠤᠵᠤ᠂ 62 ᠫᠢᠶᠤᠤ ᠥᠭᠬᠦ ᠥᠷᠲᠡᠭᠡ ᠳᠣᠬᠢᠷᠠᠭᠤᠯᠵᠤ᠂ 416 | ᠨᠡᠭᠦᠳᠡᠯ ᠫᠢᠶᠤᠤ ᠦᠭᠬᠦ ᠬᠠᠶᠢᠷᠴᠠᠭ ᠬᠡᠷᠡᠭᠯᠡᠵᠦ᠂ ᠵᠥᠷᠢᠶᠡᠲᠦ ᠲᠤᠭ᠎ᠠ ᠶᠢᠨ ᠰᠣᠩᠭᠤᠭᠤᠯᠢ ᠪᠠᠷ ᠳᠡᠮᠵᠢᠨ᠂ ᠰᠢᠨ᠎ᠡ | ᠨᠢᠭᠡ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢ 164 ᠬᠥᠮᠦᠨ᠂ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢ 510 ᠬᠥᠮᠦᠨ ᠢ ᠰᠣᠩᠭᠤᠨ ᠭᠠᠷᠭᠠᠨ᠎ᠠ᠃ ᠡᠭᠦᠨ ᠤ ᠬᠠᠮᠳᠤ᠂ ᠲᠦᠯᠦᠭᠡᠯᠡᠭᠴᠢᠳ ᠤᠨ ᠬᠢᠷᠢ ᠭᠡᠮ ᠢ | ᠬᠢᠨᠠᠨ ᠪᠠᠶᠢᠴᠠᠭᠠᠬᠤ ᠵᠦᠪᠯᠡᠯ ᠢᠶᠠᠷ ᠨᠤᠲᠠᠯᠠᠭᠤᠯᠤᠭᠰᠠᠨ ᠤ ᠳᠠᠷᠠᠭ᠎ᠠ ᠨᠡᠶᠢᠲᠡᠯᠡᠨ᠎ᠡ᠃ | ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠪᠠᠲᠤᠮᠥ᠋ᠩᠬᠡ ᠵᠡᠷᠭᠡ ᠬᠤᠰᠢᠭᠤ ᠤᠳᠤᠷᠢᠳᠤᠯᠭ᠎ᠠ ᠡᠩ ᠤᠨ ᠰᠣᠩᠭᠤᠭᠤᠯᠢ ᠶᠢᠨ ᠢᠷᠭᠡᠨ ᠤ ᠬᠤᠪᠢ ᠪᠠᠷ | ᠪᠠᠶᠢᠭ᠎ᠠ ᠰᠣᠩᠭᠤᠭᠤᠯᠢ ᠶᠢᠨ ᠲᠣᠭᠤᠷᠢᠭ ᠲᠤ ᠪᠠᠨ ᠬᠦᠷᠴᠦ ᠲᠥᠪ ᠬᠢᠴᠢᠶᠡᠩᠭᠦᠶ ᠪᠠᠷ ᠰᠠᠨᠠᠯ ᠢᠶᠠᠨ ᠥᠭᠴᠦ᠂ ᠪᠠᠶᠢᠭ᠎ᠠ | ᠰᠣᠩᠭᠤᠭᠤᠯᠢ ᠶᠢᠨ ᠲᠣᠭᠤᠷᠢᠭ ᠤᠨ ᠢᠶᠠᠨ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢ ᠶᠢ | ᠰᠤᠩᠭᠤᠵᠠᠢ᠃ | ᠲᠤᠬᠠᠢ ᠶᠢᠨ ᠡᠳᠦᠷ᠂ ᠡᠯ᠎ᠡ ᠰᠣᠩᠭᠤᠭᠤᠯᠢ ᠶᠢᠨ ᠲᠣᠭᠤᠷᠢᠭ ᠤᠨ ᠠᠬᠤᠢ ᠲᠠᠯᠠᠪᠠᠢ ᠠᠷᠠᠳᠴᠢᠯᠠᠯ ᠲᠠᠢ᠂ ᠡᠶ᠎ᠡ | ᠵᠣᠬᠢᠴᠠᠯᠲᠦ ᠠᠭᠤᠷ ᠠᠮᠢᠰᠬᠤᠯ ᠢᠶᠠᠷ ᠪᠢᠯᠬᠠᠵᠤ᠂ ᠠᠵᠢᠯᠲᠠᠳ ᠠᠴᠠ ᠰᠣᠩᠭᠤᠭᠤᠯᠢ ᠶᠢᠨ ᠶᠠᠪᠤᠴᠠ ᠶᠢ ᠨᠠᠷᠢᠨ | ᠬᠢᠨᠠᠮᠠᠭᠠᠢ ᠲᠠᠶᠢᠯᠪᠤᠷᠢᠯᠠᠨ᠂ ᠰᠣᠩᠭᠤᠭᠤᠯᠢ ᠶᠢᠨ ᠠᠷᠭ᠎ᠠ ᠶᠢ ᠪᠠᠲᠤᠯᠠᠵᠠᠢ᠃ ᠫᠢᠶᠣᠣ ᠬᠢᠨᠠᠭᠴᠢ ᠠᠴᠠ ᠲᠤᠬᠠᠢ ᠶᠢᠨ | ᠲᠠᠯᠠᠪᠠᠢ ᠳᠤ ᠫᠢᠶᠣᠣ ᠶᠢᠨ ᠬᠠᠶᠢᠷᠴᠠᠭ ᠢ ᠪᠠᠶᠢᠴᠠᠭᠠᠭᠰᠠᠨ ᠤ ᠲᠠᠷᠠᠭ᠎ᠠ᠂ ᠰᠣᠩᠭᠤᠭᠤᠯᠢ ᠶᠢᠨ ᠢᠷᠭᠡᠳ ᠤᠯᠤᠰ | ᠲᠦᠷᠦ ᠶᠢᠨ ᠣᠷᠭᠢᠯᠤᠮᠠᠬᠠᠯᠠᠭᠤᠨ ᠰᠡᠳᠬᠢᠯᠭᠡ ᠶᠢ ᠡᠪᠦᠷᠯᠡᠨ ᠰᠣᠩᠭᠤᠭᠤᠯᠢ ᠶᠢᠨ ᠫᠢᠶᠣᠣ ᠪᠠᠨ ᠠᠪᠴᠤ᠂ ᠨᠠᠷᠢᠨ | ᠬᠢᠨᠠᠮᠠᠭᠠᠢ ᠲᠠᠭᠯᠠᠨ ᠪᠢᠴᠢᠵᠦ᠂ ᠥᠪᠡᠷ ᠤᠨᠢᠲᠡᠭᠡᠵᠦ ᠨᠠᠶᠢᠳᠠᠭᠰᠠᠨ ᠠᠷᠠᠳ ᠤᠨ ᠲᠥᠯᠥᠭᠡᠯᠡᠭᠴᠢ ᠶᠢᠨ | ᠵᠢᠱᠢᠭᠳᠡᠭᠰᠡᠳ ᠢ ᠰᠤᠩᠭᠤᠯᠠ᠃ ᠫᠢᠶᠣᠣ ᠥᠭᠬᠦ ᠲᠤᠬᠠᠢ ᠶᠢᠨ ᠲᠠᠯᠠᠪᠤᠷ ᠲᠤ ᠪᠡᠶ᠎ᠡ ᠪᠠᠷ ᠢᠶᠠᠨ ᠣᠴᠢᠵᠤ ᠫᠢᠶᠣᠣ | ᠦᠭᠴᠦ ᠲᠡᠶᠢᠯᠬᠦ ᠦᠭᠡᠢ ᠴᠥᠭᠡᠨ ᠲᠣᠭᠠᠨ ᠤ ᠰᠣᠩᠭᠤᠭᠤᠯᠢ ᠶᠢᠨ ᠢᠷᠭᠡᠳ ᠫᠢᠶᠣᠣ ᠥᠭᠬᠦ ᠰᠣᠩᠭᠤᠭᠤᠯᠢ ᠶᠢᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠨᠠᠶᠢᠳᠠᠯᠭ᠎ᠠ ᠪᠠᠷ ᠫᠢᠶᠣᠣ ᠥᠭᠬᠦ ᠠᠷᠭ᠎ᠠᠮᠠᠶ᠋ᠢᠭ ᠢᠶᠠᠷ | ᠥᠪᠡᠷ ᠤᠨ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠪᠡ᠃ | |