ᠬᠤᠰᠢᠭᠤ ᠠᠷᠠᠳ ᠤᠨ ᠰᠢᠭᠦᠬᠦ ᠬᠤᠷᠢᠶ᠎ᠠ ᠬᠦᠢᠴᠡᠳᠬᠡᠬᠦ ᠰᠦᠢᠳᠬᠡᠯ ᠢ ᠲᠠᠷᠬᠠᠭᠠᠬᠤ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/11/24
     ᠨᠠᠮ ᠤᠨ ᠲᠥᠪ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠤᠬᠠᠶ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠣᠯᠠᠨ ᠲᠦᠮᠡᠨ ᠤ ᠬᠦᠴᠢᠷ ᠲᠥᠪᠡᠭᠲᠡᠢ ᠠᠰᠠᠭᠤᠳᠠᠯ ᠪᠠ ᠬᠦᠰᠡᠯ ᠡᠷᠡᠮᠡᠯᠵᠡᠯ  ᠢ ᠢᠳᠡᠪᠬᠢᠲᠡᠶ ᠰᠢᠢᠳᠪᠤᠷᠢᠯᠡᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ᠂  ᠬᠤᠰᠢᠭᠤ ᠠᠷᠠᠳ ᠤᠨ ᠰᠢᠭᠦᠬᠦ ᠬᠤᠷᠢᠶ᠎ᠠ ᠬᠦᠢᠴᠡᠳᠬᠡᠬᠦ ᠰᠦᠢᠳᠬᠡᠯ ᠢ ᠲᠦᠪᠯᠡᠷᠡᠭᠦᠯᠦᠨ ᠲᠠᠷᠬᠠᠭᠠᠬᠤ ᠡᠳᠦᠷ ᠤᠨ ᠠᠵᠢᠯᠯᠠᠭ᠎ᠠ ᠥᠷᠨᠢᠭᠦᠯᠪᠡ᠃  ᠬᠤᠰᠢᠭᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠭᠤᠤᠯ ᠤᠳᠤᠷᠢᠳᠤᠯᠭ᠎ᠠ᠂ ᠬᠠᠤᠯᠢᠴᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃      ᠲᠤᠬᠠᠶ ᠶᠢᠨ ᠡᠳᠦᠷ᠂ ᠠᠷᠠᠳ ᠤᠨ ᠠᠮᠢᠳᠤᠷᠠᠯ ᠤᠨ ᠲᠥᠷᠥᠯ ᠳᠤ ᠬᠤᠯᠪᠣᠭᠳᠠᠭᠰᠠᠨ 9 ᠬᠡᠷᠡᠭ ᠤᠨ ᠬᠦᠢᠴᠡᠳᠬᠡᠬᠦ ᠰᠦᠢᠳᠬᠡᠯ ᠢ ᠨᠡᠶᠢᠲᠡ 507715 ᠲᠥᠭᠦᠷᠢᠭ‌‍ᠲ᠋ᠦ᠋ᠪᠯᠡᠷᠡᠭᠦᠯᠦᠨ ᠣᠯᠭᠤᠪᠠ᠃      ᠲᠣᠰ ᠤᠳᠠᠭᠠᠨ ᠤ ᠬᠦᠢᠴᠡᠳᠬᠡᠬᠦ ᠰᠦᠢᠳᠬᠡᠯ ᠢ ᠲᠦᠪᠯᠡᠷᠡᠭᠦᠯᠦᠨ ᠲᠠᠷᠬᠠᠭᠠᠭᠰᠠᠨ ᠶᠠᠪᠤᠳᠠᠯ ᠨᠢ ᠬᠤᠰᠢᠭᠤ ᠠᠷᠠᠳ ᠤᠨ ᠰᠢᠭᠦᠬᠦ ᠬᠤᠷᠢᠶᠠᠨ ᠤ ᠣᠶᠢᠷ᠎ᠠ ᠳᠤ ᠥᠷᠨᠢᠭᠦᠯᠦᠭᠰᠡᠨ ︽ᠲᠠᠯ᠎ᠠ ᠨᠤᠲᠤᠭ ᠤᠨ ᠡᠷᠡᠯᠬᠡᠭ ᠪᠦᠷᠭᠦᠳ 2021︾ ᠶᠢᠨ ᠲᠥᠪᠯᠡᠷᠡᠭᠦᠯᠦᠨ ᠬᠦᠢᠴᠡᠳᠬᠡᠬᠦ ᠪᠣᠭᠤᠮᠲᠠ ᠰᠢᠪᠲᠤᠯᠬᠤ ᠠᠵᠢᠯᠯᠠᠭ᠎ᠠ‌‍ᠶᠢᠨ ᠦᠷ᠎ᠡ‌‍ᠪᠦ᠋ᠲᠦᠭᠡᠯ ᠢ ᠭᠦᠢᠴᠡᠳ ᠬᠠᠷᠠᠭᠤᠯᠤᠭᠰᠠᠨ ᠮᠦᠷᠲᠡᠭᠡᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ‌‍ᠶᠢᠨ ᠠᠷᠠᠳ ᠣᠯᠠᠨ ᠤ ᠬᠠᠤᠯᠢ ᠶᠣᠰᠣᠨ ᠤ ᠡᠷᠬᠡ‌ᠠᠰᠢᠭ ᠢ ᠡᠷᠡᠰ ᠬᠠᠮᠠᠭᠠᠯᠠᠭᠰᠠᠭᠠᠷ ᠪᠠᠶᠢᠭ᠎ᠠ‌ᠣᠭ ᠰᠠᠨᠠᠭ᠎ᠠ‌ᠡᠭᠦᠷᠭᠡ ᠬᠠᠷᠢᠭᠤᠴᠠᠯᠭ᠎ᠠ ᠵᠢ‌ᠢᠯᠡᠷᠡᠭᠦᠯᠪᠡ᠃ ᠡᠭᠦᠨ ᠤ ᠬᠠᠮᠲᠤ᠂ ᠲᠤᠰ ᠤᠳᠠᠭᠠᠨ ᠤ ᠠᠵᠢᠯᠯᠠᠭ᠎ᠠ‌ᠨᠢ ᠮᠥᠨ ᠴᠦ ᠨᠠᠮ ᠤᠨ ᠲᠥᠪ ᠬᠤᠷᠢᠶᠠᠨ ᠤ  ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠮᠠᠨ ᠤ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠵᠢ‌‍ᠲ᠋ᠡᠭᠡᠭᠰᠢᠯᠡᠭᠦᠯᠬᠦ᠂ ᠬᠠᠤᠯᠢ  ᠪᠠᠷ ᠵᠠᠰᠠᠬᠤ ᠵᠡᠭᠦᠨ ᠦᠵᠦᠮᠦᠴᠢᠨ᠂ ᠠᠮᠤᠷ ᠠᠮᠤᠭᠤᠯᠠᠩ ᠵᠡᠭᠦᠨ ᠦᠵᠦᠮᠦᠴᠢᠨ ᠤ ᠪᠠᠶᠢᠭᠤᠯᠤᠯᠲᠠ ᠶᠢ ᠠᠬᠢᠭᠤᠯᠬᠤ᠂ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠬᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠷᠠᠳ ᠤᠨ ᠰᠢᠭᠦᠬᠦ ᠬᠤᠷᠢᠶ᠎ᠠ ᠬᠦᠢᠴᠡᠳᠬᠡᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠦᠢᠴᠡᠳᠬᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢ ᠡᠷᠡᠰ ᠬᠠᠮᠠᠭᠠᠯᠠᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠵᠣᠯ  ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号