ᠵᠡᠭᠦᠨ ᠦᠵᠦᠮᠦᠴᠢᠨ ᠬᠤᠰᠢᠭᠤᠨ ᠤ 2021 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/11/24
      2021 — 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠬᠠᠶ ᠠᠵᠢᠯ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ 2021 — 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠬᠡᠷᠡᠭᠵᠢᠭᠦᠯᠬᠦ ᠲᠥᠰᠦᠯ︾ ︵ᠥᠪᠥᠷ ᠲᠠᠷᠢᠶᠠᠯᠠᠩ ᠮᠠᠯ ᠠᠵᠤ ᠠᠬᠤᠶ ᠮᠠᠰᠢᠨ ᠲᠠᠷᠬᠠᠭᠠᠭᠰᠠᠨ︹2021︺ 283 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠬᠡᠷᠡᠭᠵᠢᠭᠦᠯᠬᠦ ᠵᠠᠷᠴᠢᠮ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ︽ᠬᠥᠳᠡᠭᠡ ᠠᠵᠤ ᠠᠬᠤᠢ ᠶᠢᠨ  ᠮᠠᠰᠢᠨᠴᠢᠯᠠᠯᠲᠠ ᠪᠣᠯᠤᠨ ᠬᠥᠳᠡᠭᠡ ᠠᠵᠤ ᠠᠬᠤᠢ ᠶᠢᠨ ᠮᠠᠰᠢᠨ ᠲᠦᠭᠦᠭᠡᠷᠣᠮᠵᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠶᠢ ᠲᠦᠷᠭᠡᠳᠬᠡᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠦᠷᠦ ᠲᠠᠷᠬᠠᠭᠠᠭᠰᠠᠨ ︹2018︺ 42 ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠬᠡᠷᠡᠭᠲᠠᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠪᠠ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹2019︺12 ᠲᠣᠭᠠᠲᠤ︶ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠮᠠᠯᠴᠢᠳ ᠤᠨ ᠮᠠᠰᠢᠨᠴᠢᠯᠠᠭᠰᠠᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠵᠦ᠂ ᠦᠷ᠎ᠡ ᠪᠦᠳᠦᠮᠵᠢ ᠶᠢ ᠬᠠᠮᠤᠭ ᠶᠡᠭᠡ ᠳᠤ ᠬᠦᠷᠭᠡᠬᠦ ᠪᠠᠷ ᠭᠤᠣᠯ ᠱᠣᠭᠤᠮ ᠪᠣᠯᠭᠠᠵᠣ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯᠧᠮᠧᠨ᠋ᠲ ᠤᠨ ᠬᠡᠪ ᠤᠨ ᠡᠷᠬᠢᠯᠲᠡ ᠶᠢᠨ ᠬᠢᠵᠠᠭᠠᠷᠯᠠᠯ ᠢ ᠠᠷᠢᠯᠭᠠᠵᠤ᠂ ᠮᠠᠯ ᠠᠵᠤ ᠠᠬᠤᠶ ᠶᠢᠨ ᠮᠠᠰᠢᠨᠴᠢᠯᠠᠭᠰᠠᠨ ᠬᠥᠭᠵᠢᠯᠲᠡ ᠶᠢ ᠠᠬᠢᠭᠤᠯᠵᠣ᠂ ᠮᠠᠯᠴᠢᠨ ᠤᠨ ᠲᠡᠷᠢᠭᠦᠨ ᠤ ᠲᠣᠬᠢᠷᠠᠮᠵᠢᠲᠠᠢ ᠮᠠᠰᠢᠨ ᠲᠦᠬᠦᠭᠡᠷᠣᠮᠵᠢ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠵᠣ᠂ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠴᠢᠨᠠᠷ ᠰᠠᠶᠢᠲᠠᠶ ᠦᠨᠳᠣᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠥᠲᠥᠯᠦᠨ ᠵᠢᠯᠣᠭᠤᠳᠴᠤ᠂ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠠᠵᠣ ᠦᠢᠯᠡᠰ ᠤᠨ ᠬᠡᠯᠬᠢᠶᠡᠰᠣ ᠶᠢᠨ ᠣᠳᠣᠬᠢᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠮᠠᠯ ᠠᠵᠤ ᠠᠬᠤᠶ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠳᠠᠯᠪᠢᠬᠤ ᠬᠡᠷᠡᠭᠲᠠᠢ᠃      ᠬᠤᠶᠠᠷ᠂ ᠬᠡᠷᠡᠭᠵᠢᠭᠦᠯᠬᠦ ᠭᠤᠣᠯᠳᠠᠯᠭ᠎ᠠ      ︵ᠨᠢᠭᠡ︶ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠮᠠᠰᠢᠨ ᠲᠦᠬᠦᠭᠡᠷᠣᠮᠵᠢ ᠶᠢᠨ ᠬᠠᠩᠭᠠᠯᠭ᠎ᠠ ᠶᠢ ᠳᠣᠪᠣᠶᠢᠯᠭᠠᠬᠤ ᠬᠡᠷᠡᠭᠲᠠᠢ᠃ ᠦᠬᠡᠷ᠂ ᠬᠤᠨᠢ᠂ ᠡᠪᠡᠰᠦ ᠵᠡᠷᠭᠡ ᠴᠢᠬᠤᠯᠠ ᠮᠠᠯᠵᠢᠬᠤ ᠦᠢᠯᠡᠳᠪᠦᠷᠢᠯᠡᠯ ᠳᠤ ᠬᠡᠷᠡᠭᠰᠡᠬᠦ ᠮᠠᠰᠢᠨ ᠲᠦᠬᠦᠭᠡᠷᠣᠮᠵᠢ ᠶᠢ ᠤᠷᠢᠳᠠᠪᠠᠷ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠵᠤ᠂ ᠨᠥᠬᠦᠪᠥᠷᠢᠯᠡᠬᠦ ᠶᠣᠰᠣᠲᠠᠶ ᠶᠢ ᠨᠢ ᠪᠦᠬᠦᠨ ᠢ ᠨᠥᠬᠦᠪᠥᠷᠢᠯᠡᠬᠦ ᠬᠡᠷᠡᠭᠲᠡᠶ᠃ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠯ ᠲᠡᠵᠢᠭᠡᠪᠣᠷᠢ ᠶᠢᠨ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠢᠵᠢ ᠪᠦᠷᠢᠳᠣᠭ᠍ᠰᠡᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠳᠤ ᠨᠥᠬᠦᠪᠥᠷᠢ ᠦᠭᠬᠦ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠵᠤ᠂ ᠳᠡᠯᠭᠡᠷᠡᠭᠦᠯᠦᠨ ᠬᠡᠷᠡᠭᠯᠡᠬᠦ ᠠᠯᠬᠤᠴᠠ ᠪᠠᠨ ᠲᠦᠷᠭᠡᠳᠭᠡᠬᠦ ᠭᠡᠷᠡᠭᠲᠠᠢ᠃      ︵ᠬᠤᠶᠠᠷ︶ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠬᠡᠷᠡᠭᠯᠡᠬᠦ ᠶᠢ  ᠳᠣᠪᠣᠶᠢᠯᠭᠠᠨ ᠳᠡᠮᠵᠢᠬᠦ ᠬᠡᠷᠡᠭᠲᠡᠶ᠃ ᠲᠠᠷᠢᠶᠠᠯᠠᠩ ᠤᠨ ᠮᠠᠰᠢᠨ ᠳᠤ ᠲᠤᠰᠬᠠᠶ ᠬᠢᠨᠠᠨ ᠲᠣᠭᠲᠠᠭᠠᠯᠲᠠ ᠬᠢᠬᠦ ᠶᠢ ᠶᠡᠬᠡᠪᠡᠷ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠨᠥᠬᠦᠪᠥᠷᠢ ᠤᠯᠬᠤ ᠬᠢᠷᠢ ᠬᠡᠮ ᠳᠤ ᠬᠦᠷᠬᠦ ᠠᠯᠬᠤᠴᠠ ᠶᠢ ᠲᠦᠷᠭᠡᠳᠭᠡᠵᠣ᠂ ᠨᠥᠬᠦᠪᠥᠷᠢ ᠦᠭᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃      ︵ᠭᠤᠷᠪᠠ︶ ᠥᠨᠳᠥᠷ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠳᠣᠪᠣᠶᠢᠯᠭᠠᠬᠤ ᠭᠡᠷᠡᠭᠲᠠᠢ᠃ ᠡᠨᠧᠷᠭᠢ ᠠᠷᠪᠢᠯᠠᠵᠤ ᠣᠷᠴᠢᠨ  ᠲᠣᠭᠤᠷᠢᠨ ᠢ ᠬᠠᠮᠠᠭᠠᠯᠠᠬᠤ᠂ ᠨᠠᠷᠢᠯᠢᠭ ᠣᠨᠣᠪᠴᠢᠳᠠᠢ ᠦᠷ᠎ᠡ ᠪᠦᠳᠦᠮᠵᠢ ᠦᠨᠳᠦᠷ᠂ ᠲᠤᠮᠤ ᠬᠡᠯᠪᠡᠷᠢ ᠶᠢᠨ ᠣᠯᠠᠨ ᠬᠡᠷᠡᠭᠴᠡᠭᠡᠳᠦ ᠲᠠᠷᠢᠶᠠᠯᠠᠩ ᠤᠨ ᠮᠠᠰᠢᠨ ᠤ ᠮᠡᠷᠭᠡᠵᠢᠯ ᠢ ᠳᠡᠯᠭᠡᠷᠡᠬᠦᠯᠬᠦ ᠶᠢ ᠲᠦᠷᠬᠡᠳᠬᠡᠬᠦ ᠭᠡᠷᠡᠭᠲᠠᠢ᠃ ᠮᠠᠨ ᠤ ᠣᠷᠣᠨ ᠤ ᠬᠠᠳᠠᠭᠠᠯᠠᠯᠲᠠ ᠶᠢᠨ ᠬᠡᠮᠵᠢᠶ᠎ᠡ ᠨᠢ ᠬᠡᠲᠦ ᠠᠷᠪᠢᠨ᠂ ᠮᠡᠷᠭᠡᠵᠢᠯ ᠨᠢ ᠬᠠᠷᠢᠴᠠᠩᠭᠤᠶ ᠬᠤᠴᠣᠷᠤᠩᠭᠤᠶ ᠬᠦᠷᠳᠦᠲᠦ ᠲᠷᠠᠺᠲ᠋ᠣᠷ ᠵᠡᠷᠭᠡ ᠮᠠᠰᠢᠨ ᠲᠦᠬᠦᠭᠡᠷᠣᠮᠵᠢ ᠶᠢᠨ ᠲᠥᠷᠥᠯ ᠵᠦᠢᠯ ᠤᠨ ᠨᠥᠬᠦᠪᠥᠷᠢ ᠶᠢᠨ ᠬᠡᠮᠵᠢᠶ᠎ᠡ ᠶᠢ ᠠᠯᠭᠤᠷ ᠢᠶᠠᠷ ᠪᠠᠭᠤᠷᠠᠭᠤᠯᠵᠤ᠂ ᠬᠡᠰᠡᠭ ᠥᠷᠲᠡᠭ ᠲᠣᠣᠷ᠎ᠠ ᠮᠠᠰᠢᠨ ᠲᠦᠬᠦᠭᠡᠷᠣᠮᠵᠢ  ᠶᠢᠨ ᠨᠥᠬᠦᠪᠥᠷᠢ ᠶᠢ ᠬᠠᠰᠣᠬᠤ ᠬᠡᠷᠡᠭᠲᠠᠢ᠃      ︵ᠳᠥᠷᠪᠡ︶ ᠬᠢᠨᠠᠯᠲᠠ ᠲᠠᠯᠪᠢᠵᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠲᠣᠪᠣᠶᠢᠯᠭᠠᠬᠤ ᠬᠡᠷᠡᠭᠲᠠᠢ ᠃ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠷ ᠤᠲᠠᠰᠤᠨ ᠤ App ᠶᠢᠨ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠂ ᠨᠢᠭᠤᠷ ᠵᠢᠰᠣᠯᠠᠬᠤ ᠮᠡᠷᠭᠡᠵᠢᠯ᠂ ᠨᠥᠬᠦᠪᠥᠷᠢ ᠦᠭᠬᠦ ᠮᠠᠰᠢᠨ ᠢ ᠮᠡᠷᠭᠡᠨ ᠴᠣᠬᠤᠷ ᠢᠶᠠᠷ ᠬᠠᠮᠢᠶᠠᠷᠬᠤ ᠪᠠ ᠰᠦᠯᠵᠢᠶ᠎ᠡ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠨᠥᠬᠦᠪᠥᠷᠢ ᠦᠭᠬᠦ ᠪᠥᠬᠦ ᠶᠠᠪᠣᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠲᠦᠯᠬᠢᠨ ᠠᠬᠢᠭᠤᠯᠬᠤ ᠬᠡᠷᠡᠭᠲᠠᠢ᠃ ᠨᠥᠬᠦᠪᠥᠷᠢ ᠮᠦᠩᠭᠦ ᠶᠢ ᠲᠠᠷᠬᠠᠭᠠᠬᠤ ᠠᠵᠢᠯ ᠢ ᠲᠦᠷᠭᠡᠳᠬᠡᠵᠦ᠂ ᠮᠠᠯᠴᠢᠳ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠤᠳᠠᠯᠳᠤᠭ᠎ᠠ ᠡᠷᠭᠢᠯᠡᠬᠦ ᠣᠬᠢ ᠰᠠᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠠᠢ᠃ ᠭᠦᠢᠴᠡᠳᠬᠡᠬᠦ  ᠠᠯᠬᠤᠮ ᠳᠠᠷᠠᠭ᠎ᠠ ᠶᠢ ᠰᠢᠯᠢᠳᠡᠭᠵᠢᠭᠦᠯᠵᠦ᠂ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠬᠤ ᠬᠡᠷᠡᠭᠲᠠᠢ᠃ ᠲᠤᠰᠬᠠᠶ ᠪᠠᠶᠢᠭᠤᠯᠤᠮᠵᠢ ᠶᠢᠨ ᠮᠡᠷᠭᠡᠵᠢᠯ ᠤᠨ ᠳᠠᠪᠠᠭᠤᠯᠢᠭ ᠪᠠ ᠳ᠋ᠠᠶᠢᠲ᠋ᠠ ᠬᠦᠮᠦᠷᠭᠡ ᠶᠢᠨ ᠮᠡᠳᠡᠭᠡ ᠵᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠬᠦ ᠪᠠ ᠬᠢᠨᠠᠨ ᠡᠵᠡᠮᠳᠡᠬᠦ ᠴᠢᠳᠠᠪᠤᠷᠢ ᠶᠢ ᠳᠡᠭᠡᠭᠰᠢᠯᠡᠬᠦᠯᠬᠦ ᠭᠡᠷᠡᠭᠲᠠᠢ᠃ ᠨᠥᠬᠦᠪᠥᠷᠢ ᠮᠦᠩᠭᠦ ᠶᠢ ᠮᠡᠭᠡᠯᠡᠭᠰᠡᠨ ᠠᠵᠤ ᠠᠬᠤᠶᠢᠯᠠᠯ ᠢ  ᠬᠠᠣᠯᠢ ᠶᠣᠰᠣ ᠪᠠᠷ ᠳᠣᠷᠭᠠᠵᠣ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦ ᠭᠡᠷᠡᠭᠲᠠᠢ᠃      ᠭᠤᠷᠪᠠ᠂ ᠨᠥᠬᠦᠪᠥᠷᠢ ᠦᠭᠬᠦ ᠬᠦᠷᠢᠶ᠎ᠡ ᠬᠡᠪᠴᠢᠶ᠎ᠡ ᠪᠠ ᠨᠥᠬᠦᠪᠥᠷᠢ ᠦᠭᠬᠦ ᠮᠠᠰᠢᠨ ᠲᠦᠬᠦᠭᠡᠷᠣᠮᠵᠢ      ︵ᠨᠢᠭᠡ︶ ᠨᠥᠬᠦᠪᠥᠷᠢ ᠦᠭᠬᠦ ᠬᠦᠷᠢᠶ᠎ᠡ ᠬᠡᠪᠴᠢᠶ᠎ᠡ᠃ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠮᠠᠰᠢᠨ ᠲᠦᠬᠦᠭᠡᠷᠣᠮᠵᠢ ᠶᠢᠨ ᠲᠥᠷᠥᠯ ᠵᠦᠢᠯ ᠳᠤ 12 ᠶᠡᠭᠡ ᠲᠥᠷᠥᠯ 27 ᠪᠠᠭ᠎ᠠ ᠲᠥᠷᠥᠯ ᠤᠨ 69 ᠲᠥᠷᠥᠯ ᠪᠠᠭᠳᠠᠵᠣ᠂ ᠮᠠᠯᠵᠢᠬᠤ ᠬᠤᠰᠢᠭᠤ ᠰᠢᠶᠠᠨ ᠪᠣᠯᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠮᠠᠰᠢᠨ ᠲᠦᠬᠦᠭᠡᠷᠣᠮᠵᠢ ᠨᠢ 19 ᠲᠥᠷᠥᠯ ᠵᠦᠢᠯ ︵ᠳᠠᠭᠠᠯᠳᠤᠭᠤᠯᠤᠯ 1︶ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ ᠨᠢ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠮᠠᠰᠢᠨ ᠬᠤᠳᠠᠯᠳᠤᠨ ᠠᠪᠬᠤ ᠳᠤ ᠨᠡᠮᠡᠵᠣ ᠨᠥᠬᠦᠪᠥᠷᠢ ᠦᠭᠬᠦ ᠪᠠ ᠲᠤᠰᠠᠭᠠᠷ ᠨᠥᠬᠦᠪᠥᠷᠢ ᠦᠭᠬᠦ ᠬᠤᠶᠠᠷ ᠵᠦᠢᠯ ᠪᠠᠭᠳᠠᠵᠣ᠂ ᠲᠤᠰᠠᠭᠠᠷ ᠨᠥᠬᠦᠪᠥᠷᠢ ᠦᠭᠬᠦ ᠮᠠᠰᠢᠨ ᠲᠦᠬᠦᠭᠡᠷᠣᠮᠵᠢ ᠨᠢ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠨᠥᠬᠦᠪᠥᠷᠢ ᠶᠢᠨ ᠬᠡᠪᠴᠢᠶᠡᠨ ᠳᠤ ᠪᠠᠭᠳᠠᠬᠤ ᠦᠭᠡᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠨᠴᠠᠯᠢᠭ ᠲᠤ ᠲᠣᠬᠢᠷᠠᠭᠰᠠᠨ ᠮᠠᠯᠵᠢᠬᠤ ᠦᠢᠯᠡᠳᠪᠦᠷᠢᠯᠡᠯ ᠤᠨ ᠮᠠᠰᠢᠨ ᠲᠦᠬᠦᠭᠡᠷᠣᠮᠵᠢ ᠪᠠᠶᠢᠵᠣ᠂ ᠳᠡᠭᠡᠷ᠎ᠡ ᠵᠢᠯ ᠤᠨ ᠳᠤᠮᠳᠠᠴᠢ ᠪᠣᠷᠣᠯᠠᠭᠤᠯᠤᠯᠲᠠ ᠶᠢᠨ ᠦᠨ᠎ᠡ ᠶᠢᠨ 30% ᠠᠴᠠ ᠳᠠᠪᠠᠭᠤᠯᠬᠤ ᠥᠬᠡᠶ᠂ ᠲᠣᠭᠲᠠᠭᠰᠠᠨ ᠨᠣᠷᠮ᠎ᠠ ᠪᠠᠷ ᠨᠥᠬᠦᠪᠥᠷᠢ ᠥᠭᠬᠦ ᠶᠢ ᠬᠡᠷᠡᠭᠵᠢᠭᠦᠯᠦᠨ᠂ ᠲᠤᠰᠬᠠᠶ ᠬᠢᠨᠠᠨ ᠲᠣᠭᠲᠠᠭᠠᠬᠤ ᠦᠢᠯᠡᠳᠬᠦᠨ ᠤ ᠨᠥᠬᠦᠪᠥᠷᠢ ᠶᠢᠨ ᠬᠡᠪᠴᠢᠶ᠎ᠡ ᠶᠢ ᠳᠠᠬᠢᠨ ᠮᠡᠳᠡᠭᠳᠡᠨ᠎ᠡ᠃      ︵ᠬᠤᠶᠠᠷ︶ ᠨᠥᠬᠦᠪᠥᠷᠢ ᠦᠭᠬᠦ ᠮᠠᠰᠢᠨ ᠲᠦᠬᠦᠭᠡᠷᠣᠮᠵᠢ᠃ ᠨᠥᠬᠦᠪᠥᠷᠢ ᠦᠭᠬᠦ ᠮᠠᠰᠢᠨ ᠲᠦᠬᠦᠭᠡᠷᠣᠮᠵᠢ ᠨᠢ ᠡᠷᠬᠡᠪᠰᠢ ᠨᠥᠬᠦᠪᠥᠷᠢ ᠦᠭᠬᠦ ᠬᠡᠪᠴᠢᠶᠡᠨ ᠳᠠᠬᠢ ᠦᠢᠯᠡᠳᠬᠦᠨ ︵ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠢ  ᠪᠠᠭᠳᠠᠭᠠᠬᠤ ᠦᠭᠡᠢ︶ ᠪᠠᠶᠢᠬᠤ ᠬᠡᠷᠡᠭᠲᠡᠶ ᠮᠦᠷᠳᠡᠭᠡᠨ ᠳᠣᠣᠷᠠᠬᠢ ᠨᠦᠬᠦᠴᠡᠯ ᠤᠨ ᠨᠢᠭᠡ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      1. ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠰᠢᠯᠭᠠᠨ ᠲᠣᠭᠲᠠᠭᠠᠭᠰᠠᠨ ᠦᠨᠡᠮᠯᠡᠯ ︵ᠬᠦᠴᠦᠨ ᠪᠦᠬᠦᠢ ᠬᠤᠭᠤᠴᠠᠭ᠎ᠠ ᠲᠠᠢ ᠲᠠᠷᠢᠶᠠᠯᠠᠩ ᠤᠨ ᠮᠠᠰᠢᠨ ᠳᠡᠯᠭᠡᠷᠡᠭᠦᠯᠬᠦ ᠰᠢᠯᠭᠠᠨ ᠲᠣᠭᠲᠠᠭᠠᠭᠰᠠᠨ ᠦᠨᠡᠮᠯᠡᠯ ᠪᠠᠭᠲᠠᠨ᠎ᠠ︶ ᠣᠯᠤᠭᠰᠠᠨ︔      2. ᠲᠠᠷᠢᠶᠠᠯᠠᠩ ᠤᠨ ᠮᠠᠰᠢᠨ ᠤ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠢᠶᠠᠷ ᠭᠡᠷᠡᠴᠢᠯᠡᠨ  ᠳᠣᠭᠳᠠᠭᠠᠭᠰᠠᠨ ᠦᠨᠡᠮᠯᠡᠯ ᠣᠯᠤᠭᠰᠠᠨ︔      3. ᠲᠠᠷᠢᠶᠠᠯᠠᠩ ᠤᠨ ᠮᠠᠰᠢᠨ ᠤ ᠰᠠᠶᠢᠨ ᠳᠤᠷ᠎ᠠ ᠶᠢᠨ ᠭᠡᠷᠡᠴᠢᠯᠡᠯ ᠤᠨ ᠲᠤᠷᠰᠢᠯᠲᠠ ᠶᠢᠨ ᠬᠡᠪᠴᠢᠶᠡᠨ ᠳᠤ ᠣᠷᠣᠭᠤᠯᠵᠣ᠂ ᠲᠠᠷᠢᠶᠠᠯᠠᠩ ᠤᠨ ᠮᠠᠰᠢᠨ ᠤ ᠰᠠᠶᠢᠨ ᠳᠤᠷ᠎ᠠ ᠶᠢᠨ ᠦᠢᠯᠡᠳᠬᠦᠨ ᠤ ᠭᠡᠷᠡᠴᠢᠯᠡᠯ ᠤᠨ ᠦᠨᠡᠮᠯᠡᠯ ᠣᠯᠤᠭᠰᠠᠨ︔      4. ᠨᠥᠬᠦᠪᠥᠷᠢ ᠦᠭᠬᠦ ᠮᠠᠰᠢᠨ ᠨᠢ ᠡᠷᠬᠡᠪᠰᠢ ᠦᠢᠯᠡᠳᠪᠦᠷᠢᠯᠡᠭᠰᠡᠨ ᠠᠵᠤ ᠠᠬᠤᠶᠢᠯᠠᠯ᠂ ᠦᠢᠯᠡᠳᠬᠦᠨ ᠤ ᠨᠡᠷᠡᠶᠢᠳᠦᠯ ᠪᠠ ᠦᠢᠯᠡᠳᠬᠦᠨ ᠤ ᠳ᠋ᠣᠭᠠᠷ᠂ ᠦᠢᠯᠡᠳᠪᠦᠷᠢᠯᠡᠭᠰᠡᠨ ᠳ᠋ᠤᠭᠠᠷ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠂ ᠭᠦᠢᠴᠡᠳᠬᠡᠬᠦ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠬᠠᠳᠠᠭᠰᠠᠨ ᠪᠠᠶᠢᠬᠤ ᠬᠡᠷᠡᠭᠲᠡᠶ᠃      ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠢ ᠨᠥᠬᠦᠪᠥᠷᠢ ᠦᠭᠬᠦ ᠬᠡᠪᠴᠢᠶᠡᠨ ᠳᠤ ᠣᠷᠣᠭᠤᠯᠬᠤ ᠶᠢ ᠶᠡᠬᠡᠪᠡᠷ ᠳᠡᠮᠵᠢᠬᠦ ᠬᠡᠷᠡᠭᠲᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠠᠷᠢᠶᠠᠯᠠᠩ ᠤᠨ ᠮᠠᠰᠢᠨ ᠤ ᠲᠤᠷᠰᠢᠯᠲᠠ  ᠶᠢᠨ ᠬᠢᠨᠠᠨ ᠲᠣᠭᠲᠠᠭᠠᠬᠤ ᠠᠷᠭ᠎ᠠ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠲᠤᠰᠬᠠᠶ ᠬᠢᠨᠠᠨ ᠲᠣᠭᠲᠠᠭᠠᠯᠲᠠ ᠶᠢ ᠢᠳᠡᠪᠬᠢᠲᠡᠶ ᠥᠷᠨᠢᠭᠦᠯᠦᠨ᠂ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠨᠡᠮᠯᠡᠯ ᠤᠯᠬᠤ ᠠᠯᠬᠤᠴᠠ ᠶᠢ ᠲᠦᠷᠭᠡᠳᠬᠡᠬᠦ ᠶᠢᠨ ᠬᠠᠮᠲᠤ ᠲᠣᠭᠲᠠᠭᠠᠯ ᠶᠣᠰᠣᠭᠠᠷ ᠨᠥᠬᠦᠪᠥᠷᠢ ᠦᠭᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃      ᠲᠦᠷᠪᠡ᠂ ᠨᠥᠬᠦᠪᠥᠷᠢ ᠦᠭᠬᠦ ᠨᠢᠭᠤᠷᠯᠠᠯ ᠪᠠ ᠨᠥᠬᠦᠪᠥᠷᠢ ᠦᠭᠬᠦ ᠪᠠᠷᠢᠮᠵᠢᠶ᠎ᠠ      ︵ᠨᠢᠭᠡ︶ ᠨᠥᠬᠦᠪᠥᠷᠢ ᠦᠭᠬᠦ ᠨᠢᠭᠤᠷᠯᠠᠯ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠣᠯᠭᠤᠬᠤ ᠨᠢᠭᠤᠷᠯᠠᠯ ᠳᠤ ᠮᠠᠨ ᠤ ᠬᠤᠰᠢᠭᠤᠨ ᠤ ᠬᠢᠯᠢ ᠳᠣᠲᠣᠷᠠᠬᠢ ᠮᠠᠯᠵᠢᠬᠤ ᠦᠢᠯᠡᠳᠪᠦᠷᠢᠯᠡᠯ ᠡᠷᠭᠢᠯᠡᠵᠦ ᠪᠠᠶᠢᠭ᠎ᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠪᠠᠭᠳᠠᠨ᠎ᠠ᠃ ᠡᠭᠦᠨ ᠳᠤ ᠮᠠᠯᠵᠢᠬᠤ ᠦᠢᠯᠡᠳᠪᠦᠷᠢᠯᠡᠯ ᠡᠷᠬᠢᠯᠡᠵᠣ ᠪᠠᠶᠢᠭ᠎ᠠ ᠵᠣᠬᠢᠶᠠᠨ ᠪᠠᠶᠢᠭᠤᠯᠤᠯᠲᠠ ᠳᠤ ︵ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠪᠠᠭᠲᠠᠭᠠᠨ᠎ᠠ᠂ ᠳᠣᠷᠣᠭᠰᠢ ᠠᠳᠠᠯᠢ︶  ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠮᠠᠯᠴᠢᠳ ᠤᠨ ᠲᠤᠰᠬᠠᠶ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠮᠠᠯᠵᠢᠬᠤ ᠦᠢᠯᠡᠳᠪᠦᠷᠢᠯᠡᠯ ᠤᠨ ᠠᠵᠤ ᠠᠬᠤᠶᠢᠯᠠᠯ  ᠪᠠ ᠮᠠᠯᠵᠢᠬᠤ ᠦᠢᠯᠡᠳᠪᠦᠷᠢᠯᠡᠯ ᠡᠷᠬᠢᠯᠡᠵᠤ ᠪᠠᠶᠢᠭ᠎ᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠭᠲᠠᠨ᠎ᠠ᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ᠵᠥᠪᠬᠡᠨ ᠮᠠᠨ ᠤ ᠬᠤᠰᠢᠭᠤᠨ ᠤ ᠮᠠᠯᠴᠢᠳ ᠪᠠ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠣᠯᠭᠤᠨ᠎ᠠ᠃ ᠮᠠᠯᠴᠢᠳ ᠪᠣᠯᠤᠨ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢ ᠨᠤᠲᠤᠭ ᠪᠡᠯᠴᠢᠭᠡᠷ ᠲᠠᠭᠠᠭᠠᠴᠢᠯᠠᠨ ᠡᠵᠡᠩᠨᠡᠬᠦ ᠦᠨᠡᠮᠯᠡᠯ ᠢᠶᠠᠷ ᠦᠨᠳᠦᠰᠦᠯᠡᠯ ᠪᠣᠯᠭᠠᠨ᠎ᠠ᠃ ᠨᠥᠬᠦᠪᠥᠷᠢ ᠣᠯᠭᠤᠬᠤ ᠨᠢᠭᠤᠷᠯᠠᠯ ᠳᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠠᠴᠠ ᠴᠠᠯᠢᠩ ᠬᠦᠷᠳᠡᠵᠣ ᠪᠠᠶᠢᠭ᠎ᠠ ᠬᠥᠮᠦᠰ ᠢ ᠪᠠᠭᠲᠠᠭᠠᠬᠤ ᠥᠬᠡᠶ᠂ ᠲᠤᠬᠠᠶᠢᠯᠠᠪᠠᠯ ᠤᠯᠤᠰ ᠤᠨ  ᠠᠯᠪᠠᠲᠠᠨ᠂ ᠣᠯᠣᠰ ᠤᠨ ᠠᠯᠪᠠᠳᠠᠨ ᠪᠠᠷ ᠯᠠᠪᠯᠠᠯᠲᠠ ᠪᠣᠯᠭᠠᠭᠰᠠᠨ ᠠᠵᠣ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠠᠵᠣ ᠠᠬᠤᠶᠢᠯᠡᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ︵ᠤᠷᠢᠵᠤ ᠬᠡᠷᠡᠭᠯᠡᠵᠣ ᠪᠠᠶᠢᠭ᠎ᠠ ᠠᠵᠢᠯᠲᠠᠨ ᠢ ᠪᠠᠭᠲᠠᠭᠠᠨ᠎ᠠ︶ ᠨᠥᠬᠦᠪᠥᠷᠢ ᠣᠯᠭᠤᠬᠤ ᠨᠢᠭᠤᠷᠯᠠᠯ ᠳᠤ ᠪᠠᠭᠳᠠᠬᠤ ᠥᠬᠡᠶ᠃      ︵ᠬᠤᠶᠠᠷ︶ ᠨᠥᠬᠦᠪᠥᠷᠢ ᠦᠭᠬᠦ ᠮᠠᠰᠢᠨ ᠤ ᠲᠤᠭ᠎ᠠ᠃ ᠮᠠᠰᠢᠨ ᠬᠤᠳᠠᠯᠳᠤᠨ ᠠᠪᠤᠭᠴᠢ ᠶᠢᠨ ᠣᠨ ᠤ ᠨᠥᠬᠦᠪᠥᠷᠢ ᠭᠥᠷᠳᠡᠬᠦ ᠮᠠᠰᠢᠨ ᠤ ᠲᠤᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠬᠦᠯᠵᠣ᠂ ᠡᠭᠦᠨ ᠳᠤ᠄ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠨᠥᠬᠦᠪᠥᠷᠢ ᠭᠥᠷᠳᠡᠬᠦ ᠪᠠᠯᠠ ᠮᠥᠩᠭᠦ ᠨᠢ 100 ᠲᠦᠮᠡᠨ ᠲᠥᠭᠦᠷᠢᠭ ᠠᠴᠠ  ᠳᠠᠪᠠᠵᠣ᠂ ᠬᠤᠪᠢ ᠶᠢᠨ ᠡᠵᠡᠩᠨᠡᠯᠲᠡ ᠶᠢᠨ ᠮᠠᠯᠴᠢᠳ ᠤᠨ ᠣᠨ ᠤ ᠨᠥᠬᠦᠪᠥᠷᠢ ᠭᠥᠷᠳᠡᠬᠦ ᠪᠠᠯᠠ ᠮᠥᠩᠭᠦ ᠨᠢ 40 ᠲᠦᠮᠡᠨ ᠲᠥᠭᠦᠷᠢᠭ ᠠᠴᠠ ᠳᠠᠪᠠᠪᠠᠯ᠂ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠶᠢᠨ ᠬᠠᠮᠲᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠭᠤᠤᠯᠳᠠᠯᠭ᠎ᠠ ᠲᠠᠢ ᠮᠠᠰᠢᠨ ᠲᠦᠬᠦᠭᠡᠷᠣᠮᠵᠢ ᠶᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠭᠡᠷᠡᠭᠲᠠᠢ᠃      2021 ᠣᠨ ᠳᠤ᠂ ᠮᠠᠨ ᠤ ᠬᠤᠰᠢᠭᠤ ᠨᠥᠬᠦᠪᠥᠷᠢ ᠮᠥᠩᠭᠦ ᠶᠢᠨ ᠬᠡᠪᠴᠢᠶ᠎ᠡ ᠪᠠ ᠮᠠᠯᠵᠢᠬᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠮᠠᠰᠢᠨ ᠬᠤᠳᠠᠯᠳᠤᠨ ᠠᠪᠤᠭᠴᠢ ᠵᠢᠯ ᠳᠤ 1 ᠲᠷᠠᠺᠲ᠋ᠣᠷ᠂ 2 ᠡᠪᠡᠰᠦ ᠬᠠᠳᠤᠬᠤ ᠮᠠᠰᠢᠨ ︵1.8 — 4mᠬᠡᠯᠪᠡᠷᠢ ᠶᠢᠨ ᠡᠪᠡᠰᠦ ᠬᠠᠳᠤᠬᠤ ᠮᠠᠰᠢᠨ︶ ᠪᠤᠶᠤ 1 ᠲᠷᠠᠺᠲ᠋ᠣᠷ ᠪᠠ 1 ᠡᠪᠡᠰᠦ ᠬᠠᠳᠤᠬᠤ ᠮᠠᠰᠢᠨ ︵4m ᠵᠢᠴᠢ ᠲᠡᠭᠦᠨ ᠠᠴᠠ ᠳᠡᠭᠡᠭᠰᠢᠬᠢ ᠡᠪᠡᠰᠦ ᠬᠠᠳᠤᠬᠤ ᠮᠠᠰᠢᠨ︶ ᠳᠤ ᠨᠥᠬᠦᠪᠥᠷᠢ ᠭᠤᠶᠤᠴᠢᠯᠠᠵᠤ ᠪᠣᠯᠤᠨ᠎ᠠ᠃ ᠮᠠᠯᠵᠢᠬᠤ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠵᠢᠯ ᠳᠤ 3 ᠲᠷᠠᠺᠲ᠋ᠣᠷ ᠪᠣᠯᠤᠨ 3 ᠡᠪᠡᠰᠦ ᠬᠠᠳᠤᠬᠤ ᠮᠠᠰᠢᠨ ᠳᠤ ᠨᠥᠬᠦᠪᠥᠷᠢ ᠭᠤᠶᠤᠴᠢᠯᠠᠵᠤ ᠪᠣᠯᠤᠨ᠎ᠠ᠃      ︵ᠭᠤᠷᠪᠠ︶ ᠨᠥᠬᠦᠪᠥᠷᠢ ᠦᠭᠬᠦ ᠪᠠᠷᠢᠮᠵᠢᠶ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠳᠤ ᠳᠣᠭᠳᠠᠮᠠᠯ ᠲᠣᠭᠠᠨ ᠤ ᠨᠥᠬᠦᠪᠥᠷᠢ ᠣᠯᠭᠤᠨ᠎ᠡ᠃ ᠮᠠᠨ ᠤ ᠬᠤᠰᠢᠭᠤ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠨᠡᠶᠢᠲᠡᠯᠡᠭᠰᠡᠨ ᠪᠥᠬᠦ ᠤᠯᠤᠰ ᠤᠨ ᠨᠥᠬᠦᠪᠥᠷᠢ ᠦᠭᠬᠦ ᠬᠡᠪᠴᠢᠶᠡᠨ ᠳᠠᠬᠢ ᠮᠠᠰᠢᠨ ᠲᠦᠬᠦᠭᠡᠷᠣᠮᠵᠢ ᠶᠢᠨ ᠲᠥᠷᠥᠯ ᠵᠦᠢᠯ ᠤᠨ ᠳᠡᠰ ᠬᠤᠪᠢᠶᠠᠷᠢᠯᠡᠯ ᠢᠶᠠᠷ ᠦᠨᠳᠦᠰᠦᠯᠡᠯ ᠪᠣᠯᠭᠠᠬᠤ ᠮᠦᠷᠳᠡᠭᠡᠨ ᠠᠳᠠᠯᠢ ᠳᠡᠰ ᠤᠨ ᠦᠢᠯᠡᠳᠬᠦᠨ ᠤ ᠳᠡᠭᠡᠷ᠎ᠡ ᠵᠢᠯ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠳᠤᠮᠳᠠᠴᠢ ᠦᠨ᠎ᠡ ᠶᠢ ᠦᠨᠳᠦᠰᠦᠯᠡᠨ ᠡᠯ᠎ᠡ ᠳᠡᠰ ᠲᠤ ᠦᠭᠬᠦ ᠨᠥᠬᠦᠪᠥᠷᠢ ᠶᠢᠨ ᠬᠠᠮᠤᠭ ᠦᠨᠳᠣᠷ ᠬᠡᠮᠵᠢᠶ᠎ᠡ ᠶᠢ ᠲᠣᠭᠲᠠᠭᠠᠵᠤ᠂  ᠬᠠᠷᠢᠴᠠᠯ ᠢ 30% ᠠᠴᠠ ᠳᠠᠪᠠᠭᠤᠯᠵᠣ ᠪᠣᠯᠬᠤ ᠥᠬᠡᠶ᠂ ᠨᠡᠶᠢᠳᠡᠮ ᠬᠡᠷᠡᠭᠯᠡᠬᠦ ᠮᠠᠰᠢᠨ ᠲᠦᠬᠦᠭᠡᠷᠣᠮᠵᠢ ᠶᠢᠨ ᠨᠥᠬᠦᠪᠥᠷᠢ ᠮᠦᠩᠭᠦ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠨᠡᠶᠢᠲᠡᠯᠡᠭᠰᠡᠨ ᠨᠦᠬᠦᠪᠦᠷᠢ ᠶᠢᠨ ᠬᠠᠮᠤᠭ ᠥᠨᠳᠥᠷ ᠬᠡᠮᠵᠢᠶ᠎ᠡ ᠠᠴᠠ ᠬᠡᠲᠦᠷᠡᠭᠦᠯᠵᠦ ᠪᠣᠯᠬᠤ ᠥᠬᠡᠶ᠂ ᠪᠣᠳᠠᠲᠠᠶ ᠨᠥᠬᠦᠪᠥᠷᠢ ᠮᠦᠩᠭᠦ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 — 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠮᠠᠰᠢᠨ ᠲᠦᠬᠦᠭᠡᠷᠣᠮᠵᠢ ᠶᠢᠨ ᠨᠥᠬᠦᠪᠥᠷᠢ ᠮᠦᠩᠭᠦ ᠶᠢᠨ ᠨᠠᠷᠢᠨ ᠬᠦᠰᠦᠨᠦᠭᠲᠦ︾  ᠪᠠᠷ ᠯᠠᠪᠯᠠᠯᠲᠠ ᠪᠣᠯᠭᠠᠨ᠎ᠡ᠃ ᠡᠩ ᠤᠨ ᠨᠥᠬᠦᠪᠥᠷᠢ ᠦᠭᠬᠦ ᠮᠠᠰᠢᠨ ᠨᠢᠭᠡᠪᠦᠷᠢ ᠶᠢᠨ ᠨᠥᠬᠦᠪᠥᠷᠢ ᠶᠢ ᠵᠠᠷᠴᠢᠮ ᠳᠡᠭᠡᠷ᠎ᠡ ᠪᠠᠨ 5 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 100 ᠮᠣᠷᠢᠨ ᠬᠦᠴᠦ ᠠᠴᠠ ᠳᠡᠭᠡᠭᠰᠢᠬᠢ ᠲᠷᠠᠺᠲ᠋ᠣᠷ᠂ ᠥᠨᠳᠥᠷ ᠴᠢᠳᠡᠪᠬᠢᠳᠤ ᠨᠣᠭᠤᠭᠠᠨ ᠳᠠᠷᠣᠰᠢ ᠶᠢᠨ ᠮᠠᠰᠢᠨ᠂ ᠮᠠᠯ ᠳᠡᠵᠢᠭᠡᠪᠦᠷᠢ ᠶᠢᠨ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠠᠰᠢᠨ ᠨᠢᠭᠡᠪᠦᠷᠢ ᠶᠢᠨ ᠨᠥᠬᠦᠪᠥᠷᠢ ᠶᠢ 15 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃      2021 ᠣᠨ ᠠᠴᠠ ᠡᠬᠢᠯᠡᠨ᠂ ᠮᠠᠨ ᠤ ᠬᠤᠰᠢᠭᠤ ᠬᠢᠯᠢ ᠳᠣᠲᠣᠷᠠᠬᠢ ᠬᠠᠳᠠᠭᠠᠯᠠᠯᠲᠠ ᠶᠢᠨ ᠬᠡᠮᠵᠢᠶ᠎ᠡ ᠪᠠᠷ  ᠶᠡᠭᠡ᠂ ᠮᠡᠷᠭᠡᠵᠢᠯ ᠢᠶᠠᠷ ᠬᠠᠷᠢᠴᠠᠩᠭᠤᠶ ᠬᠤᠴᠣᠷᠤᠩᠭᠤᠶ ᠬᠦᠷᠳᠦᠲᠦ ᠲᠷᠠᠺᠲ᠋ᠣᠷ ᠵᠡᠷᠭᠡ ᠮᠠᠰᠢᠨ ᠲᠦᠬᠦᠭᠡᠷᠣᠮᠵᠢ ᠶᠢᠨ ᠲᠥᠷᠥᠯ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠣᠷᠣᠭᠰᠢᠯᠠᠭᠤᠯᠵᠤ᠂ ᠡᠭᠦᠨ ᠳᠤ 2023 ᠣᠨ ᠪᠣᠯᠬᠤ ᠳᠤ ᠬᠦᠷᠳᠦᠲᠦ ᠲᠷᠠᠺᠲ᠋ᠣᠷ ᠤᠨ ᠲᠥᠷᠥᠯ ᠵᠦᠢᠯ ᠤᠨ ᠨᠥᠬᠦᠪᠥᠷᠢ ᠶᠢᠨ ᠬᠠᠷᠢᠴᠠᠯ ᠢ 15% ᠠᠴᠠ ᠳᠣᠷᠣᠭᠰᠢ ᠪᠣᠯᠭᠠᠨ᠎ᠠ᠃ ᠮᠡᠷᠭᠡᠵᠢᠯ ᠢᠶᠠᠷ ᠬᠠᠷᠢᠴᠠᠩᠭᠤᠶ ᠬᠤᠴᠣᠷᠤᠩᠭᠤᠶ ᠪᠤᠶᠤ ᠲᠣᠣᠷ᠎ᠠ ᠲᠠᠰ ᠳᠠᠪᠬᠤᠷᠭ᠎ᠠ ᠶᠢᠨ ᠮᠠᠰᠢᠨ ᠢ ᠨᠥᠬᠦᠪᠥᠷᠢ ᠦᠭᠬᠦ ᠬᠡᠪᠴᠢᠶ᠎ᠡ ᠠᠴᠠ ᠠᠯᠭᠤᠷ ᠢᠶᠠᠷ ᠭᠠᠷᠭᠠᠵᠤ᠂ 2021 ᠣᠨ ᠳᠤ 30 ᠮᠣᠷᠢᠨ ᠬᠦᠴᠦ ︵30 ᠮᠣᠷᠢᠨ ᠬᠦᠴᠦ ᠶᠢ ᠪᠠᠭᠳᠠᠭᠠᠬᠤ ᠥᠬᠡᠶ︶ ᠠᠴᠠ ᠳᠣᠷᠣᠭᠰᠢᠬᠢ ᠬᠦᠷᠳᠦᠲᠦ ᠲᠷᠠᠺᠲ᠋ᠣᠷ ᠢ ᠨᠥᠬᠦᠪᠥᠷᠢ ᠦᠭᠬᠦ ᠬᠡᠪᠴᠢᠶ᠎ᠡ ᠠᠴᠠ ᠭᠠᠷᠭᠠᠨ᠎ᠠ᠃      ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠮᠠᠰᠢᠨ ᠬᠤᠳᠠᠯᠳᠤᠨ ᠠᠪᠤᠭᠴᠢᠳ ᠢ ᠬᠥᠲᠥᠯᠦᠨ ᠵᠢᠯᠣᠭᠤᠳᠴᠤ᠂ ᠡᠯ᠎ᠡ ᠲᠠᠰ ᠳᠠᠪᠬᠤᠷᠭ᠎ᠠ ᠶᠢᠨ ᠨᠥᠬᠦᠪᠥᠷᠢ ᠶᠢᠨ ᠨᠣᠷᠮ᠎ᠠ ᠶᠢ ᠦᠨᠳᠦᠰᠦᠯᠡᠨ ᠪᠡᠶ᠎ᠡ ᠪᠠᠨ ᠳᠠᠭᠠᠭᠠᠨ ᠦᠨ᠎ᠡ ᠬᠡᠯᠡᠯᠴᠡᠵᠣ᠂ ᠪᠣᠳᠠᠲᠠᠶ ᠪᠦᠲᠦᠭᠡᠭᠳᠡᠬᠦᠨ ᠤ ᠨᠥᠬᠦᠪᠥᠷᠢ ᠮᠦᠩᠭᠦ ᠶᠢ ᠳᠠᠭᠢᠵᠤ ᠨᠡᠶᠢᠲᠡᠯᠡᠬᠦ ᠥᠬᠡᠶ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠪᠣᠳᠠᠲᠠᠶ ᠦᠢᠯᠡᠳᠬᠦᠨ ᠪᠤᠶᠤ ᠲᠠᠰ ᠳᠠᠪᠬᠤᠷᠭ᠎ᠠ ᠶᠢᠨ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠪᠣᠳᠠᠲᠠᠶ ᠨᠥᠬᠦᠪᠥᠷᠢ ᠶᠢᠨ ᠬᠠᠷᠢᠴᠠᠯ ᠨᠢ 50% ᠠᠴᠠ ᠬᠡᠲᠦᠷᠡᠭᠰᠡᠨ ᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠨ ᠳᠣᠳᠣᠯᠠᠵᠣ᠂ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢᠯᠡᠷᠡᠪᠡᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ ᠨᠥᠬᠦᠪᠥᠷᠢ ᠭᠤᠶᠤᠴᠢᠯᠠᠬᠤ ᠳᠤ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠥᠬᠡᠶ  ᠪᠣᠯ᠂ ᠲᠣᠭᠲᠠᠭᠠᠯ ᠶᠣᠰᠣᠭᠠᠷ ᠨᠥᠬᠦᠪᠥᠷᠢ ᠮᠦᠩᠭᠦ ᠲᠠᠷᠬᠠᠭᠠᠬᠤ ᠶᠢᠨ ᠬᠠᠮᠲᠤ᠂ ᠬᠠᠮᠢᠶ᠎ᠠ ᠪᠥᠬᠦᠶ ᠦᠢᠯᠡᠳᠬᠦᠨ ᠵᠢᠴᠢ  ᠲᠠᠰ ᠳᠠᠪᠬᠤᠷᠭ᠎ᠠ ᠶᠢ ᠦᠨᠡᠯᠡᠨ ᠳᠣᠭᠳᠠᠭᠠᠵᠣ᠂ ᠦᠨᠡᠯᠡᠨ ᠲᠣᠭᠳᠠᠭᠠᠭᠰᠠᠨ ᠪᠠᠶᠢᠳᠠᠯ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠮᠡᠳᠡᠭᠦᠯᠬᠦ ᠬᠡᠷᠡᠭᠲᠡᠶ᠃      ᠬᠤᠰᠢᠭᠤ ᠱᠠᠳᠣᠨ ᠤ ᠲᠤᠰᠬᠠᠶ ᠨᠥᠬᠦᠪᠥᠷᠢ ᠮᠥᠩᠭᠦ ᠶᠢᠨ ᠬᠠᠮᠤᠭ ᠥᠨᠳᠥᠷ ᠬᠠᠷᠢᠴᠠᠯ ᠢ 50% ᠠᠴᠠ ᠳᠠᠪᠠᠭᠤᠯᠬᠤ ᠥᠬᠡᠶ︔ ᠭᠤᠷᠪᠠᠨ ᠱᠠᠲᠤᠨ ᠤ ︵ᠲᠥᠪ ᠤᠨ ᠡᠳ᠋ ᠤᠨ ᠵᠠᠰᠠᠭ + ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ + ᠣᠷᠣᠨ ᠨᠤᠲᠤᠭ ᠤᠨ ᠢᠵᠢ ᠪᠥᠷᠢᠳᠦᠭᠦᠯᠬᠦ ᠪᠠᠯᠠ ᠮᠥᠩᠭᠦ︶  ᠨᠡᠶᠢᠳᠡ ᠨᠥᠬᠦᠪᠥᠷᠢ ᠶᠢᠨ ᠬᠠᠮᠤᠭ ᠥᠨᠳᠥᠷ ᠬᠠᠷᠢᠴᠠᠯ ᠢ 70% ᠠᠴᠠ ᠳᠠᠪᠠᠭᠤᠯᠬᠤ ᠥᠬᠡᠶ︔ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠶᠢᠨ  ᠬᠡᠮᠵᠢᠶ᠎ᠡ ᠪᠠᠷ ᠨᠡᠯᠢᠶᠡᠳ ᠳᠣᠤᠷ᠎ᠠ ᠮᠠᠰᠢᠨ ᠲᠦᠬᠦᠭᠡᠷᠣᠮᠵᠢ ︵ᠵᠢᠱᠢᠶᠡᠯᠡᠪᠡᠯ ᠨᠠᠷᠠ ᠰᠠᠯᠬᠢᠨ ᠤ ᠡᠨᠧᠷᠬᠢ ᠪᠠᠷ ᠤᠰᠤ ᠲᠠᠲᠠᠬᠤ ᠲᠥᠬᠦᠭᠡᠷᠦᠮᠵᠢ ᠵᠡᠷᠭᠡ︶ ᠳᠤ᠂ ᠮᠠᠨ ᠤ ᠬᠤᠰᠢᠭᠤᠨ ᠤ ᠣᠷᠣᠨ ᠨᠤᠲᠤᠭ ᠤᠨ ᠢᠵᠢ ᠪᠥᠷᠢᠳᠦᠭᠦᠯᠬᠦ ᠪᠠᠯᠠ ᠮᠥᠩᠭᠦ ᠠᠴᠠ ᠨᠡᠮᠡᠵᠣ ᠨᠥᠬᠦᠪᠥᠷᠢ ᠣᠯᠭᠤᠵᠣ᠂ ᠵᠠᠷᠴᠢᠮ ᠳᠡᠭᠡᠷ᠎ᠡ ᠪᠠᠨ ᠮᠠᠰᠢᠨ ᠲᠦᠬᠦᠭᠡᠷᠣᠮᠵᠢ ᠶᠢᠨ ᠪᠣᠷᠣᠯᠠᠭᠤᠯᠤᠯᠲᠠ ᠶᠢᠨ ᠬᠠᠩᠰᠢ ᠶᠢᠨ 50% ᠠᠴᠠ ᠬᠡᠲᠦᠷᠡᠭᠦᠯᠵᠦ ᠪᠣᠯᠬᠤ ᠥᠬᠡᠶ᠃ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠨᠠᠷᠠ ᠰᠠᠯᠬᠢᠨ ᠤ ᠡᠨᠧᠷᠬᠢ ᠪᠠᠷ ᠤᠰᠤ ᠲᠠᠲᠠᠬᠤ ᠲᠥᠬᠦᠭᠡᠷᠦᠮᠵᠢ᠂ ᠪᠦᠦ ᠳ᠋ᠢᠩ ᠵᠢᠶᠠᠰᠠ᠂ ᠬᠢᠵᠢᠭ ᠰᠡᠷᠭᠡᠶᠢᠯᠡᠬᠦ  ᠵᠠᠮ᠂ ᠡᠮᠲᠦ ᠤᠬᠢᠶᠠᠯᠭ᠎ᠠ ᠶᠢᠨ ᠮᠠᠰᠢᠨ᠂ ᠲᠤᠮᠤ ᠬᠡᠯᠪᠡᠷᠢ ᠶᠢᠨ ᠲᠷᠠᠺᠲ᠋ᠣᠷ ︵100 ᠮᠤᠷᠢᠨ ᠬᠦᠴᠦ ᠠᠴᠠ ᠳᠡᠭᠡᠭᠰᠢ︶᠂ ᠨᠡᠭᠦᠳᠡᠯ ᠮᠠᠯᠵᠢᠯ ᠤᠨ ᠠᠵᠢᠯᠯᠠᠭᠠᠨ ᠤ ᠭᠡᠷ ᠵᠡᠷᠭᠡ ᠨᠥᠬᠦᠪᠥᠷᠢ ᠶᠢᠨ ᠬᠡᠮᠵᠢᠶ᠎ᠡ ᠪᠠᠷ ᠨᠡᠯᠢᠶᠡᠳ ᠶᠡᠭᠡ ᠮᠠᠰᠢᠨ ᠲᠦᠬᠦᠭᠡᠷᠣᠮᠵᠢ ᠶᠢ ᠬᠤᠳᠠᠯᠳᠤᠨ ᠠᠪᠬᠤ ᠪᠠᠷ ᠭᠤᠶᠤᠴᠢᠯᠠᠬᠤ ᠳᠤ ᠰᠤᠮᠤ ᠪᠠᠯᠭᠠᠰᠤ ᠪᠣᠯᠤᠨ ᠭᠠᠴᠠᠭ᠎ᠠ ᠠᠴᠠ ᠪᠢᠴᠢᠭ ᠤᠨ ᠬᠡᠯᠪᠡᠷᠢ ᠶᠢᠨ ᠭᠡᠷᠡᠴᠢ ᠪᠢᠴᠢᠭ ᠠᠪᠬᠤ ᠬᠡᠷᠡᠭᠲᠠᠢ ︵ᠡᠯ᠎ᠡ ᠰᠤᠮᠤ ᠪᠠᠯᠭᠠᠰᠤ ᠪᠣᠯᠤᠨ ᠭᠠᠴᠠᠭ᠎ᠠ ᠨᠢ ᠮᠠᠯᠵᠢᠬᠤ ᠡᠷᠦᠭᠡ ᠶᠢᠨ ᠪᠣᠳᠠᠲᠤ ᠪᠠᠶᠢᠳᠠᠯ ᠢ ᠴᠢᠩᠭ᠎ᠠ ᠬᠢᠨᠠᠨ ᠪᠠᠶᠢᠴᠠᠭᠠᠵᠣ᠂ ᠰᠤᠮᠤ ᠪᠠᠯᠭᠠᠰᠣᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠣᠯᠤᠨ ᠭᠠᠴᠠᠭᠠᠨ ᠳᠠᠷᠤᠭ᠎ᠠ ᠠᠴᠠ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ᠂ ᠨᠥᠬᠦᠴᠡᠯ ᠳᠤ ᠨᠡᠶᠢᠴᠡᠬᠦ ᠥᠬᠡᠶ ᠪᠣᠯ ᠭᠡᠷᠡᠴᠢ ᠬᠠᠩᠭᠠᠵᠣ ᠪᠣᠯᠬᠤ ᠥᠬᠡᠶ︶᠃ ᠡᠭᠦᠨ ᠠᠴᠠ ᠭᠠᠳᠠᠨ᠎ᠠ᠂ ᠨᠥᠬᠦᠪᠥᠷᠢ ᠶᠢᠨ ᠨᠠᠷᠢᠨ ᠬᠦᠰᠦᠨᠦᠭᠲᠦ ᠳᠤ ᠪᠠᠭᠳᠠᠬᠤ ᠦᠭᠡᠢ ᠪᠣᠯᠪᠠᠴᠣ ᠮᠠᠨ ᠤ ᠬᠤᠰᠢᠭᠤᠨ ᠤ ᠮᠠᠯᠵᠢᠬᠤ ᠦᠢᠯᠡᠳᠪᠦᠷᠢᠯᠡᠯ ᠳᠤ ᠳᠣᠭᠢᠷᠠᠬᠤ ᠲᠠᠷᠢᠶᠠᠯᠠᠩ ᠤᠨ ᠮᠠᠰᠢᠨ ᠲᠦᠬᠦᠭᠡᠷᠣᠮᠵᠢ ᠳᠤ ᠬᠤᠰᠢᠭᠤ ᠡᠳ᠋ ᠤᠨ ᠵᠠᠰᠠᠭ ᠤᠨ ᠢᠵᠢ ᠪᠥᠷᠢᠳᠦᠭᠦᠯᠬᠦ ᠪᠠᠯᠠ ᠮᠥᠩᠭᠦ ᠶᠢᠨ ᠰᠢᠰᠲ᠋ᠧᠮ ᠤᠨ ᠭᠠᠳᠠᠨᠠᠬᠢ ᠠᠵᠢᠯᠯᠠᠭᠠᠨ ᠤ ᠨᠥᠬᠦᠪᠥᠷᠢ ᠶᠢ ᠬᠡᠷᠡᠭᠯᠡᠵᠣ᠂ ᠨᠥᠬᠦᠪᠥᠷᠢ ᠮᠥᠩᠭᠦ ᠶᠢ ︽ ᠨᠢᠭᠡ ᠺᠠᠷᠲ︾  ᠪᠠᠷ  ᠲᠠᠷᠬᠠᠭᠠᠨ᠎ᠠ᠃      ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ ᠠᠴᠠ ᠳᠠᠪᠠᠭᠤᠯᠵᠣ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠡᠮᠡᠵᠣ ᠨᠥᠬᠦᠪᠥᠷᠢ ᠦᠭᠬᠦ ᠦᠢᠯᠡᠳᠬᠦᠨ ᠤ ᠨᠥᠬᠦᠪᠥᠷᠢ ᠮᠦᠩᠭᠦ ᠨᠢ ᠲᠥᠪ ᠤᠨ ᠡᠳ᠋ ᠤᠨ ᠵᠠᠰᠠᠭ ᠤᠨ ᠳᠣᠭᠳᠠᠮᠠᠯ ᠲᠣᠭᠠᠨ ᠤ ᠨᠥᠬᠦᠪᠥᠷᠢ ᠶᠢᠨ ᠭᠤᠷᠪᠠᠨ ᠤ ᠨᠢᠭᠡ ᠠᠴᠠ ᠬᠡᠲᠦᠷᠡᠬᠦ ᠥᠬᠡᠶ ᠮᠥᠷᠲᠡᠭᠡᠨ ᠨᠡᠮᠡᠵᠣ ᠦᠭᠬᠦ ᠨᠥᠬᠦᠪᠥᠷᠢ ᠶᠢᠨ ᠲᠤᠭ᠎ᠠ ᠨᠢ 3 ᠲᠦᠮᠡᠨ ᠲᠥᠭᠦᠷᠢᠭ ᠠᠴᠠ ᠬᠡᠳᠣᠷᠡᠵᠣ ᠪᠣᠯᠬᠤ ᠥᠬᠡᠶ᠂ ᠪᠣᠳᠠᠲᠠᠶ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 — 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠮᠠᠰᠢᠨ  ᠲᠦᠬᠦᠭᠡᠷᠣᠮᠵᠢ ᠶᠢᠨ ᠨᠥᠬᠦᠪᠥᠷᠢ ᠮᠦᠩᠭᠦ ᠶᠢᠨ ᠨᠠᠷᠢᠨ ᠬᠦᠰᠦᠨᠦᠭᠲᠦ︾ ᠠᠴᠠ ᠯᠠᠪᠯᠠᠭᠠᠷᠠᠢ᠃      ᠲᠠᠪᠤ᠂ ᠨᠥᠬᠦᠪᠥᠷᠢ ᠮᠥᠩᠭᠦ ᠶᠢᠨ ᠬᠤᠪᠢᠶᠠᠷᠢᠯᠠᠯᠲᠠ ᠪᠠ ᠬᠡᠷᠡᠭᠯᠡᠯᠲᠡ      ︵ᠨᠢᠭᠡ︶ ᠨᠥᠬᠦᠪᠥᠷᠢ ᠮᠥᠩᠭᠦ ᠶᠢᠨ ᠬᠤᠪᠢᠶᠠᠷᠢᠯᠠᠯᠲᠠ᠃ 2021 ᠣᠨ ᠳᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠨᠢ ᠮᠠᠨ ᠤ ᠬᠤᠰᠢᠭᠤᠨ ᠤ ᠪᠦᠬᠦ ᠰᠤᠮᠤ ᠪᠠᠯᠭᠠᠰᠤ ︵ᠲᠠᠯᠠᠪᠠᠶ︶ ᠶᠢ ᠬᠠᠮᠤᠷᠴᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠬᠠᠮᠢᠶᠠᠷᠤᠯᠲᠠ ᠶᠢᠨ ᠰᠢᠰᠲ᠋ᠧᠮ  ᠢᠶᠠᠷ ᠬᠡᠷᠡᠭᠵᠢᠬᠦᠯᠦᠨ᠎ᠡ᠃ 2021 ᠣᠨ ᠳᠤ᠂ ᠮᠠᠨ ᠤ ᠬᠤᠰᠢᠭᠤᠨ ᠤ ᠡᠯ᠎ᠡ ᠱᠠᠲᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ ᠨᠡᠶᠢᠲᠡ 682.4 ᠲᠦᠮᠡᠨ ᠲᠥᠭᠦᠷᠢᠭ ᠪᠠᠶᠢᠵᠤ᠂ ᠡᠭᠦᠨ ᠳᠤ᠄ ᠲᠥᠪ ᠤᠨ ᠡᠳ᠋ ᠤᠨ ᠵᠠᠰᠠᠭ ᠤᠨ ᠨᠢᠭᠡᠳᠦᠭᠡᠷ ᠪᠦᠯᠦᠭ ᠤᠨ ᠨᠥᠬᠦᠪᠥᠷᠢ ᠮᠥᠩᠭᠦ 421.96 ᠲᠦᠮᠡᠨ ᠲᠥᠭᠦᠷᠢᠭ ︵2021 ᠣᠨ ᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 408 ᠲᠦᠮᠡᠨ ᠲᠥᠭᠦᠷᠢᠭ᠂ 2020 ᠣᠨ ᠤ ᠲᠥᠪ ᠤᠨ ᠨᠥᠬᠦᠪᠥᠷᠢ ᠮᠥᠩᠭᠦ ᠶᠢᠨ ᠦᠯᠡᠳᠡᠪᠦᠷᠢ 13.96 ᠲᠦᠮᠡᠨ ᠲᠥᠭᠦᠷᠢᠭ︶᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ 60.44 ᠲᠦᠮᠡᠨ ᠲᠥᠭᠦᠷᠢᠭ ︵2021 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ 60 ᠲᠦᠮᠡᠨ ᠲᠥᠭᠦᠷᠢᠭ᠂ 2020 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠦᠯᠡᠳᠡᠪᠦᠷᠢ 0.44 ᠲᠦᠮᠡᠨ ᠲᠥᠭᠦᠷᠢᠭ︶᠂ ᠬᠤᠰᠢᠭᠤ ᠡᠳ᠋ ᠤᠨ ᠵᠠᠰᠠᠭ ᠤᠨ ᠢᠵᠢ ᠪᠦᠷᠢᠳᠦᠭᠦᠯᠦᠭᠰᠡᠨ ᠪᠡᠯᠡ ᠮᠦᠩᠭᠦ 200  ᠲᠦᠮᠡᠨ ᠲᠦᠭᠦᠷᠢᠭ ᠪᠣᠯᠣᠨ᠎ᠠ᠃      ︵ᠬᠤᠶᠠᠷ︶ ᠨᠥᠬᠦᠪᠥᠷᠢ ᠮᠥᠩᠭᠦ ᠶᠢᠨ ᠬᠡᠷᠡᠭᠯᠡᠯᠲᠡ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢ ᠭᠤᠣᠯᠳᠠᠭᠤ ᠲᠡᠷᠢᠭᠦᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠵᠢᠴᠢ ᠬᠤᠯᠪᠣᠭᠳᠠᠯ ᠪᠦᠬᠦᠢ ᠲᠤᠷᠰᠢᠯᠲᠠ ᠴᠡᠭ ᠪᠠ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠵᠡᠷᠭᠡ ᠲᠠᠯ᠎ᠠ ᠳᠤ ᠬᠡᠷᠡᠭᠯᠡᠨ᠎ᠡ᠃ 2021 ᠣᠨ ᠳᠤ᠂ ᠮᠠᠨ ᠤ ᠬᠤᠰᠢᠭᠤ ᠭᠤᠣᠯᠳᠠᠭᠤ ᠪᠣᠷᠳᠤᠭ᠎ᠠ ᠵᠢᠭᠤᠷᠠᠬᠤ ᠮᠠᠰᠢᠨ᠂ ᠪᠦᠦ ᠳ᠋ᠢᠩ ᠵᠢᠶᠠ᠂ ᠬᠢᠵᠢᠭ ᠢ ᠰᠡᠷᠭᠡᠶᠢᠯᠡᠬᠦ ᠵᠠᠮ᠂ ᠬᠤᠨᠢ ᠬᠠᠶᠢᠴᠢᠯᠠᠬᠤ ᠮᠠᠰᠢᠨ᠂ ᠡᠮᠲᠦ ᠤᠬᠢᠶᠠᠯᠭ᠎ᠠ ᠶᠢᠨ ᠮᠠᠰᠢᠨ᠂ ᠨᠡᠭᠦᠳᠡᠯ ᠮᠠᠯᠵᠢᠯ ᠤᠨ ᠠᠵᠢᠯᠯᠠᠭᠠᠨ ᠤ ᠬᠡᠷ᠂ ᠰᠦ ᠰᠠᠭᠠᠬᠤ ᠮᠠᠰᠢᠨ᠂ ᠨᠠᠷᠠ ᠰᠠᠯᠬᠢᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠬᠦᠭᠡᠷᠣᠮᠵᠢ ᠵᠡᠷᠭᠡ ᠶᠢ ᠳᠡᠯᠭᠡᠷᠡᠬᠦᠯᠬᠦ ᠳᠤ ᠨᠦᠬᠦᠪᠦᠷᠢ ᠣᠯᠭᠤᠨ᠎ᠠ᠃      ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠨᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠮᠠᠰᠢᠨ ᠲᠠᠷᠬᠠᠭᠠᠭᠰᠠᠨ ︹ 2020 ︺ 280 ᠲᠣᠭᠠᠲᠤ︶ ᠶᠣᠰᠣᠭᠠᠷ ᠬᠡᠷᠡᠭᠵᠢᠭᠦᠯᠦᠨ᠎ᠡ᠃      ᠵᠢᠷᠭᠤᠭ᠎ᠠ᠂ ᠬᠡᠷᠡᠭᠵᠢᠬᠦᠯᠬᠦ ᠳᠡᠰ ᠳᠠᠷᠠᠭᠠᠯᠠᠯ      ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ︽ᠥᠪᠡᠰᠦᠪᠡᠨ ᠮᠠᠰᠢᠨ ᠬᠤᠳᠠᠯᠳᠤᠨ ᠠᠪᠬᠤ᠂ ᠳᠣᠭᠳᠠᠮᠠᠯ ᠲᠤᠭ᠎ᠠ ᠪᠠᠷ ᠨᠥᠬᠦᠪᠥᠷᠢ ᠥᠭᠬᠦ᠂ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢ ᠥᠭᠬᠦ᠂ ᠬᠤᠰᠢᠭᠤ ᠰᠢᠶᠠᠨ ᠤ ᠱᠠᠲᠤᠨ ᠠᠴᠠ ᠳ᠋ᠦᠩᠨᠡᠨ ᠪᠤᠳᠤᠬᠤ᠂ ᠨᠦᠬᠦᠪᠦᠷᠢ ᠮᠦᠩᠭᠦ ᠶᠢ ᠰᠢᠭᠤᠳ ᠺᠠᠷᠲ ︵ᠡᠷᠦᠬᠡ︶ ᠳᠤ ᠲᠠᠷᠬᠠᠭᠠᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠡᠵᠡᠨ ᠮᠡᠳᠡᠨ ᠮᠠᠰᠢᠨ ᠬᠤᠳᠠᠯᠳᠣᠨ ᠠᠪᠴᠣ᠂ ᠵᠠᠬ᠎ᠠ ᠳᠡᠯᠭᠡᠬᠦᠷᠴᠢᠯᠡᠭᠰᠡᠨ ᠵᠠᠷᠴᠢᠮ ᠶᠣᠰᠣᠭᠠᠷ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠲᠠᠢ ᠦᠪᠡᠷᠳᠡᠭᠡᠨ ᠵᠥᠪᠳᠡᠯᠴᠡᠵᠦ ᠮᠠᠰᠢᠨ ᠬᠤᠳᠠᠯᠳᠤᠨ ᠠᠪᠬᠤ ᠦᠨ᠎ᠡ ᠬᠠᠩᠰᠢ ᠪᠣᠯᠤᠨ ᠳᠠᠩᠰᠠ ᠪᠣᠳᠣᠬᠤ ᠠᠷᠭ᠎ᠠ ᠮᠠᠶ᠋ᠢᠭ ᠢᠶᠠᠨ ᠲᠣᠭᠲᠠᠭᠠᠬᠤ ᠶᠢᠨ ᠬᠠᠮᠲᠤ ᠠᠷᠠᠯᠵᠢᠶᠠᠨ ᠤ ᠦᠨᠡᠨ ᠪᠣᠳᠠᠲᠤ ᠴᠢᠨᠠᠷ᠂ ᠪᠦᠲᠦᠮᠵᠢᠲᠦ ᠴᠢᠨᠠᠷ ᠪᠣᠯᠤᠨ ᠡᠭᠦᠰᠴᠦ ᠮᠡᠳᠡᠬᠦ ᠵᠢᠭᠤᠷᠠᠯᠳᠤᠭᠠᠨ ᠳᠤ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃ ᠮᠠᠰᠢᠨ ᠬᠤᠳᠠᠯᠳᠤᠨ ᠠᠪᠣᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ ᠠᠴᠠ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠨᠥᠬᠦᠪᠥᠷᠢ ᠮᠥᠩᠭᠦ ᠭᠤᠶᠣᠴᠢᠯᠠᠬᠤ ᠪᠠᠷ ᠡᠷᠡᠮᠡᠯᠵᠡᠯᠡᠵᠣ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠥᠩᠭᠦ ᠭᠤᠶᠣᠴᠢᠯᠠᠬᠤ ᠬᠦᠰᠦᠨᠦᠭᠲᠦ ᠶᠢ ᠲᠠᠭᠯᠠᠨ ᠭᠠᠷ ᠤᠨ ᠥᠰᠥᠭ ᠵᠢᠷᠤᠵᠤ᠂ ᠬᠤᠳᠠᠯᠳᠤᠨ ᠠᠪᠬᠤ ᠠᠪᠣᠭᠰᠠᠨ ᠪᠠᠷᠢᠮᠲᠠ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠪᠠᠳᠣᠯᠠᠵᠣ᠂ ᠬᠠᠮᠢᠶ᠎ᠠ ᠪᠦᠭᠦᠢ ᠲᠣᠭᠲᠠᠭᠠᠯ ᠶᠣᠰᠣᠭᠠᠷ ᠨᠥᠬᠦᠪᠥᠷᠢ ᠮᠦᠩᠭᠦ ᠭᠤᠶᠤᠴᠢᠯᠠᠨ᠎ᠠ᠃      ︵ᠨᠢᠭᠡ︶ ᠮᠡᠳᠡᠭᠳᠡᠯ ᠨᠡᠶᠢᠲᠡᠯᠡᠨ᠎ᠡ᠃ ᠬᠤᠰᠢᠭᠤ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ᠂ ᠬᠡᠷᠡᠭᠵᠢᠬᠦᠯᠬᠦ ᠠᠯᠬᠤᠮ ᠳᠠᠷᠠᠭ᠎ᠠ᠂ ᠨᠥᠬᠦᠪᠥᠷᠢ ᠮᠦᠩᠭᠦ   ᠨᠠᠷᠢᠨ ᠬᠦᠰᠦᠨᠦᠭᠲᠦ᠂ ᠨᠥᠬᠦᠪᠥᠷᠢ ᠥᠭᠬᠦ ᠮᠠᠰᠢᠨ ᠲᠦᠬᠦᠭᠡᠷᠣᠮᠵᠢ ᠶᠢᠨ ᠮᠡᠳᠡᠭᠡ ᠵᠠᠩᠭᠢ ᠶᠢᠨ ᠬᠦᠰᠦᠨᠦᠭᠲᠦ᠂ ᠮᠠᠰᠢᠨ ᠲᠦᠬᠦᠭᠡᠷᠣᠮᠵᠢ ᠶᠢ ᠬᠠᠷᠭᠤᠭᠤᠯᠤᠨ ᠪᠠᠶᠢᠴᠠᠭᠠᠬᠤ ᠲᠦᠷᠢᠮ᠂ ᠠᠰᠠᠭᠤᠨ ᠯᠠᠪᠯᠠᠬᠤ ᠢᠯᠡᠴᠢᠯᠡᠨ ᠮᠡᠳᠡᠭᠦᠯᠬᠦ ᠤᠲᠠᠰᠤ ᠵᠡᠷᠭᠡ ᠮᠡᠳᠡᠭᠡ ᠵᠠᠩᠭᠢ ᠶᠢ ᠨᠡᠶᠢᠲᠡᠯᠡᠨ᠎ᠡ᠃      ︵ᠬᠤᠶᠠᠷ︶ ᠳᠡᠰ ᠳᠠᠪᠬᠤᠷᠭ᠎ᠠ ᠶᠢ ᠳᠣᠭᠳᠠᠭᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠠᠨ᠋ᠥ ᠳᠤ ᠨᠥᠬᠦᠪᠥᠷᠢ ᠥᠭᠬᠦ ᠳᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠲᠠᠷᠢᠶᠠᠯᠠᠩ ᠤᠨ ᠮᠠᠰᠢᠨ ᠤ ᠦᠢᠯᠡᠳᠬᠦ ᠠᠵᠤ ᠠᠬᠤᠶᠢᠯᠠᠯ ᠤᠳ ᠲᠠᠷᠢᠶᠠᠯᠠᠩ ᠤᠨ ᠮᠠᠰᠢᠨ ᠬᠤᠳᠠᠯᠳᠤᠨ ᠠᠪᠠᠨ᠋ᠥ ᠳᠤ ᠨᠥᠬᠦᠪᠥᠷᠢ ᠥᠭᠬᠦ ᠮᠠᠰᠢᠨ ᠲᠦᠭᠦᠭᠡᠷᠣᠮᠵᠢ ᠶᠢᠨ ᠡᠵᠡᠨ ᠮᠡᠳᠡᠵᠣ ᠳᠡᠰ ᠳᠠᠪᠬᠤᠷᠭ᠎ᠠ ᠲᠣᠭᠳᠠᠭᠠᠬᠤ ᠲᠠᠪᠴᠠᠩ ᠢᠶᠠᠷ ᠳᠠᠮᠵᠢᠭᠤᠯᠤᠨ ᠲᠣᠭᠲᠠᠭᠠᠯ ᠶᠣᠰᠣᠭᠠᠷ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠳᠠᠪᠬᠤᠷᠭ᠎ᠠ ᠳᠣᠭᠳᠠᠭᠠᠬᠤ ᠲᠠᠪᠴᠠᠩ ᠨᠢ ᠪᠥᠬᠦ ᠵᠢᠯ ᠳᠤ ᠨᠡᠪᠳᠡᠷᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠬᠢᠨᠠᠨ ᠬᠠᠷᠭᠤᠭᠤᠯᠵᠣ᠂ ᠳᠡᠰ ᠳᠠᠪᠬᠤᠷᠭ᠎ᠠ ᠲᠣᠭᠳᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠶᠢᠨ ᠬᠠᠮᠲᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠭᠤᠶᠤᠴᠢᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ︵ᠳᠣᠷᠣᠭᠰᠢ ︽ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ︾ ᠭᠡᠵᠦ ᠲᠣᠪᠴᠢᠯᠠᠨ᠎ᠠ︶ ᠳᠤ ᠣᠷᠣᠭᠤᠯᠤᠨ᠎ᠠ᠃ ᠦᠢᠯᠡᠳᠬᠦ ᠠᠵᠤ ᠠᠬᠤᠶᠢᠯᠠᠯ ᠨᠢ ᠳᠡᠰ ᠳᠠᠪᠬᠤᠷᠭ᠎ᠠ ᠳᠣᠭᠳᠠᠭᠠᠬᠤ ᠦᠢᠯᠡᠳᠬᠦᠨ ᠤ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠶᠢᠨ ᠬᠠᠮᠲᠤ ᠦᠢᠯᠡᠳᠬᠦᠨ ᠤ ᠮᠡᠳᠡᠭᠡ ᠵᠠᠩᠭᠢ ᠨᠢ ᠦᠨᠡᠨ ᠪᠣᠳᠠᠲᠠᠶ ᠪᠢᠰᠢ᠂ ᠬᠤᠳᠠᠯ ᠬᠠᠭᠤᠷᠮᠠᠭ ᠵᠡᠷᠭᠡ ᠠᠴᠠ ᠪᠣᠯᠤᠭᠰᠠᠨ ᠬᠤᠬᠢᠷᠠᠯ ᠪᠤᠶᠤ ᠵᠢᠭᠤᠷᠠᠯᠳᠤᠭᠠᠨ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃      ︵ᠭᠤᠷᠪᠠ︶  ᠴᠢᠯᠣᠭᠡᠳᠠᠢ ᠪᠠᠷ ᠮᠠᠰᠢᠨ ᠬᠤᠳᠠᠯᠳᠣᠨ ᠠᠪᠣᠨ᠎ᠠ᠃ ᠮᠠᠰᠢᠨ ᠬᠤᠳᠠᠯᠳᠤᠨ ᠠᠪᠤᠭᠴᠢ ᠮᠠᠰᠢᠨ ᠲᠦᠬᠦᠭᠡᠷᠣᠮᠵᠢ ᠪᠠᠨ ᠦᠪᠡᠷᠳᠡᠭᠡᠨ ᠡᠵᠡᠨ ᠮᠡᠳᠡᠨ ᠰᠣᠩᠭᠤᠵᠣ᠂ ᠤᠷᠢᠳ ᠢᠶᠠᠷ ᠬᠤᠳᠠᠯᠳᠤᠨ ᠠᠪᠴᠣ ᠳᠠᠷᠠᠭ᠎ᠠ ᠨᠢ ᠨᠦᠬᠦᠪᠦᠷᠢ ᠭᠤᠶᠤᠴᠢᠯᠠᠨ᠎ᠠ᠃ ᠨᠥᠬᠦᠪᠥᠷᠢ ᠭᠤᠶᠣᠴᠢᠯᠠᠭᠰᠠᠨ ᠮᠠᠰᠢᠨ ᠬᠤᠳᠠᠯᠳᠤᠨ ᠠᠪᠤᠭᠴᠢ ᠪᠠᠷᠠᠭ᠎ᠠ ᠬᠠᠩᠭᠠᠬᠤ ᠠᠵᠤ ᠠᠬᠤᠶᠢᠯᠠᠯ ᠠᠴᠠ ᠫᠢᠶᠣᠣ ᠪᠠᠷᠢᠮᠲᠠ ᠪᠣᠯᠤᠨ ᠮᠠᠰᠢᠨ ᠲᠦᠭᠦᠭᠡᠷᠣᠮᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ ᠠᠪᠴᠤ᠂ ᠨᠥᠬᠦᠪᠥᠷᠢ ᠭᠤᠶᠤᠴᠢᠯᠠᠬᠤ ᠦᠶ᠎ᠡ ᠳᠤ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠬᠠᠩᠭᠠᠬᠤ ᠬᠡᠷᠡᠭᠲᠡᠶ᠃      ︵ᠲᠦᠷᠪᠡ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠮᠠᠰᠢᠨ ᠬᠤᠳᠠᠯᠳᠤᠨ ᠠᠪᠤᠭᠴᠢ ᠮᠠᠰᠢᠨ ᠬᠤᠳᠠᠯᠳᠤᠨ ᠠᠪᠤᠭᠰᠠᠨ ᠫᠢᠶᠣᠣ ᠪᠠᠷᠢᠮᠲᠠ᠂ ᠮᠠᠰᠢᠨ ᠲᠦᠭᠦᠭᠡᠷᠣᠮᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠮᠠᠯᠴᠢᠳ ᠲᠤ ᠠᠰᠢᠭ ᠬᠦᠷᠲᠡᠭᠡᠬᠦ ︽ᠨᠢᠭᠡ ᠺᠠᠷᠲ ᠪᠠᠷ ᠲᠠᠷᠬᠠᠭᠠᠬᠤ︾ ᠺᠠᠷᠲ ︵ᠪᠠᠩᠬᠢ ᠶᠢᠨ ᠺᠠᠷᠲ︶ ᠢᠶᠠᠨ ᠠᠪᠴᠤ᠂ ᠡᠷᠦᠬᠡ ᠠᠮᠠ ᠶᠢᠨ ᠪᠠᠶᠢᠭ᠎ᠠ ᠬᠤᠰᠢᠭᠤ ᠰᠢᠶᠠᠨ ︵ᠲᠣᠭᠤᠷᠢᠭ︶ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠨᠥᠬᠦᠪᠥᠷᠢ ᠮᠥᠩᠭᠦ ᠭᠤᠶᠤᠴᠢᠯᠠᠨ᠎ᠠ︔ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠪᠠ ᠪᠤᠰᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ᠂ ᠬᠠᠤᠯᠢ ᠶᠢᠨ ᠡᠷᠬᠡᠲᠡᠨ ᠤ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠪᠤᠶᠤ ᠳᠠᠩᠰᠠᠯᠠᠭᠤᠯᠤᠭᠰᠠᠨ ᠭᠠᠵᠠᠷ ᠲᠠᠭᠠᠨ ᠬᠦᠷᠴᠦ ᠭᠤᠶᠣᠴᠢᠯᠠᠵᠣ ᠪᠣᠯᠤᠨ᠎ᠠ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠭᠤᠶᠤᠴᠢᠯᠠᠬᠤ ᠳᠤ ᠡᠵᠡᠩᠨᠡᠯᠲᠡ ᠶᠢᠨ ᠦᠨᠡᠮᠯᠡᠯ ᠢᠶᠠᠨ ᠬᠠᠩᠭᠠᠵᠤ᠂ ᠭᠠᠷᠲᠠᠨ ᠭᠦᠢᠴᠡᠳᠬᠡᠭᠴᠢ ᠨᠢ ᠲᠣᠰ ᠵᠣᠬᠢᠶᠠᠨ ᠪᠠᠶᠢᠭᠤᠯᠤᠯᠲᠠ ᠶᠢᠨ ᠬᠡᠰᠢᠭᠦᠨ ᠳᠤ ᠭᠡᠷᠡᠴᠢ ᠬᠠᠩᠭᠠᠬᠤ ᠬᠡᠷᠡᠭᠲᠡᠶ︔ ᠮᠠᠯᠴᠢᠳ ᠪᠣᠯᠤᠨ ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠮᠥᠩᠭᠦ ᠶᠢ ᠭᠤᠶᠣᠴᠢᠯᠠᠬᠤ ᠳᠤ᠂ ᠥᠪᠡᠷᠲᠡᠭᠡᠨ ᠵᠠᠰᠠᠬᠤ ᠣᠷᠣᠨ ᠠᠴᠠ ᠨᠢᠭᠡᠳᠣᠯᠳᠠᠢ ᠲᠠᠷᠬᠠᠭᠠᠭᠰᠠᠨ ᠨᠤᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠦᠨᠡᠮᠯᠡᠯ ᠤᠨ ᠮᠠᠲ᠋ᠧᠷᠢᠶᠠᠯ ᠢᠶᠠᠨ ᠬᠠᠮᠲᠤ ᠳᠤᠨᠢ ᠬᠠᠩᠭᠠᠵᠤ᠂ ᠡᠷᠥᠭᠡ ᠬᠤᠪᠢᠶᠠᠭᠰᠠᠨ ᠤ ᠲᠠᠷᠠᠭ᠎ᠠ ᠬᠠᠮᠲᠤ ᠪᠠᠷ ᠬᠡᠷᠡᠭᠯᠡᠵᠣ ᠪᠠᠶᠢᠭ᠎ᠠ ᠪᠤᠶᠤ ᠦᠨᠡᠮᠯᠡᠯ ᠢᠶᠠᠨ ᠣᠯᠭᠤᠭᠠᠳᠤᠶ ᠪᠣᠯ ᠬᠠᠮᠲᠤ ᠪᠠᠷ ᠬᠡᠷᠡᠭᠯᠡᠵᠣ ᠪᠠᠶᠢᠭ᠎ᠠ ᠨᠣᠳᠤᠭ ᠪᠡᠯᠴᠢᠭᠡᠷ ᠤᠨ ᠦᠨᠡᠮᠯᠡᠯ ᠵᠢᠴᠢ ᠮᠠᠰᠢᠨ ᠬᠤᠳᠠᠯᠳᠤᠨ ᠠᠪᠤᠭᠴᠢ ᠶᠢᠨ ᠪᠠᠶᠢᠭ᠎ᠠ ᠰᠤᠮᠤ ︵ᠪᠠᠯᠭᠠᠰᠤ︶ ᠪᠤᠶᠤ ᠭᠠᠴᠠᠭ᠎ᠠ ᠠᠴᠠ ᠣᠯᠭᠤᠭᠰᠠᠨ ᠭᠡᠷᠡᠴᠢ ᠬᠠᠩᠭᠠᠬᠤ ᠬᠡᠷᠡᠭᠲᠡᠶ᠃ ᠮᠠᠰᠢᠨ ᠬᠤᠳᠠᠯᠳᠤᠨ ᠠᠪᠤᠭᠴᠢ ᠲᠣᠭᠲᠠᠭᠠᠯ ᠶᠣᠰᠣᠭᠠᠷ ᠭᠤᠶᠤᠴᠢᠯᠠᠬᠤ ᠮᠠᠲ᠋ᠧᠷᠢᠶᠠᠯ ᠢᠶᠠᠨ ᠬᠠᠩᠭᠠᠵᠣ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ ᠪᠠ ᠮᠠᠰᠢᠨ ᠲᠦᠬᠦᠭᠡᠷᠣᠮᠵᠢ ᠶᠢᠨ ᠠᠵᠤ ᠠᠬᠤᠶᠢᠯᠠᠯ ᠠᠴᠠ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮ ᠨᠢ ᠪᠠᠶᠢᠩᠭᠤ ᠨᠡᠪᠳᠡᠷᠡᠵᠣ᠂ ᠮᠠᠰᠢᠨ ᠬᠤᠳᠠᠯᠳᠤᠨ ᠠᠪᠤᠭᠴᠢ ᠶᠢᠨ ᠰᠦᠯᠵᠢᠶᠡᠨ ᠳᠡᠭᠡᠷ᠎ᠡ ᠨᠥᠬᠦᠪᠥᠷᠢ ᠭᠤᠶᠤᠴᠢᠯᠠᠬᠤ ᠳᠤ ᠲᠥᠬᠦᠮ ᠦᠵᠡᠬᠦᠯᠦᠨ᠎ᠡ᠃ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠮᠠᠰᠢᠨ ᠬᠤᠳᠠᠯᠳᠤᠨ ᠠᠪᠤᠭᠴᠢ ᠶᠢᠨ ᠠᠬᠤᠢ ᠲᠠᠯᠠᠪᠠᠶ ᠶᠢᠨ ᠭᠤᠶᠤᠴᠢᠯᠠᠯ᠂ APP ᠭᠤᠶᠤᠴᠢᠯᠠᠯ ᠤᠨ ᠳᠠᠷᠠᠭᠠᠯᠠᠯ ᠢᠶᠠᠷ ᠬᠢᠨᠠᠨ ᠬᠠᠷᠭᠤᠭᠤᠯᠵᠤ᠂ ᠠᠯᠳᠠᠭ᠎ᠠ ᠥᠬᠡᠶ ᠪᠠᠶᠢᠪᠠᠯ ᠬᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠳᠤ ᠨᠥᠬᠦᠪᠥᠷᠢ ᠶᠢᠨ ᠮᠡᠳᠡᠭᠡ ᠵᠠᠩᠭᠢ ᠶᠢ ᠣᠷᠣᠭᠤᠯᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠭᠤᠶᠣᠴᠢᠯᠠᠬᠤ ᠬᠦᠰᠦᠨᠦᠭᠲᠦ ᠳᠤ ᠭᠠᠷ ᠤᠨ ᠥᠰᠥᠭ ᠵᠢᠷᠣᠨ᠎ᠠ᠃ ᠲᠠᠷᠢᠶᠠᠯᠠᠩ ᠤᠨ  ᠮᠠᠰᠢᠨ ᠬᠤᠳᠠᠯᠳᠤᠨ ᠠᠪᠬᠤ ᠨᠥᠬᠦᠪᠥᠷᠢ ᠭᠤᠶᠣᠴᠢᠯᠠᠬᠤ ᠬᠦᠰᠦᠨᠦᠭᠲᠦ ᠨᠢ ᠨᠢᠭᠡ ᠬᠡᠯᠪᠡᠷᠢ ᠶᠢᠨ ᠬᠤᠶᠠᠷ ᠬᠤᠪᠢ ᠪᠠᠶᠢᠵᠤ᠂ ᠨᠢᠭᠡ ᠬᠤᠪᠢ ᠶᠢ ᠨᠢ ᠮᠧᠬᠠᠨᠢᠭ ᠬᠤᠳᠠᠯᠳᠤᠨ ᠠᠪᠤᠭᠴᠢ ᠦᠪᠡᠷᠳᠡᠭᠡᠨ ᠦᠯᠡᠳᠡᠭᠡᠵᠣ᠂ ᠨᠢᠭᠡ ᠬᠤᠪᠢ ᠶᠢ ᠨᠢ ᠲᠠᠩᠰᠠ ᠡᠪᠬᠡᠮᠡᠯ ᠳᠤ ᠣᠷᠣᠭᠤᠯᠤᠨ᠎ᠠ᠃ ᠮᠠᠰᠢᠨ ᠬᠤᠳᠠᠯᠳᠤᠨ ᠠᠪᠤᠭᠴᠢ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠭᠤᠶᠤᠴᠢᠯᠠᠬᠤ ᠬᠦᠰᠦᠨᠦᠭᠲᠦ ᠳᠤ ᠭᠠᠷ ᠤᠨ ᠦᠰᠦᠭ ᠢᠶᠠᠨ ᠵᠢᠷᠤᠵᠤ᠂ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ︔ ᠮᠠᠰᠢᠨ ᠬᠤᠳᠠᠯᠳᠣᠨ ᠠᠪᠣᠭᠴᠢ ᠦᠪᠡᠷᠳᠡᠭᠡᠨ ᠲᠤᠬᠠᠶ ᠶᠢᠨ ᠲᠠᠯᠠᠪᠤᠷ ᠲᠤ ᠬᠦᠷᠴᠦ ᠭᠤᠶᠣᠴᠢᠯᠠᠵᠣ ᠴᠢᠳᠠᠬᠤ ᠦᠭᠡᠢ ᠪᠤᠰᠤᠳ ᠢᠶᠠᠷ ᠨᠠᠶᠢᠳᠠᠨ ᠬᠦᠢᠴᠡᠳᠭᠡᠯᠭᠡᠬᠦ ᠳᠤ ᠡᠷᠬᠡᠪᠴᠢ ᠪᠢᠴᠢᠭ ᠤᠨ ᠬᠡᠯᠪᠡᠷᠢ ᠶᠢᠨ ᠨᠠᠶᠢᠳᠠᠨ ᠭᠦᠢᠴᠡᠳᠭᠡᠬᠦ ᠪᠢᠴᠢᠭ ᠪᠠᠶᠢᠬᠤ ᠭᠡᠷᠡᠭᠲᠠᠢ  ᠃ ᠫᠠᠶᠢᠰᠠ ᠦᠨᠡᠮᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠮᠠᠰᠢᠨ ᠲᠦᠬᠦᠭᠡᠷᠣᠮᠵᠢ ᠨᠢ ᠫᠠᠶᠢᠰᠠ ᠦᠨᠡᠮᠯᠡᠯ ᠤᠨ ᠭᠠᠷ ᠭᠦᠢᠴᠡᠳᠬᠡᠯ ᠢᠶᠠᠨ ᠤᠷᠢᠳᠠᠪᠠᠷ ᠬᠢᠬᠦ ᠬᠡᠷᠡᠭᠲᠡᠶ᠃      ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠭᠤᠶᠤᠴᠢᠯᠠᠭᠰᠠᠨ ᠨᠦᠬᠦᠪᠦᠷᠢ ᠮᠦᠩᠭᠦ ᠨᠢ ᠲᠤᠬᠠᠶ ᠶᠢᠨ ᠵᠢᠯ ᠤᠨ ᠬᠡᠷᠡᠭᠯᠡᠵᠦ ᠪᠣᠯᠬᠤ ᠪᠡᠯᠡ ᠮᠥᠩᠭᠦ ︵ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠪᠠ ᠳᠤᠬᠢᠷᠠᠭᠤᠯᠤᠯᠳᠠ ᠶᠢᠨ ᠪᠡᠯᠡ ᠮᠥᠩᠭᠦ ᠪᠠᠭᠲᠠᠨ᠎ᠠ︶ ᠶᠢᠨ ᠶᠡᠷᠦᠩᠬᠡᠶ ᠬᠡᠮᠵᠢᠶ᠎ᠡ ᠶᠢᠨ 110% ᠳᠤ ᠬᠦᠷᠦᠭᠰᠡᠨ ᠪᠠᠶᠢᠪᠠᠯ᠂ ᠴᠠᠭ ᠲᠤᠬᠠᠶ ᠳᠤᠨᠢ ᠠᠯᠪᠠᠨ ᠵᠠᠷ ᠨᠡᠶᠢᠲᠡᠯᠡᠵᠦ᠂ ᠨᠥᠬᠦᠪᠥᠷᠢ ᠥᠭᠬᠦ ᠪᠠᠨ ᠵᠣᠭᠰᠣᠭᠠᠬᠤ ᠬᠡᠷᠡᠭᠲᠡᠶ᠃      ︵ᠲᠠᠪᠤ︶ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠶᠢ ᠬᠢᠨᠠᠨ ᠰᠢᠯᠭᠠᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ︽ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠲᠦᠭᠦᠬᠡᠷᠣᠮᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠱᠠᠭᠠᠷᠳᠠᠯᠭ᠎ᠠ ᠶᠣᠰᠣᠭᠠᠷ᠂ ᠨᠥᠬᠦᠪᠥᠷᠢ ᠥᠭᠬᠦ ᠬᠠᠮᠢᠶ᠎ᠠ ᠪᠥᠬᠦᠶ ᠭᠤᠶᠤᠴᠢᠯᠠᠯ ᠤᠨ ᠮᠠᠲ᠋ᠧᠷᠢᠶᠠᠯ ᠪᠠ ᠮᠠᠰᠢᠨ ᠲᠦᠬᠦᠭᠡᠷᠣᠮᠵᠢ ᠶᠢ ᠬᠠᠷᠭᠤᠭᠤᠯᠤᠨ ᠪᠠᠶᠢᠴᠠᠭᠠᠨ᠎ᠠ᠂ ᠡᠭᠦᠨ ᠳᠤ ᠫᠠᠶᠢᠰᠠ ᠦᠨᠡᠮᠯᠡᠯ ᠲᠠᠢ ᠮᠠᠰᠢᠨ ᠲᠦᠭᠦᠭᠡᠷᠣᠮᠵᠢ ᠶᠢ ᠬᠠᠷᠭᠤᠭᠤᠯᠤᠨ ᠪᠠᠶᠢᠴᠠᠭᠠᠬᠤ ᠴᠢᠬᠤᠯᠠ ᠦᠭᠡᠢ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠮᠠᠰᠢᠨ ᠬᠤᠳᠠᠯᠳᠤᠨ ᠠᠪᠤᠭᠴᠢ ᠶᠢᠨ ᠭᠤᠶᠤᠴᠢᠯᠠᠯ ᠢ ᠣᠯᠤᠭᠰᠠᠨ ᠤ ᠲᠠᠷᠠᠭ᠎ᠠ᠂ 2 ᠠᠵᠢᠯᠯᠠᠬᠤ ᠡᠳᠦᠷ ᠤᠨ ᠳᠣᠲᠣᠷ᠎ᠠ ᠬᠥᠯᠢᠶᠡᠨ ᠭᠦᠢᠴᠡᠳᠭᠡᠵᠣ᠂ ᠮᠠᠲ᠋ᠧᠷᠢᠶᠠᠯ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠥ ᠭᠦᠢᠴᠡᠳᠭᠡᠵᠣ ᠳᠡᠶᠢᠯᠬᠦ ᠦᠭᠡᠢ ᠪᠠᠶᠢᠪᠠᠯ ᠰᠢᠯᠲᠠᠭᠠᠨ ᠢ ᠨᠢ ᠲᠣᠳᠣᠷᠬᠠᠶᠢᠯᠠᠵᠣ᠂ ᠤᠤᠯ ᠶᠠᠩᠵᠣ ᠪᠠᠷ ᠭᠤᠶᠤᠴᠢᠯᠠᠯ ᠢ ᠨᠢ ᠪᠤᠴᠠᠭᠠᠬᠤ ᠬᠡᠷᠡᠭᠲᠡᠶ︔ ᠨᠥᠬᠦᠴᠡᠯ ᠳᠤ ᠨᠡᠶᠢᠴᠡᠪᠡᠯ ᠭᠥᠯᠢᠶᠡᠨ ᠭᠦᠢᠴᠡᠳᠭᠡᠵᠣ᠂ 13 ᠠᠵᠢᠯᠯᠠᠬᠤ ᠡᠳᠦᠷ ᠤᠨ ᠳᠣᠲᠣᠷ᠎ᠠ ︵ᠢᠯᠡ ᠨᠡᠶᠢᠲᠡᠯᠡᠬᠦ ᠴᠠᠭ ᠪᠠᠭᠲᠠᠬᠤ ᠥᠬᠡᠶ︶ ᠬᠠᠮᠢᠶ᠎ᠠ ᠪᠥᠬᠦᠶ ᠬᠠᠷᠭᠤᠭᠤᠯᠤᠨ ᠪᠠᠶᠢᠴᠠᠭᠠᠬᠤ ᠠᠵᠢᠯ ᠢ ᠲᠠᠭᠤᠰᠬᠠᠬᠤ ᠶᠢᠨ ᠬᠠᠮᠲᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠤᠨ᠎ᠠ᠃ ᠰᠤᠮᠤ ︵ᠪᠠᠯᠭᠠᠰᠤ︶ ᠪᠤᠶᠤ ᠨᠥᠬᠦᠪᠥᠷᠢ ᠭᠤᠶᠤᠴᠢᠯᠠᠬᠤ ᠴᠡᠭ ᠤᠨ ᠵᠠᠷᠯᠠᠨ ᠨᠡᠶᠢᠲᠡᠯᠡᠬᠦ ᠪᠤᠯᠤᠩ ᠳᠤ ᠮᠡᠳᠡᠭᠡ ᠵᠠᠩᠭᠢ ᠶᠢ ᠬᠠᠮᠲᠤ ᠳᠤᠨᠢ ᠢᠯᠡ ᠨᠡᠶᠢᠲᠡᠯᠡᠬᠦ ᠶᠢ ᠵᠣᠷᠢᠭᠵᠢᠭᠤᠯᠤᠨ᠎ᠠ᠃ 2021 ᠣᠨ ᠳᠤ ᠨᠥᠬᠦᠪᠥᠷᠢ ᠮᠦᠩᠭᠦ ᠨᠢ 3000 ᠲᠥᠭᠦᠷᠢᠭ ᠠᠴᠠ ᠳᠠᠪᠠᠭᠰᠠᠨ ᠨᠥᠬᠦᠪᠥᠷᠢ ᠶᠢᠨ ᠮᠠᠰᠢᠨ ᠲᠦᠬᠦᠭᠡᠷᠣᠮᠵᠢ ᠶᠢ ᠡᠷᠬᠡᠪᠰᠢ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠬᠦᠷᠴᠦ ᠬᠢᠨᠠᠨ ᠪᠠᠶᠢᠴᠠᠭᠠᠯᠭᠠᠵᠣ᠂ ᠮᠠᠰᠢᠨ ᠲᠠᠢ ᠪᠠᠨ ᠬᠠᠮᠲᠤ ᠶᠢᠨ ᠰᠡᠭᠦᠳᠡᠷ ᠲᠠᠲᠠᠭᠤᠯᠵᠤ ᠳᠠᠩᠰᠠᠯᠠᠭᠤᠯᠬᠤ ᠬᠡᠷᠡᠭᠲᠡᠶ᠃ 180 ᠮᠣᠷᠢᠨ ᠬᠦᠴᠦ ᠠᠴᠠ ᠳᠡᠭᠡᠭᠰᠢ ︵180 ᠮᠣᠷᠢᠨ ᠬᠦᠴᠦ ᠶᠢ ᠪᠠᠭᠲᠠᠭᠠᠬᠤ ᠥᠬᠡᠶ︶ ᠲᠷᠠᠺᠲ᠋ᠣᠷ ᠤᠨ ᠨᠥᠬᠦᠪᠥᠷᠢ ᠶᠢ ᠭᠤᠶᠤᠴᠢᠯᠠᠬᠤ ᠳᠤ᠂ ᠡᠷᠬᠡᠪᠰᠢ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠤᠳᠤᠷᠢᠳᠬᠤ ᠳᠤᠭᠤᠶᠢᠯᠠᠩ ᠢᠶᠠᠷ ᠰᠤᠳᠤᠯᠤᠨ ᠲᠣᠭᠲᠠᠭᠠᠯᠭᠠᠬᠤ ᠬᠡᠷᠡᠭᠲᠡᠶ᠃      ︵ᠵᠢᠷᠭᠤᠭ᠎ᠠ︶ ᠨᠦᠬᠦᠪᠦᠷᠢ ᠮᠦᠩᠭᠦ ᠶᠢ ᠲᠠᠷᠬᠠᠭᠠᠬᠤ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ  ᠠᠴᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠲᠤᠰᠢᠶᠠᠭᠰᠠᠨ ᠨᠦᠬᠦᠪᠦᠷᠢ ᠮᠦᠩᠭᠦ ᠲᠠᠷᠬᠠᠭᠠᠬᠤ ᠭᠤᠶᠤᠴᠢᠯᠠᠯ ᠪᠣᠯᠤᠨ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ 15 ᠠᠵᠢᠯᠯᠠᠬᠤ ᠡᠳᠦᠷ ᠤᠨ ᠳᠣᠲᠣᠷ᠎ᠠ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠱᠠᠭᠠᠷᠳᠠᠯᠭ᠎ᠠ ᠳᠤ ᠨᠡᠶᠢᠴᠡᠬᠦ ᠮᠠᠰᠢᠨ ᠬᠤᠳᠠᠯᠳᠤᠨ ᠠᠪᠤᠭᠴᠢ ᠳᠤ ᠨᠦᠬᠦᠪᠦᠷᠢ ᠮᠥᠩᠭᠦ ᠶᠢ ︽ᠨᠢᠬᠡ ᠺᠠᠷᠲ ᠪᠠᠷ ᠲᠠᠷᠬᠠᠭᠠᠬᠤ︾ ︵ᠪᠠᠩᠬᠢ ᠶᠢᠨ ᠺᠠᠷᠲ︶  ᠬᠡᠯᠪᠡᠷᠢ ᠪᠠᠷ ᠨᠢᠭᠡ ᠯᠡ ᠣᠳᠠᠭ᠎ᠠ ᠳᠤ ᠪᠦᠬᠦᠨ ᠢ ᠣᠯᠭᠤᠵᠣ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠪᠤᠶᠤ ᠪᠤᠰᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠶᠢ ᠳᠡᠭᠡᠷ᠎ᠡ ᠳᠤᠷᠠᠳᠤᠭᠰᠠᠨ ᠵᠣᠬᠢᠶᠠᠨ ᠪᠠᠶᠢᠭᠤᠯᠤᠯᠲᠠ ᠶᠢᠨ ᠲᠠᠩᠰᠠᠨ   ᠳᠤ ᠰᠢᠯᠵᠢᠭᠦᠯᠦᠨ ᠥᠭᠭᠦᠨ᠎ᠡ︔ ᠳᠠᠩᠰᠠ ᠪᠠᠶᠢᠭᠤᠯᠤᠭᠰᠠᠨ ᠥᠬᠡᠶ ᠪᠠᠶᠢᠪᠠᠯ᠂ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢᠶᠠᠷ ᠵᠥᠪᠰᠢᠶᠡᠷᠡᠭᠦᠯᠬᠦ ᠶᠢᠨ ᠬᠠᠮᠲᠤ ᠭᠠᠷ ᠤᠨ ᠥᠰᠥᠭ ᠵᠢᠷᠤᠭᠤᠯᠵᠤ᠂ ᠮᠠᠲ᠋ᠧᠷᠢᠶᠠᠯ ᠢ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠤᠯᠢ ᠶᠢᠨ ᠡᠷᠬᠡᠲᠡᠨ ᠪᠤᠶᠤ ᠪᠤᠰᠤᠳ ᠪᠦᠷᠢᠯᠳᠦᠬᠦᠨ ᠳᠤ ︽ᠨᠢᠭᠡ ᠺᠠᠷᠲ ᠪᠠᠷ ᠲᠠᠷᠬᠠᠭᠠᠬᠤ︾ ᠬᠡᠯᠪᠡᠷᠢ ᠪᠠᠷ ᠬᠤᠪᠢ ᠶᠢᠨ ᠲᠠᠩᠰᠠᠨ ᠳᠤ ᠲᠠᠷᠬᠠᠭᠠᠨ᠎ᠠ᠃ ᠲᠠᠷᠢᠶᠠᠯᠠᠩ ᠤᠨ ᠮᠠᠰᠢᠨ ᠲᠦᠬᠦᠭᠡᠷᠣᠮᠵᠢ ᠬᠤᠳᠠᠯᠳᠤᠨ ᠠᠪᠬᠤ ᠨᠥᠬᠦᠪᠥᠷᠢ ᠮᠥᠩᠭᠦ ᠶᠢ ᠡᠵᠡᠯᠡᠨ ᠬᠡᠷᠡᠭᠯᠡᠵᠣ ᠰᠢᠯᠵᠢᠬᠦᠯᠦᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠭᠡᠷᠡᠭᠲᠠᠢ᠃ ᠪᠠᠯᠠ ᠮᠥᠩᠭᠦ ᠬᠦᠷᠦᠯᠴᠡᠬᠦ ᠥᠬᠡᠶ ᠪᠤᠶᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠵᠡᠷᠭᠡ ᠰᠢᠯᠲᠠᠭᠠᠨ ᠠᠴᠠ ᠪᠣᠯᠵᠣ ᠨᠦᠬᠦᠪᠦᠷᠢ ᠲᠠᠷᠬᠠᠭᠠᠬᠤ ᠬᠤᠭᠤᠴᠠᠭ᠎ᠠ ᠶᠢ ᠬᠤᠶᠢᠰᠢᠯᠠᠭᠤᠯᠬᠤ ᠴᠢᠬᠤᠯᠠ ᠲᠠᠢ ᠪᠣᠯ᠂ ᠮᠠᠰᠢᠨ ᠬᠤᠳᠠᠯᠳᠤᠨ ᠠᠪᠤᠭᠴᠢ ᠳᠤ ᠮᠡᠳᠡᠭᠳᠡᠬᠦ ᠶᠢᠨ ᠬᠠᠮᠲᠤ ᠴᠠᠭ ᠲᠤᠬᠠᠶ ᠳᠤᠨᠢ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠳᠣᠷᠠᠨ ᠪᠠᠯᠠ ᠮᠥᠩᠭᠦ ᠶᠢᠨ ᠪᠠᠶᠢᠳᠠᠯ ᠢᠶᠠᠨ  ᠳᠡᠭᠡᠭᠰᠢ ᠮᠡᠳᠡᠭᠦᠯᠬᠦ ᠬᠡᠷᠡᠭᠲᠡᠶ᠃ ᠨᠥᠬᠦᠪᠥᠷᠢ ᠭᠤᠶᠤᠴᠢᠯᠠᠬᠤ ᠨᠢ ᠵᠠᠷᠴᠢᠮ ᠳᠡᠭᠡᠷ᠎ᠡ ᠪᠠᠨ ᠲᠤᠬᠠᠶ ᠶᠢᠨ ᠵᠢᠯ ᠳᠤ ᠬᠦᠴᠦᠨ ᠲᠠᠢ᠂ ᠲᠤᠬᠠᠶ ᠶᠢᠨ ᠵᠢᠯ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠬᠦᠷᠦᠯᠴᠡᠬᠦ ᠥᠬᠡᠶ᠂ ᠭᠠᠷᠳᠠᠮ ᠭᠦᠢᠴᠡᠳᠬᠡᠬᠦ ᠴᠠᠭ ᠪᠠᠴᠢᠮ ᠵᠡᠷᠭᠡ ᠠᠴᠠ ᠪᠣᠯᠵᠣ ᠬᠦᠢᠴᠡᠳᠭᠡᠭᠰᠡᠨ ᠦᠭᠡᠢ ᠪᠠᠶᠢᠪᠠᠯ᠂ ᠳᠠᠷᠠᠭ᠎ᠠ ᠵᠢᠯ ᠳᠤ ᠲᠦᠷᠦᠬᠦᠯᠡᠨ ᠭᠦᠢᠴᠡᠳᠭᠡᠬᠦ ᠬᠡᠷᠡᠭᠲᠠᠢ᠃      ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠵᠢᠯ ᠲᠠᠷᠠᠭᠠᠯᠠᠨ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠣᠷᠣᠰᠢᠬᠤ ᠪᠤᠶᠤ ᠨᠥᠬᠦᠪᠥᠷᠢ ᠮᠥᠩᠭᠦ ᠬᠡᠪᠴᠢᠶᠡᠨ ᠠᠴᠠ ᠬᠡᠳᠣᠷᠡᠬᠦ ᠠᠴᠠ ᠪᠣᠰᠣᠳ᠂ ᠶᠠᠮᠠᠷᠪᠠ ᠰᠢᠯᠲᠠᠭᠠᠨ ᠢᠶᠠᠷ ᠮᠠᠰᠢᠨ ᠬᠤᠳᠠᠯᠳᠤᠨ ᠠᠪᠤᠭᠴᠢ ᠶᠢᠨ ᠨᠥᠬᠦᠪᠥᠷᠢ ᠭᠤᠶᠤᠴᠢᠯᠠᠬᠤ ᠶᠢ ᠬᠢᠵᠠᠭᠠᠷᠯᠠᠵᠤ ᠪᠣᠯᠬᠤ ᠥᠬᠡᠶ ᠮᠥᠷᠲᠡᠭᠡᠨ ᠨᠥᠬᠦᠪᠥᠷᠢ ᠥᠭᠬᠦ ᠮᠠᠰᠢᠨ ᠲᠦᠬᠦᠭᠡᠷᠣᠮᠵᠢ ᠶᠢᠨ ᠬᠢᠷᠢ ᠬᠡᠮ᠂ ᠨᠥᠬᠦᠪᠥᠷᠢ ᠥᠭᠬᠦ ᠪᠠᠷᠢᠮᠵᠢᠶ᠎ᠠ ᠪᠠ ᠭᠦᠢᠴᠡᠳᠬᠡᠬᠦ ᠲᠠᠰ ᠳᠠᠷᠠᠭᠠᠯᠠᠯ ᠵᠡᠷᠭᠡ ᠶᠢ ᠴᠥᠮ ᠭᠤᠶᠣᠴᠢᠯᠠᠯ ᠤᠨ ᠮᠠᠲ᠋ᠧᠷᠢᠶᠠᠯ ᠢᠶᠠᠨ ᠲᠣᠰᠢᠶᠠᠵᠣ᠂ ᠦᠢᠯᠡᠴᠢᠯᠡᠭᠡᠨ ᠤ ᠰᠢᠰᠲ᠋ᠧᠮ ᠳᠤ ᠣᠷᠣᠭᠤᠯᠬᠤ ᠦᠶ᠎ᠡ ᠶᠢᠨ ᠬᠠᠮᠢᠶ᠎ᠠ ᠪᠥᠬᠦᠶ ᠲᠣᠭᠲᠠᠭᠠᠯ ᠢᠶᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠨᠥᠯᠥᠭᠡᠯᠡᠭᠳᠡᠬᠦ ᠥᠬᠡᠶ᠃ ᠮᠠᠰᠢᠨ ᠬᠤᠳᠠᠯᠳᠤᠨ ᠠᠪᠤᠭᠴᠢ ᠨᠢ ᠬᠤᠳᠠᠯᠳᠤᠨ ᠠᠪᠤᠭᠰᠠᠨ ᠮᠠᠰᠢᠨ ᠲᠦᠬᠦᠭᠡᠷᠣᠮᠵᠢ ᠪᠠᠨ ᠥᠮᠴᠢᠯᠡᠬᠦ ᠡᠷᠬᠡ ᠲᠠᠢ᠂ ᠦᠪᠡᠷᠳᠡᠭᠡᠨ ᠡᠵᠡᠨ ᠮᠡᠳᠡᠨ ᠬᠡᠷᠡᠭᠯᠡᠵᠣ᠂ ᠬᠠᠤᠯᠢ ᠶᠣᠰᠣᠭᠠᠷ ᠰᠢᠢᠳᠪᠦᠷᠢᠯᠡᠵᠦ ᠪᠣᠯᠤᠨ᠎ᠠ᠃      ᠳᠣᠯᠤᠭ᠎ᠠ᠂ ᠬᠡᠷᠡᠭᠵᠢᠭᠦᠯᠬᠦ ᠱᠠᠭᠠᠷᠳᠠᠯᠭ᠎ᠠ      ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠶ᠃ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠲᠤᠰᠬᠠᠶ ᠠᠵᠢᠯ ᠢ ᠤᠷᠤᠭᠰᠢᠲᠠᠶ ᠠᠬᠢᠭᠤᠯᠬᠤ ᠶᠢᠨ ᠲᠥᠯᠥᠭᠡ᠂ ᠬᠤᠰᠢᠭᠤ ᠵᠠᠰᠠᠭ ᠤᠨ ᠣᠷᠳᠣᠨ ᠠᠴᠠ ᠶᠠᠷᠢᠯᠴᠠᠨ ᠨᠢᠭᠳᠠᠯᠠᠭᠠᠳ᠂ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃      ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠲᠣᠬᠢᠷᠠᠭᠤᠯᠵᠣ᠂ ᠨᠥᠬᠦᠪᠥᠷᠢ ᠦᠭᠬᠦ ᠪᠣᠳᠠᠲᠠᠶ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠢᠨ ᠭᠦᠸᠧ ᠲᠣᠰᠢᠶᠠᠯ ᠬᠠᠪᠰᠣᠷᠭᠠᠨ᠎ᠠ᠃ ᠴᠢᠬᠤᠯᠠ ᠵᠦᠢᠯ ᠢ ᠡᠷᠬᠡᠪᠰᠢ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠬᠦᠯᠵᠦ᠂ ᠰᠢᠢᠳᠪᠦᠷᠢ ᠶᠢ ᠪᠢᠴᠢᠭ ᠤᠨ ᠬᠡᠯᠪᠡᠷᠢ ᠪᠠᠷ ᠬᠠᠳᠠᠭᠠᠯᠠᠵᠣ᠂ ᠨᠥᠬᠦᠪᠥᠷᠢ ᠮᠥᠩᠭᠦ ᠶᠢᠨ ᠠᠮᠤᠷ ᠲᠦᠪᠰᠢᠨ ᠢ ᠪᠠᠳᠣᠯᠠᠬᠤ ᠬᠡᠷᠡᠭᠲᠠᠢ᠃ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠳᠤ ᠬᠢᠨᠠᠨ ᠬᠠᠷᠭᠤᠭᠤᠯᠤᠭᠰᠠᠨ ᠰᠠᠨᠠᠯ ᠢ ᠣᠷᠣᠭᠤᠯᠬᠤ ᠬᠡᠷᠡᠭᠲᠡᠶ᠃  ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠨᠥᠬᠦᠪᠥᠷᠢ ᠮᠥᠩᠭᠦ ᠭᠤᠶᠣᠴᠢᠯᠠᠬᠤ ᠬᠦᠰᠦᠨᠦᠭᠲᠦ ᠶᠢ ᠬᠤᠰᠢᠭᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠣᠯᠤᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠣᠭᠤᠯᠬᠤ ᠭᠡᠷᠡᠭᠲᠠᠢ᠃      ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠤᠲᠠᠰᠤ᠄ 2770325᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0479 — 8213484 ︵ᠠᠶᠢᠮᠠᠭ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠯᠪᠠᠨ ᠬᠡᠷ︶᠃      ᠬᠤᠰᠢᠭᠤ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷᠠᠬᠢ ᠬᠠᠮᠲᠤᠷᠠᠨ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠦᠨᠡᠨᠬᠦ ᠴᠢᠩᠭᠠᠳᠬᠠᠨ᠂ ᠨᠢᠭᠳᠠ ᠬᠠᠮᠵᠢᠯᠴᠠᠨ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮ ᠪᠠ ᠳᠣᠲᠣᠭᠠᠳᠤ ᠶᠢᠨ ᠡᠵᠡᠮᠳᠡᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠳᠣ ᠶᠢᠨ ᠬᠦᠴᠦᠨ ᠢ ᠪᠦᠷᠢᠯᠳᠦᠭᠦᠯᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠨᠥᠬᠦᠪᠥᠷᠢ ᠥᠭᠬᠦ ᠠᠵᠢᠯᠳᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃      ︵ᠬᠤᠶᠠᠷ︶ ᠰᠠᠬᠢᠯᠭ᠎ᠠ ᠪᠠᠲᠤ ᠶᠢ ᠴᠢᠩᠭᠠᠯᠠᠵᠣ᠂ ᠳᠦᠷᠢᠮ ᠶᠣᠰᠣᠭᠠᠷ ᠠᠵᠢᠯᠯᠠᠬᠤ ᠬᠡᠷᠡᠭᠲᠠᠢ᠃ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠳᠦᠷᠢᠮ ᠶᠣᠰᠣᠭᠠᠷ ᠬᠡᠷᠡᠭᠵᠢᠭᠦᠯᠬᠦ ᠬᠡᠷᠡᠭᠲᠡᠶ᠃ ᠨᠢᠭᠡ ᠳᠤ᠂ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠵᠦ᠂ ᠬᠠᠮᠢᠶᠠᠷᠣᠯᠳᠠ ᠪᠠᠨ ᠴᠢᠩᠭᠠᠳᠬᠠᠬᠤ ᠬᠡᠷᠡᠭᠲᠠᠢ᠃ ᠪᠣᠳᠠᠳᠠᠢ ᠪᠠᠶᠢᠳᠠᠯ ᠢᠶᠠᠨ ᠦᠨᠳᠦᠰᠦᠯᠡᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠦᠭᠰᠡᠨ ᠪᠠᠶᠢᠪᠠᠯ᠂ ᠬᠠᠮᠲᠤ ᠪᠠᠷ ᠰᠤᠳᠤᠯᠤᠨ ᠰᠢᠢᠳᠪᠦᠷᠢ ᠭᠠᠷᠭᠠᠭᠰᠠᠨ ᠤ ᠳᠠᠷᠠᠭ᠎ᠠ᠂ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠰᠢᠶᠡᠷᠡᠭᠦᠯᠵᠦ᠂  ᠪᠢᠴᠢᠭ ᠤᠨ ᠬᠡᠯᠪᠡᠷᠢ ᠪᠠᠷ ᠵᠠᠰᠠᠭ ᠤᠨ ᠣᠷᠳᠣᠨ ᠤ ᠰᠢᠢᠳᠪᠦᠷᠢ ᠭᠠᠷᠭᠠᠵᠤ᠂ ᠳᠡᠭᠡᠷ᠎ᠡ ᠨᠢᠭᠡ ᠱᠠᠲᠤᠨ ᠤ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠵᠦ ᠪᠣᠯᠤᠨ᠎ᠠ᠃ ᠬᠤᠶᠠᠷ ᠲᠤ᠂ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠭᠦᠢᠴᠡᠳᠭᠡᠬᠦ ᠭᠡᠷᠡᠭᠲᠠᠢ᠃ ᠡᠬᠦᠨ ᠳᠤ ᠭᠤᠶᠤᠴᠢᠯᠠᠯ ᠢ ᠭᠥᠯᠢᠶᠡᠨ ᠭᠦᠢᠴᠡᠳᠭᠡᠬᠦ ᠴᠠᠭ ᠤᠨ ᠬᠢᠵᠠᠭᠠᠷ᠂ ᠬᠠᠷᠭᠤᠭᠤᠯᠤᠨ ᠪᠠᠶᠢᠴᠠᠭᠠᠬᠤ ᠴᠠᠭ ᠤᠨ ᠬᠢᠵᠠᠭᠠᠷ᠂ ᠪᠠᠯᠠ ᠮᠥᠩᠭᠦ ᠶᠢ ᠳ᠋ᠦᠩᠨᠡᠨ ᠪᠤᠳᠤᠬᠤ ᠴᠠᠭ ᠤᠨ ᠬᠢᠵᠠᠭᠠᠷ ᠵᠢᠴᠢ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠤᠨ ᠬᠢᠵᠠᠭᠠᠷ ᠵᠡᠷᠭᠡ ᠶᠢ ᠪᠠᠭᠲᠠᠭᠠᠵᠤ᠂ ᠦᠢᠯᠡᠴᠢᠯᠡᠬᠦ ᠨᠢᠭᠤᠷᠯᠠᠯ ᠤᠨ ᠡᠷᠬᠡ ᠠᠰᠢᠭ ᠢ ᠪᠠᠳᠣᠯᠠᠬᠤ ᠬᠡᠷᠡᠭᠲᠠᠢ᠃ ᠭᠤᠷᠪᠠ ᠳᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠴᠢᠩᠭ᠎ᠠ ᠵᠢᠷᠤᠮᠯᠠᠨ᠂ ᠦᠪᠡᠷ ᠢ  ᠪᠠᠨ ᠴᠢᠩᠭ᠎ᠠ ᠱᠠᠭᠠᠷᠳᠠᠵᠣ᠂ ᠮᠠᠰᠢᠨ ᠬᠤᠳᠠᠯᠳᠤᠨ ᠠᠪᠤᠭᠴᠢ ᠶᠢᠨ ᠡᠵᠡᠨ ᠮᠡᠳᠡᠨ ᠰᠣᠩᠭᠤᠬᠤ ᠡᠷᠬᠡ ᠶᠢ ᠬᠦᠨᠳᠦᠳᠬᠡᠵᠦ᠂ ᠨᠥᠬᠦᠪᠥᠷᠢ ᠦᠭᠬᠦ ᠨᠢᠭᠤᠷᠯᠠᠯ ᠢ ᠡᠷᠬᠡ ᠲᠡᠭᠰᠢ ᠲᠥᠪ ᠭᠤᠤᠯᠴᠢ ᠪᠠᠷ ᠲᠣᠭᠲᠠᠭᠠᠵᠤ᠂ ᠰᠤᠯᠠ ᠵᠠᠳᠠᠭᠠᠶ ᠬᠠᠷᠢᠯᠴᠠᠨ ᠨᠠᠶᠢᠳᠠᠬᠤ᠂ ᠠᠯᠪᠠ ᠬᠠᠰᠢᠵᠤ ᠠᠮᠠ ᠪᠥᠭᠯᠡᠬᠦ ᠮᠠᠭᠤ ᠰᠤᠷᠲᠠᠯ ᠢ ᠡᠷᠡᠰ ᠴᠡᠭᠡᠷᠯᠡᠵᠣ᠂ ᠰᠤᠷᠲᠠᠯ ᠴᠢᠬᠡᠴᠢ ᠣᠪᠣᠷ ᠲᠥᠪ ᠠᠵᠢᠯ ᠤᠨ ᠣᠷᠴᠢᠨ ᠢ ᠪᠣᠢ ᠪᠣᠯᠭᠠᠬᠤ ᠭᠡᠷᠡᠭᠲᠠᠢ᠃      ︵ᠭᠤᠷᠪᠠ︶ ᠦᠢᠯᠡᠴᠢᠯᠡᠭᠡ ᠪᠠᠨ ᠰᠢᠯᠢᠳᠡᠭᠵᠢᠭᠦᠯᠵᠦ᠂ ᠴᠢᠳᠠᠪᠬᠢ ᠪᠠᠨ ᠳᠡᠭᠡᠭᠰᠢᠯᠡᠬᠦᠯᠬᠦ ᠭᠡᠷᠡᠭᠲᠠᠢ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠳᠤ ᠲᠦᠰᠢᠭᠯᠡᠨ᠂ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠥᠬᠦᠪᠥᠷᠢ ᠭᠤᠶᠤᠴᠢᠯᠠᠬᠤ ᠪᠣᠳᠠᠲᠠᠶ ᠴᠠᠭ ᠬᠤᠭᠤᠴᠠᠭ᠎ᠠ ᠶᠢ ᠬᠥᠳᠡᠯᠦᠩᠭᠦᠶ ᠪᠠᠷ ᠵᠠᠳᠠᠯᠵᠤ᠂ ᠴᠠᠭ ᠠᠴᠠ ᠬᠡᠲᠦᠷᠡᠭᠦᠯᠦᠨ ᠭᠦᠢᠴᠡᠳᠬᠡᠬᠦ ᠠᠵᠢᠯᠯᠠᠭ᠎ᠠ ᠶᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠨᠥᠬᠦᠪᠥᠷᠢ ᠭᠤᠶᠤᠴᠢᠯᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠮᠠᠰᠢᠨ ᠲᠦᠭᠦᠭᠡᠷᠣᠮᠵᠢ ᠶᠢ ᠬᠢᠨᠠᠨ ᠰᠢᠯᠭᠠᠬᠤ᠂ ᠨᠦᠬᠦᠪᠦᠷᠢ ᠮᠥᠩᠭᠦ ᠲᠠᠷᠬᠠᠭᠠᠬᠤ ᠵᠡᠷᠭᠡ ᠠᠵᠢᠯ ᠢ ᠦᠨᠡᠨᠬᠦ ᠲᠦᠷᠭᠡᠳᠬᠡᠬᠦ ᠬᠡᠷᠡᠭᠲᠡᠶ᠃ ᠠᠵᠤ ᠦᠢᠯᠡᠰ ᠤᠨ ᠬᠡᠯᠬᠢᠶᠡᠰᠣ ᠬᠠᠩᠭᠠᠯᠭ᠎ᠠ ᠶᠢᠨ  ᠬᠡᠯᠬᠢᠶᠡᠰᠣ ᠶᠢ ᠰᠠᠭᠠᠳ ᠦᠭᠡᠢ ᠨᠡᠪᠲᠡᠷᠡᠭᠦᠯᠵᠦ᠂ ᠬᠤᠳᠠᠯᠳᠤᠭ᠎ᠠ ᠡᠵᠡᠩᠨᠡᠬᠦ ᠣᠬᠢ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠢᠨᠠᠨ ᠳᠣᠭᠳᠠᠭᠠᠭᠰᠠᠨ ᠲᠠᠷᠢᠶᠠᠯᠠᠩ ᠤᠨ ᠮᠠᠰᠢᠨ ᠦᠢᠯᠡᠳᠬᠦ ᠪᠣᠷᠣᠯᠠᠭᠤᠯᠬᠤ ᠠᠵᠤ ᠠᠬᠤᠶᠢᠯᠠᠯ ᠠᠴᠠ ᠮᠠᠰᠢᠨ ᠬᠤᠳᠠᠯᠳᠤᠨ ᠠᠪᠣᠭᠰᠠᠨ ᠵᠣᠭᠤᠰ ᠢᠶᠠᠨ ᠵᠣᠷᠢᠭᠤᠳᠠ ᠥᠷᠢᠲᠦᠭᠰᠡᠨ ᠮᠠᠰᠢᠨ ᠬᠤᠳᠠᠯᠳᠤᠨ ᠠᠪᠤᠭᠴᠢ ᠶᠢᠨ ᠨᠥᠬᠦᠪᠥᠷᠢ ᠬᠦᠷᠳᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠠᠢ᠃ ᠨᠥᠬᠦᠪᠥᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ᠂ ᠨᠥᠬᠦᠪᠥᠷᠢ ᠥᠭᠬᠦ ᠮᠠᠰᠢᠨ ᠲᠦᠬᠦᠭᠡᠷᠣᠮᠵᠢ ᠶᠢ ᠳᠡᠰ ᠳᠣᠭᠳᠠᠭᠠᠬᠤ᠂ ᠫᠠᠶᠢᠰᠠ ᠦᠨᠡᠮᠯᠡᠯ ᠢ ᠬᠠᠮᠢᠶᠠᠷᠬᠤ᠂ ᠨᠥᠬᠦᠪᠥᠷᠢ ᠮᠥᠩᠭᠦ ᠶᠢ ᠭᠤᠶᠣᠴᠢᠯᠠᠬᠤ ᠵᠡᠷᠭᠡ ᠮᠡᠳᠡᠭᠡ ᠵᠠᠩᠭᠢ ᠶᠢ ᠬᠠᠷᠢᠯᠴᠠᠨ ᠨᠡᠪᠳᠡᠷᠡᠬᠦᠯᠬᠦ ᠶᠢ ᠲᠦᠷᠭᠡᠳᠬᠡᠵᠦ᠂ ᠨᠥᠬᠦᠪᠥᠷᠢ ᠥᠭᠬᠦ ᠮᠠᠰᠢᠨ ᠲᠦᠬᠦᠭᠡᠷᠣᠮᠵᠢ ᠶᠢ ᠬᠥᠮᠦᠨ ᠤ ᠬᠦᠴᠦ ᠪᠠᠷ ᠬᠠᠷᠭᠤᠭᠤᠯᠤᠨ ᠪᠠᠶᠢᠴᠠᠭᠠᠵᠤ ᠪᠠᠶᠢᠭᠰᠠᠨ ᠠᠴᠠ ᠮᠠᠰᠢᠨ ᠢᠶᠠᠷ ᠬᠠᠷᠭᠤᠭᠤᠯᠤᠨ ᠪᠠᠶᠢᠴᠠᠭᠠᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠠᠢ᠃ ᠨᠥᠬᠦᠪᠥᠷᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠨᠦᠬᠦᠪᠦᠷᠢ ᠲᠠᠷᠬᠠᠭᠠᠬᠤ ᠶᠠᠪᠣᠴᠠ  ᠶᠢ ᠰᠦᠯᠵᠢᠶ᠎ᠡ ᠪᠠᠷ ᠭᠦᠢᠴᠡᠳᠬᠡᠬᠦ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠬᠤ ᠬᠡᠷᠡᠭᠲᠠᠢ᠃      ︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠵᠤ᠂ ᠬᠢᠨᠠᠯᠲᠠ ᠶᠢ ᠬᠦᠯᠢᠶᠡᠬᠦ ᠭᠡᠷᠡᠭᠲᠠᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠤᠬᠠᠭᠤᠯᠭ᠎ᠠ ᠶᠢᠨ ᠵᠢᠷᠤᠭ᠂ ᠷᠠᠳᠢᠣ᠋ ᠨᠡᠪᠲᠡᠷᠡᠭᠦᠯᠭᠡ ᠲᠧᠯᠸᠢᠰ᠂ ᠢᠨᠲ᠋ᠤᠷ ᠰᠦᠯᠵᠢᠶ᠎ᠡ ᠪᠣᠶᠣ ᠭᠠᠴᠠᠭᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠠᠪᠴᠠᠩ ᠵᠡᠷᠭᠡ ᠶᠢ ᠠᠰᠢᠭᠯᠠᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠬᠢᠭᠡᠳ ᠬᠡᠷᠡᠭᠵᠢᠬᠦᠯᠬᠦ ᠳᠦᠰᠦᠯ ᠢ ᠣᠬᠠᠭᠤᠯᠵᠣ᠂ ᠮᠠᠰᠢᠨ ᠬᠤᠳᠠᠯᠳᠤᠨ ᠠᠪᠤᠭᠴᠢ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠣᠯᠤᠨ ᠥᠷᠭᠡᠨ ᠣᠯᠠᠨ ᠮᠠᠯᠴᠢᠨ ᠲᠦᠮᠡᠨ ᠤ ᠪᠠᠶᠢᠳᠠᠯ ᠢ ᠦᠢᠯᠠᠭᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠮᠡᠳᠡᠭᠡ ᠵᠠᠩᠭᠢ ᠶᠢ ᠨᠡᠶᠢᠲᠡᠯᠡᠬᠦ ᠲᠤᠰᠬᠠᠶ ᠪᠤᠯᠤᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠶᠢᠷ᠎ᠠ ᠶᠢᠨ ᠭᠤᠷᠪᠠᠨ ᠵᠢᠯ ᠤᠨ ᠨᠥᠬᠦᠪᠥᠷᠢ ᠭᠥᠷᠳᠡᠬᠦ ᠨᠢᠭᠤᠷᠯᠠᠯ᠂ ᠨᠦᠬᠦᠪᠦᠷᠢ ᠲᠠᠷᠬᠠᠭᠠᠭᠰᠠᠨ ᠪᠠᠶᠢᠳᠠᠯ᠂ ᠲᠠᠷᠢᠶᠠᠯᠠᠩ ᠮᠠᠯ ᠠᠵᠤ ᠠᠬᠤᠶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠠᠰᠠᠭᠤᠨ ᠯᠠᠪᠯᠠᠬᠤ ᠢᠯᠡᠴᠢᠯᠡᠨ ᠮᠡᠳᠡᠬᠦᠯᠬᠦ ᠣᠳᠠᠰᠣ᠂ ᠨᠥᠬᠦᠪᠥᠷᠢ ᠮᠥᠩᠭᠦ ᠶᠢᠨ ᠬᠡᠪᠴᠢᠶ᠎ᠡ᠂ ᠬᠡᠷᠡᠭᠯᠡᠯᠲᠡ ᠶᠢᠨ ᠠᠬᠢᠴᠠ᠂ ᠲᠣᠭᠲᠠᠭᠠᠯ ᠠᠴᠠ ᠵᠥᠷᠢᠴᠡᠨ ᠢ ᠪᠠᠶᠢᠴᠠᠭᠠᠨ ᠰᠢᠢᠳᠪᠦᠷᠢᠯᠡᠭᠰᠡᠨ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ      ︵ᠲᠠᠪᠤ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠳ ᠢ ᠴᠢᠩᠭ᠎ᠠ ᠰᠢᠢᠳᠭᠡᠬᠦ ᠭᠡᠷᠡᠭᠲᠠᠢ᠃ ᠲᠤᠰ ᠲᠥᠰᠦᠯ ᠪᠠ ︽ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠢᠨᠠᠯᠲᠠ ᠬᠠᠮᠢᠶᠠᠷᠤᠯᠲᠠ ᠶᠢ ᠪᠠ ᠰᠠᠬᠢᠯᠭ᠎ᠠ ᠪᠠᠲᠤ ᠶᠢ ᠣᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︵ᠥᠪᠥᠷ ᠲᠠᠷᠢᠶᠠᠯᠠᠩ ᠮᠠᠯ ᠠᠵᠤ ᠠᠬᠤᠶ ᠮᠠᠰᠢᠨ ᠲᠠᠷᠬᠠᠭᠠᠭᠰᠠᠨ ︹ 2019 ︺ 216 ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠲᠣᠭᠲᠠᠭᠠᠯ ᠲᠠᠷᠬᠠᠭᠠᠭᠰᠠᠨ ︹ 2017 ︺ 9 ᠲᠣᠭᠠᠲᠤ︶ ᠤᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠬᠡᠪ ᠤᠨ ᠪᠤᠰᠤ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠬᠠᠮᠢᠶᠠᠷᠤᠯᠲᠠ ᠪᠠ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠠᠮᠠᠯᠠᠯᠲᠠ ᠶᠢᠨ ᠲᠦᠷᠢᠮ ᠢ ᠴᠢᠩᠭᠠᠳᠬᠠᠵᠣ᠂ ᠲᠤᠰᠬᠠᠶ ᠪᠠᠶᠢᠭᠤᠯᠤᠮᠵᠢ ᠶᠢᠨ ᠮᠡᠷᠭᠡᠵᠢᠯ ᠤᠨ ᠳᠠᠪᠠᠭᠤᠯᠢᠭ ᠪᠠ ᠳ᠋ᠠᠶᠢᠲ᠋ᠠ ᠬᠦᠮᠦᠷᠭᠡ ᠶᠢᠨ ᠮᠡᠳᠡᠭᠡ ᠵᠠᠩᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠶᠠᠪᠤᠴᠠ ᠳᠤ ᠵᠢᠭᠰᠠᠭᠠᠨ ᠪᠠᠶᠢᠴᠠᠭᠠᠵᠦ᠂ ᠲᠠᠷᠢᠶᠠᠯᠠᠩ ᠮᠠᠯ ᠠᠵᠣ ᠠᠬᠤᠢ ᠪᠠ ᠡᠳ᠋ ᠤᠨ ᠵᠠᠰᠠᠭ ᠬᠤᠶᠠᠷ ᠰᠠᠯᠠᠭ᠎ᠠ ᠮᠥᠴᠢᠷ ᠠᠴᠠ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠪᠠ ᠮᠤᠵᠢ ᠬᠤᠯᠪᠣᠭᠠᠯᠠᠨ ᠰᠢᠢᠳᠪᠦᠷᠢᠯᠡᠬᠦ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠣᠬᠢ ᠰᠠᠶᠢᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠬᠤ ᠬᠡᠷᠡᠭᠲᠠᠢ᠃      ︵ᠵᠢᠷᠭᠤᠭ᠎ᠠ︶ ᠠᠬᠢᠴᠠ ᠶᠢ ᠲᠦᠷᠭᠡᠳᠬᠡᠵᠦ᠂ ᠪᠠᠯᠠ ᠮᠥᠩᠭᠦ ᠶᠢ ᠪᠠᠳᠣᠯᠠᠬᠤ ᠬᠡᠷᠡᠭᠲᠠᠢ᠃ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ ︵2021 — 2023 ᠣᠨ︶ ᠢ ᠲᠣᠭᠳᠠᠭᠠᠨ ᠬᠡᠷᠡᠭᠵᠢᠭᠦᠯᠬᠦ ᠶᠢᠨ ᠬᠠᠮᠲᠤ ᠳᠡᠭᠡᠷ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃ ᠵᠢᠯ ᠪᠦᠷᠢ ᠶᠢᠨ 11 ᠰᠠᠷ᠎ᠠ ᠶᠢᠨ 30 ᠤ ᠡᠳᠦᠷ ᠠᠴᠠ ᠡᠮᠦᠨ᠎ᠡ᠂ ᠪᠥᠬᠦ ᠵᠢᠯ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠠᠯᠠ ᠮᠥᠩᠭᠦ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠳ᠋ᠦᠩᠨᠡᠵᠦ ᠮᠡᠳᠡᠬᠦᠯᠬᠦ ᠬᠡᠷᠡᠭᠲᠡᠶ᠃ ᠠᠵᠢᠯ ᠤᠨ ᠳ᠋ᠦᠩᠨᠡᠯᠲᠡ ᠳᠤ ᠦᠨᠳᠦᠰᠦᠨ ᠪᠠᠶᠢᠳᠠᠯ ︵ᠬᠡᠷᠡᠭᠯᠡᠭᠡᠨ ᠠᠴᠠ ᠭᠠᠷᠭᠠᠵᠤ ᠰᠢᠨᠡᠳᠭᠡᠭᠰᠡᠨ ᠢ ᠪᠠᠭᠳᠠᠭᠠᠨ᠎ᠠ︶᠂ ᠠᠷᠭ᠎ᠠ ᠬᠡᠮᠵᠢᠶ᠎ᠡ᠂ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠡᠷᠭᠡ ᠶᠢ ᠪᠠᠭᠲᠠᠭᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠪᠣᠯ ᠬᠢᠵᠠᠭᠠᠷᠯᠠᠬᠤ ᠴᠢᠨᠠᠷᠲᠠᠶ ᠡᠭᠦᠷᠭᠡ ᠮᠥᠨ᠂ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠤᠰᠤᠳ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ ᠪᠥᠭᠡᠳ ᠨᠥᠬᠦᠪᠥᠷᠢ ᠥᠭᠬᠦ ᠠᠵᠢᠯ ᠤᠨ ᠴᠢᠬᠤᠯᠠ ᠪᠥᠬᠦᠶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠷᠤᠳᠠᠯ ᠢ ᠪᠠᠳᠣᠯᠠᠬᠤ ᠬᠡᠷᠡᠭᠲᠠᠢ᠃    ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 — 2023 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ  ᠨᠡᠮᠡᠵᠣ ᠨᠥᠬᠦᠪᠥᠷᠢ ᠦᠭᠬᠦ ᠮᠠᠰᠢᠨ ᠲᠦᠭᠦᠭᠡᠷᠣᠮᠵᠢ ᠶᠢᠨ ᠲᠥᠷᠥᠯ ᠵᠦᠢᠯ2. ᠵᠡᠭᠦᠨ ᠦᠵᠦᠮᠦᠴᠢᠨ ᠬᠤᠰᠢᠭᠤᠨ ᠤ 2021 ᠣᠨ ᠤ ᠭᠤᠤᠯᠳᠠᠯᠭ᠎ᠠ ᠲᠠᠢ ᠨᠥᠬᠦᠪᠥᠷᠢ ᠥᠭᠬᠦ ᠮᠠᠰᠢᠨ ᠲᠦᠬᠦᠭᠡᠷᠣᠮᠵᠢ ᠶᠢᠨ ᠲᠥᠯᠥᠪᠯᠡᠭᠡ ᠶᠢᠨ ᠨᠠᠷᠢᠨ ᠬᠦᠰᠦᠨᠦᠭᠲᠦ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号