ᠤᠯᠢᠶᠠᠰᠤᠲᠠᠢ ᠪᠠᠯᠭᠠᠰᠤ᠄ ᠲᠣᠭᠤᠷᠢᠨ ᠪᠠᠶᠢᠴᠠᠭᠠᠵᠤ ᠬᠢᠨᠠᠨ ᠰᠤᠨᠤᠰᠴᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2021/11/24
      ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ︽ᠲᠣᠭᠤᠷᠢᠨ ᠪᠠᠶᠢᠴᠠᠭᠠᠵᠤ ᠬᠢᠨᠠᠨ ᠰᠤᠨᠤᠰᠬᠤ ᠳᠦᠷᠢᠮ︾ ᠢ  ᠨᠠᠶᠢᠳᠠᠪᠦᠷᠢᠵᠢᠭᠤᠯᠵᠤ᠂ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢᠨ ᠲᠦᠯᠦᠭᠡ᠂ 11 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠠᠷᠪᠠᠨ ᠳᠥᠷᠪᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠂ ᠬᠤᠷᠠᠯ ᠢ ᠤᠯᠢᠶᠠᠰᠤᠲᠠᠶ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷᠠᠨᠳᠤᠶᠠᠭ᠎ᠠ ᠡᠷᠭᠢᠯᠡᠵᠦ ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ︽ᠲᠣᠭᠤᠷᠢᠨ ᠰᠣᠨᠣᠰᠴᠤ ᠰᠤᠯᠠ ᠰᠣᠨᠣᠰᠬᠤ︾ ᠠᠵᠢᠯ ᠤᠨ ᠳᠤᠭᠤᠶᠢᠯᠠᠩ ᠬᠤᠷᠠᠯ ᠳᠤ ᠣᠷᠣᠯᠴᠠᠨ ᠵᠢᠯᠣᠭᠤᠳᠪᠠ᠃      ᠬᠤᠷᠠᠯ ᠳᠤ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ᠶᠢ ᠲᠤᠰ ᠲᠤᠰ ᠰᠤᠷᠤᠯᠴᠠᠪᠠ᠃ ᠲᠥᠪ ᠤᠨ ᠦᠨᠳᠦᠰᠦᠲᠡᠨ ᠤ ᠬᠤᠷᠠᠯ ᠤᠨ ᠵᠣᠷᠢᠭ ᠰᠠᠨᠠᠭ᠎ᠠ᠂ ︽︿ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ ᠶᠢ ᠬᠡᠷᠡᠭᠵᠢᠭᠦᠯᠬᠦ ᠳᠦᠷᠢᠮ︾ ᠢ ᠬᠡᠷᠡᠭᠵᠢᠭᠦᠯᠬᠦ ᠲᠤᠬᠠᠶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠮᠡᠳᠡᠭᠳᠡᠯ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠠᠵᠢᠯᠯᠠᠭ᠎ᠠ ᠶᠢ ᠠᠬᠢᠭᠤᠯᠬᠤ  ᠳᠦᠷᠢᠮ  ︾  ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠠᠴᠠ ᠬᠡᠪᠯᠡᠨ ᠲᠠᠷᠬᠠᠭᠠᠭᠰᠠᠨ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠠᠷᠭ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠥᠪᠡᠰᠦᠪᠡᠨ ᠪᠠᠶᠢᠴᠠᠭᠠᠵᠤ ᠦᠨᠡᠯᠡᠨ ᠵᠢᠱᠢᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠮᠡᠳᠡᠭᠳᠡᠯ᠃ ︽ᠪᠥᠬᠦ ᠣᠷᠣᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠮᠡᠳᠡᠭᠳᠡᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽ᠶᠤᠤ ᠶᠦᠩ ᠪᠥᠸᠧ ᠨᠥᠬᠦᠷ ᠤᠨ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶ᠎ᠠ︾᠃ ︽ᠬᠢᠩᠭᠠᠨ ᠨᠥᠬᠦᠷ ᠤᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠦᠬᠦ ᠬᠤᠰᠢᠭᠤᠨ ᠤ ︽ᠬᠤᠣᠰ ᠵᠠᠭᠤᠨ︾ ᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠬᠡᠯᠡᠭᠰᠡᠨ ᠦᠭᠡ︾ ︽ᠬᠢᠩᠭᠠᠨ ᠨᠥᠬᠦᠷ ᠤᠨ ᠪᠦᠬᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠳᠡᠭᠡᠷ᠎ᠡ ᠬᠡᠯᠡᠭᠰᠡᠨ ᠦᠭᠡ︾ ︽ᠬᠢᠩᠭᠠᠨ ᠨᠥᠬᠦᠷ ᠤᠨ 2021 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠢᠴᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠳᠡᠭᠡᠷᠡᠬᠢ ᠶᠠᠷᠢᠶ᠎ᠠ︾ ︽ᠵᠡᠭᠦᠨ ᠦᠵᠦᠮᠦᠴᠢᠨ ᠬᠤᠰᠢᠭᠤᠨ ᠤ 12345 ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠬᠠᠯᠠᠮᠰᠢᠯ ᠤᠲᠠᠰᠤ ᠶᠢᠨ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾᠂ ︽ᠵᠡᠭᠦᠨ ᠦᠵᠦᠮᠦᠴᠢᠨ ᠬᠤᠰᠢᠭᠤᠨ ᠤ 12345 ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠢ ᠴᠠᠭ ᠬᠢᠵᠠᠭᠠᠷᠯᠠᠨ  ᠬᠦᠢᠴᠡᠳᠭᠡᠬᠦ ᠲᠦᠷᠢᠮ ︵ᠲᠤᠷᠰᠢᠨ ᠬᠡᠷᠡᠭᠵᠢᠭᠦᠯᠬᠦ︶︾᠂ ︽ᠵᠡᠭᠦᠨ ᠦᠵᠦᠮᠦᠴᠢᠨ ᠬᠤᠰᠢᠭᠤᠨ ᠤ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠳᠠᠭᠠᠭᠠᠨ ᠬᠦᠢᠴᠡᠳᠭᠡᠬᠦ ᠨᠢᠭᠡᠴᠡ ᠶᠢᠨ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠵᠢᠴᠢ ᠬᠦᠢᠴᠡᠳᠭᠡᠬᠦ ᠶᠠᠪᠤᠴᠠ ︵ᠲᠤᠷᠰᠢᠨ ᠬᠡᠷᠡᠭᠵᠢᠭᠦᠯᠬᠦ︶︾᠂ ᠵᠡᠭᠦᠨ ᠦᠵᠦᠮᠦᠴᠢᠨ ᠬᠤᠰᠢᠭᠤᠨ ᠤ ᠭᠠᠴᠠᠭᠠᠨ ᠤ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶  ᠵᠡᠷᠭᠡ ᠶᠢ  ᠰᠤᠷᠤᠯᠴᠠᠵᠤ᠂ ᠬᠤᠷᠠᠯ   ᠳᠤ ᠪᠠᠰᠠ᠂ ᠨᠠᠴᠢᠨ ᠵᠡᠷᠭᠡ ᠲᠦᠷᠪᠡᠨ ᠨᠥᠬᠦᠷ ᠬᠤᠷᠠᠯ ᠠᠴᠠ ᠡᠮᠦᠨᠡᠬᠢ ᠪᠡᠯᠡᠳᠬᠡᠯ ᠰᠤᠷᠤᠯᠴᠠᠯᠭ᠎ᠠ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠵᠢᠴᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠤᠰ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠬᠤᠰᠢᠭᠤ ᠨᠠᠮ ᠤᠨ ᠬᠤᠷᠢᠶᠠᠨ ᠤ ︽ᠲᠣᠭᠤᠷᠢᠨ ᠪᠠᠶᠢᠴᠠᠭᠠᠵᠤ ᠬᠢᠨᠠᠨ    ᠰᠣᠨᠣᠰᠬᠤ︾ ᠠᠵᠢᠯ ᠤᠨ ᠳᠤᠭᠤᠶᠢᠯᠠᠩ ᠤᠨ ᠳᠠᠷᠤᠭ᠎ᠠ ᠱᠤ᠋ ᠭᠤᠸᠠᠩ ᠲᠣᠰ ᠤᠳᠠᠭᠠᠨ ᠤ ᠭᠤᠤᠯ ᠳᠤᠭᠤᠶᠢᠯᠠᠩ ᠤᠨ ᠲᠥᠪᠯᠡᠷᠡᠩᠭᠦᠶ ᠰᠤᠷᠤᠯᠴᠠᠯᠭ᠎ᠠ ᠶᠢ  ᠬᠦᠢᠴᠡᠳ ᠨᠤᠲᠠᠯᠠᠵᠤ᠂ ᠲᠣᠰ ᠤᠳᠠᠭᠠᠨ ᠤ ᠰᠤᠷᠤᠯᠴᠠᠯᠭ᠎ᠠ ᠶᠢᠨ ᠪᠡᠯᠡᠳᠬᠡᠯ  ᠬᠦᠢᠴᠡᠳ᠂ ᠡᠮᠬᠢ ᠵᠢᠷᠤᠮ ᠲᠠᠢ᠂ ᠦᠷ᠎ᠡ ᠪᠦᠲᠦᠮᠵᠢ ᠢᠯᠡᠷᠬᠡᠶ ᠭᠡᠵᠦ ᠦᠵᠡᠭᠰᠡᠨ ᠪᠥᠭᠡᠳ ᠲᠠᠷᠠᠭᠠᠴᠢ ᠶᠢᠨ ᠠᠯᠬᠤᠮ ᠳᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠴᠢᠩᠭᠠᠳᠬᠠᠬᠤ ᠲᠤᠬᠠᠶ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ᠂ ᠤᠯᠤᠰ ᠲᠦᠷᠦ ᠶᠢᠨ ᠰᠢᠨᠵᠢ ᠴᠢᠨᠠᠷ ᠢ ᠳᠤᠪᠤᠶᠢᠯᠭᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠤᠷᠤᠯᠴᠠᠯᠭ᠎ᠠ ᠶᠢᠨ ᠤᠯᠤᠰ ᠲᠦᠷᠦ ᠶᠢᠨ ᠦᠵᠡᠯᠲᠡ᠂ ᠤᠳᠤᠷᠢᠳᠤᠮᠵᠢ ᠶᠢᠨ ᠦᠵᠡᠯᠲᠡ ᠶᠢ ᠰᠠᠶᠢᠲᠤᠷ ᠡᠵᠡᠮᠳᠡᠵᠦ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠬᠤᠯᠪᠣᠭᠳᠠᠯ ᠪᠦᠬᠦᠢ ᠳᠦᠷᠢᠮ ᠪᠠ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠤ ᠪᠠᠶᠢᠪᠠᠰᠤ ᠵᠣᠬᠢᠬᠤ ᠡᠨᠧᠷᠭᠢ ᠶᠢ ᠪᠠᠳᠠᠷᠠᠭᠤᠯᠵᠤ᠂ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠰᠤᠷᠤᠯᠴᠠᠯᠭ᠎ᠠ ᠶᠢᠨ ᠶᠠᠰᠤ ᠴᠢᠨᠠᠷ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠬᠡᠪᠡᠷ ᠪᠠᠳᠠᠷᠠᠭᠤᠯᠵᠤ᠂ ᠰᠤᠷᠤᠯᠴᠠᠯᠭ᠎ᠠ ᠶᠢᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠰᠤᠷᠤᠯᠴᠠᠬᠤ ᠠᠷᠭ᠎ᠠ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠬᠦ ᠬᠡᠷᠡᠭᠲᠡᠢ᠃      ᠨᠠᠷᠠᠨᠳᠤᠶᠠᠭ᠎ᠠ ᠢᠯᠡᠷᠬᠡᠶᠢᠯᠡᠬᠦ ᠳᠤ ᠪᠠᠨ ᠠᠵᠢᠯᠯᠠᠬᠤ ᠳᠤᠭᠤᠶᠢᠯᠠᠩ ᠤᠨ ᠦᠭᠡ ᠶᠠᠷᠢᠶ᠎ᠠ ᠶᠢᠨ ᠵᠠᠳᠠᠯᠤᠯᠲᠠ ᠲᠤᠤᠱᠲᠠᠢ ᠪᠥᠭᠡᠳ ᠣᠨᠣᠪᠴᠢᠲᠠᠢ ᠪᠠᠶᠢᠬᠤ ᠨᠢ ᠮᠠᠨ ᠤ ᠪᠠᠯᠭᠠᠰᠤᠨ ᠤ ᠳᠠᠷᠠᠭᠠᠴᠢ ᠶᠢᠨ ᠠᠯᠬᠤᠮ ᠳᠤ ᠤᠨᠤᠯ ᠤᠨ ᠰᠤᠷᠤᠯᠴᠠᠯᠭ᠎ᠠ ᠶᠢᠨ ᠠᠵᠢᠯ ᠢ ᠰᠠᠶᠢᠲᠤᠷ ᠥᠷᠨᠢᠭᠦᠯᠬᠦ ᠳᠤ ᠮᠠᠰᠢ ᠴᠢᠩᠭ᠎ᠠ ᠵᠢᠯᠣᠭᠤᠳᠬᠤ ᠦᠢᠯᠡᠳᠦᠯ ᠲᠠᠢ ᠶᠤᠮ᠃ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠣᠨᠣᠯ ᠤᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠭᠦᠨᠵᠡᠭᠡᠶ ᠰᠤᠷᠤᠯᠴᠠᠵᠤ᠂ ᠢᠳᠡᠭᠡᠰᠢᠭᠦᠯᠦᠨ ᠨᠡᠪᠲᠡᠷᠡᠲᠡᠯ᠎ᠡ ᠰᠤᠷᠤᠯᠴᠠᠬᠤ ᠶᠢᠨ ᠬᠠᠮᠲᠤ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨ ᠬᠦ ᠠᠵᠢᠯ ᠢᠶᠠᠨ ᠳᠥᠯᠭᠢᠨ ᠠᠬᠢᠭᠤᠯᠬᠤ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠶ᠃ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠳᠠᠯᠠᠬᠤ ᠬᠡᠷᠡᠭᠲᠡᠢ᠃ ᠬᠤᠶᠢᠰᠢᠳᠠ ᠶᠢᠨ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤᠮᠳᠠ᠂ ᠪᠢᠳᠡ ᠲᠣᠭᠤᠷᠢᠨ ᠰᠣᠨᠣᠰᠴᠤ ᠰᠤᠯᠠ ᠰᠣᠨᠣᠰᠬᠤ ᠠᠵᠢᠯ ᠤᠨ ᠳᠤᠭᠤᠶᠢᠯᠠᠩ ᠤᠨ ᠵᠢᠯᠣᠭᠤᠳᠬᠤ ᠰᠠᠨᠠᠭᠤᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂  ᠲᠤᠳᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠪᠠᠲᠤᠳᠬᠠᠵᠤ᠂ ᠠᠭᠤᠯᠭ᠎ᠠ ᠨᠢ ᠨᠡᠩ ᠨᠠᠷᠢᠯᠢᠭ᠂ ᠲᠦᠷᠢᠮ ᠨᠢ ᠨᠡᠩ ᠴᠢᠩᠭ᠎ᠠ᠂ ᠬᠡᠯᠪᠡᠷᠢ ᠨᠢ ᠨᠡᠩ ᠠᠮᠢᠳᠤᠯᠢᠭ᠂ ᠦᠷ᠎ᠡ ᠪᠦᠲᠦᠮᠵᠢ ᠨᠢ ᠨᠡᠩ ᠪᠣᠳᠠᠲᠠᠢ ᠰᠤᠷᠤᠯᠴᠠᠬᠤ ᠵᠠᠭᠪᠤᠷ ᠢ ᠬᠠᠶᠢᠨ ᠰᠦᠪᠡᠭᠴᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ︔ ᠬᠤᠶᠠᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠳᠠᠭᠠᠭᠤᠯᠤᠨ ᠰᠤᠷᠤᠯᠴᠠᠬᠤ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠰᠤᠷᠤᠯᠴᠠᠯᠭ᠎ᠠ ᠶᠢ ᠠᠬᠢᠭᠤᠯᠬᠤ᠂ ᠨᠠᠮ ᠤᠨ ᠭᠡᠰᠢᠭᠦᠨ ᠺᠠᠳ᠋ᠷ ᠥᠪᠡᠷ ᠢᠶᠠᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠤᠷᠠᠯ ᠤᠨ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠨ ᠨᠠᠷᠢᠨ ᠤᠩᠰᠢᠭᠤᠯᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠭᠠᠷᠠᠭᠤᠯᠬᠤ ᠬᠡᠷᠡᠭᠲᠡᠢ᠃  ᠤᠯᠢᠶᠠᠰᠤᠲᠠᠢ ᠪᠠᠯᠭᠠᠰᠤᠨ ᠤ ᠠᠯᠪᠠᠨ ᠲᠠᠪᠴᠠᠩ᠂ ᠡᠯᠧᠺᠲᠷᠣᠨ ᠳᠡᠯᠭᠡᠴᠡ ᠵᠡᠷᠭᠡ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ︔ ᠭᠤᠷᠪᠠ ᠳᠤ᠂ ᠰᠤᠷᠤᠭᠰᠠᠨ ᠢᠶᠠᠨ ᠬᠡᠷᠡᠭᠯᠡᠵᠦ᠂ ᠪᠦᠬᠦ ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ ᠬᠢᠬᠦ᠂ ︽ᠬᠤᠣᠰ ᠵᠠᠭᠤᠨ ᠤ ᠪᠣᠭᠤᠮᠲᠠ ᠰᠢᠪᠲᠤᠯᠬᠤ︾᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ᠂ ᠮᠠᠯ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠦᠷᠭᠦᠯᠵᠢᠯᠡᠨ ᠲᠡᠮᠡᠴᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号