ᠭᠥᠷᠢᠶᠠᠳᠤᠨᠠᠭᠤᠷ ᠰᠤᠮᠤ ᠨᠢ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠠᠭᠦ ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠮᠠᠯᠵᠢᠬᠤ ᠣᠷᠣᠨ ᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠶ ᠪᠤᠯᠭᠠᠪᠠ
ᠨᠡᠶᠢᠲᠡᠯᠡᠭᠰᠡᠨ ᠴᠠᠭ᠄
2021/11/24
      ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠭᠥᠷᠢᠶᠠᠳᠤᠨᠠᠭᠤᠷ ᠰᠤᠮᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠷᠦᠬᠡ ᠳᠤ ᠣᠷᠣᠬᠤ ᠠᠵᠢᠯ ᠢᠶᠠᠷ ᠲᠣᠬᠢᠶᠠᠯ ᠪᠣᠯᠭᠠᠵᠤ᠂ ᠬᠠᠷᠢᠶ᠎ᠠ ᠤᠷᠤᠨ ᠳᠤ ᠪᠠᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠠᠭᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠤᠷᠤᠰᠢᠵᠤ ᠪᠠᠶᠢᠭ᠎ᠠ ᠲᠠᠯᠳᠠ ᠭᠡᠮ ᠠᠰᠠᠭᠤᠳᠠᠯ ᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠪᠠᠷ ᠵᠢᠭᠰᠠᠭᠠᠨ ᠪᠠᠶᠢᠴᠠᠭᠠᠵᠤ᠂ ᠬᠠᠮᠤᠷᠤᠠᠠᠰᠠᠠ ᠬᠡᠪᠴᠢᠶ᠎ᠡ ᠨᠢ ᠵᠠᠭᠤᠨ ᠤ ᠵᠠᠭᠤ ᠳᠤ ᠭᠥᠷᠪᠡ᠃      ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠪᠡ᠃ ᠰᠤᠮᠤᠨ ᠤ ᠪᠥᠬᠦ ᠺᠠᠳ᠋ᠷ ᠠᠵᠢᠯᠲᠠᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠭᠡᠰᠢᠭᠦᠳ ᠢ ᠵᠣᠬᠢᠶᠠᠨ ᠪᠠᠶᠢᠭᠤᠯᠤᠨ᠂ ᠨᠡᠶᠢᠭᠡᠮ ᠤᠨ ᠵᠥᠷᠢᠴᠠᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠠᠭᠦ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭᠠᠨ ᠤ  ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠰᠢᠭᠤ ᠵᠢᠴᠢ ᠰᠤᠮᠤᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭᠠᠨ ᠤ ᠲᠥᠰᠦᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠰᠠᠭᠤᠷᠢᠨ ᠳᠡᠭᠡᠷ᠎ᠡ᠂ ᠰᠤᠮᠤᠨ ᠤ ᠬᠤᠯᠪᠤᠠᠠᠳᠠᠯ ᠪᠥᠭᠦᠢ ᠠᠵᠢᠯ ᠳᠤ ᠲᠣᠬᠢᠷᠠᠭᠤᠯᠤᠯᠲᠠ ᠬᠢᠪᠠ᠃ ᠡᠭᠦᠨ ᠤ ᠬᠠᠮᠲᠤ᠂ ᠰᠤᠮᠤᠨ ᠤ ᠲᠠᠰ ᠲᠤ ᠰᠤᠮᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠠᠠᠰᠠᠠ᠂ ᠨᠠᠮ ᠵᠠᠰᠠᠭ ᠤᠨ ᠪᠠᠭ ᠤᠨ ᠪᠤᠰᠤᠳ ᠪᠦᠷᠢᠯᠳᠦᠬᠦᠨ ᠢᠶᠠᠷ ᠭᠡᠰᠢᠭᠦᠨ ᠪᠤᠯᠠᠭᠠᠠᠠᠰᠠᠠ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠴᠠᠭᠠᠨ ᠲᠠᠰ ᠲᠤ ᠭᠠᠴᠠᠭ᠎ᠠ᠂ ᠨᠡᠶᠢᠭᠡᠮ ᠲᠣᠭᠤᠷᠢᠭ ᠤᠨ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠤᠨ᠂ ᠰᠤᠮᠤ ᠭᠠᠴᠠᠭ᠎ᠠ ᠶᠢ ᠨᠢᠭᠡ ᠴᠤᠭᠴᠠᠵᠢᠭᠤᠯᠤᠭᠰᠠᠨ ᠠᠵᠢᠯ ᠤᠨ ᠰᠢᠰᠲ᠋ᠧᠮ ᠢ ᠪᠥᠷᠢᠯᠳᠤᠭᠦᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠳᠡᠭᠡᠳᠦ ᠳᠣᠤᠷᠠᠳᠤ ᠱᠠᠲᠤ ᠬᠠᠷᠢᠯᠴᠠᠨ ᠨᠡᠪᠲᠡᠷᠡᠭᠰᠡᠨ᠂ ᠱᠠᠲᠤ ᠱᠠᠲᠤ ᠪᠠᠷ ᠠᠬᠢᠭᠤᠯᠤᠭᠰᠠᠨ ᠪᠠᠶᠢᠷᠢᠰᠢᠯ ᠢ ᠪᠣᠶ ᠪᠣᠯᠭᠠᠪᠠ᠃      ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠠᠶᠢᠴᠠᠭᠠᠨ ᠰᠢᠢᠳᠪᠤᠷᠢᠯᠠᠭᠦ ᠶᠢ ᠪᠣᠳᠠᠲᠠᠶ ᠨᠠᠶᠢᠳᠠᠪᠤᠷᠢᠵᠭᠤᠯᠪᠡ᠃ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠤᠶᠢᠯᠠᠳᠤᠯᠭᠡ ᠶᠢᠨ ᠠᠵᠢᠯᠯᠠᠭ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠪᠠ ᠨᠤᠲᠤᠭ ᠪᠡᠯᠴᠢᠭᠡᠷ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠲᠤᠰᠬᠠᠶ ᠠᠵᠢᠯ ᠤᠨ ᠡᠭᠦᠷᠭᠡ ᠲᠠᠢ ᠤᠶᠠᠯᠳᠤᠭᠤᠯᠵᠤ᠂ ᠢᠯᠠᠩᠭᠤᠶ᠎ᠠ ᠮᠠᠯᠵᠢᠬᠤ ᠣᠷᠣᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠭᠤᠤᠯᠳᠠᠯᠭ᠎ᠠ ᠲᠠᠢ ᠠᠵᠢᠯ ᠤᠨ ᠬᠡᠪᠴᠢᠶᠡᠨ ᠳᠤ ᠤᠷᠤᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠪᠡ᠃ ᠰᠤᠮᠤᠨ ᠤ ᠡᠯ᠎ᠡ ᠠᠯᠪᠡᠨ ᠭᠡᠷ᠂ ᠲᠥᠪ᠂ ᠲᠣᠪᠴᠢᠶ᠎ᠠ᠂ ᠰᠠᠯᠪᠤᠷᠢ᠂ ᠭᠠᠴᠠᠭ᠎ᠠ᠂ ᠨᠡᠶᠢᠭᠡᠮ ᠲᠣᠭᠤᠷᠢᠭ ᠵᠡᠷᠭᠡ ᠣᠯᠠᠨ ᠰᠠᠯᠠᠭ᠎ᠠ ᠮᠥᠴᠢᠷ  ᠬᠠᠮᠳᠤᠪᠡᠷ ᠬᠤᠯᠪᠣᠭᠠᠯᠠᠨ ᠬᠥᠳᠡᠯᠦᠯᠴᠡᠵᠦ᠂ ᠬᠠᠳᠤᠯᠠᠩ ᠪᠡᠯᠴᠢᠭᠡᠷ᠂ ᠵᠢᠭᠡᠯᠡᠯᠭᠡ᠂ ᠬᠡᠷ ᠪᠦᠯᠢ᠂ ᠣᠷᠤᠭ ᠬᠤᠷᠢᠮ ᠵᠡᠷᠭᠡ ᠲᠣᠭᠤᠷᠢᠨ ᠳᠤ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠢᠳᠠᠪᠭᠢ ᠥᠷᠨᠢᠭᠦᠯᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠠᠭᠦ ᠲᠣᠤᠷᠵᠢᠭᠤᠯᠤᠭᠰᠠᠨ ᠰᠢᠰᠲ᠋ᠧᠮ ᠢ ᠪᠠᠶᠢᠭᠤᠯᠤᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠤᠷᠢᠯᠠᠭᠦ᠂ ᠠᠩᠬ᠎ᠠ ᠡᠭᠦᠰᠴᠤ ᠪᠠᠶᠢᠭ᠎ᠠ ᠪᠠᠶᠢᠳᠠᠯ ᠳᠤᠨᠢ ᠰᠢᠢᠳᠪᠤᠷᠢᠯᠠᠭᠦ ᠶᠢ ᠴᠢᠷᠮᠠᠶᠢᠨ ᠠᠬᠢᠭᠤᠯᠪᠡ᠃      ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠵᠡᠷᠭᠡᠪᠡᠷ ᠶᠠᠪᠤᠠᠠᠳᠠᠭᠤᠯᠪᠡ᠃ ᠰᠤᠮᠤᠨ ᠤ ᠸᠢᠴᠠᠲ ᠨᠡᠶᠢᠲᠡ ᠶᠢᠨ ᠲᠠᠪᠴᠠᠩ ᠢ ᠠᠰᠢᠠᠠᠯᠠᠨ ᠠᠵᠢᠯ ᠥᠷᠨᠢᠭᠦᠯᠤᠭ᠍ᠰᠠᠠ ᠪᠠᠶᠢᠳᠠᠯ᠂ ᠵᠥᠷᠢᠴᠡᠯ ᠵᠢᠭᠤᠷᠠᠯᠳᠤᠭᠠᠨ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠬᠠᠭᠤᠯᠭ᠎ᠠ ᠬᠥᠮᠦᠵᠢᠯ ᠤᠨ ᠶᠠᠷᠤ ᠶᠢᠨ ᠮᠡᠳᠡᠯᠭᠡ ᠶᠢ ᠴᠠᠭ ᠲᠤᠬᠠᠶ ᠳᠤ ᠨᠢ ᠲᠠᠮᠵᠢᠭᠤᠯᠵᠤ ᠂ ᠥᠷᠭᠡᠨ ᠣᠯᠠᠨ ᠮᠠᠯᠴᠢᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠳᠤ ᠰᠠᠨᠠᠭᠠᠴᠢᠯᠠᠭ᠎ᠠ ᠠᠴᠠ ᠨᠢ ᠤᠷᠤᠯᠴᠠᠭᠤᠯᠤᠨ᠂ ᠵᠥᠷᠢᠴᠡᠯ ᠵᠢᠭᠤᠷᠠᠯᠳᠤᠭᠠᠨ ᠢ ᠥᠪᠡᠰᠦᠪᠡᠨ ᠰᠢᠢᠳᠪᠤᠷᠢᠯᠠᠭᠦ ᠴᠢᠳᠠᠪᠤᠷᠢ ᠶᠢ ᠨᠢ ᠲᠡᠭᠡᠭᠰᠢᠯᠠᠭᠦᠯᠪᠡ᠃ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠲᠠᠢ ᠤᠶᠠᠯᠳᠤᠭᠤᠯᠤᠨ᠂ ᠡᠯ᠎ᠡ ᠠᠵᠢᠯ ᠤᠨ ᠳᠤᠭᠤᠶᠢᠯᠠᠩ ᠨᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭᠠᠨ ᠤ ᠵᠣᠷᠢᠭ ᠰᠠᠨᠠᠭᠠᠨ ᠤ ᠮᠥᠨ ᠴᠢᠨᠠᠷ ᠢ ᠡᠷᠦᠬᠡ ᠳᠠᠷᠠᠭᠠᠯᠠᠨ ᠤᠬᠠᠭᠤᠯᠤᠨ ᠲᠠᠶᠢᠯᠪᠤᠷᠢᠯᠠᠵᠤ᠂ ᠬᠠᠷᠢᠶ᠎ᠠ ᠣᠷᠣᠨ ᠤ 1300 ᠭᠠᠷᠤᠢ ᠮᠠᠯᠴᠢᠨ ᠡᠷᠦᠭᠡ ᠳᠤ ᠭᠥᠠᠵᠡᠭᠡᠶᠢᠷᠠᠵᠤ᠂ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ 1000 ᠭᠠᠷᠤᠢ ᠬᠤᠪᠢ ᠲᠠᠷᠬᠠᠭᠠᠨ ᠪᠠᠷ ᠲᠠᠮᠵᠢᠨ᠂ ᠥᠷᠭᠡᠨ ᠤᠯᠠᠨ ᠲᠦᠮᠡᠨ ᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠬᠤᠪᠢ ᠬᠥᠮᠦᠨ ᠤ ᠬᠦᠰᠡᠯ ᠱᠠᠭᠠᠷᠳᠠᠯᠭ᠎ᠠ ᠪᠠᠨ ᠢᠯᠠᠳᠭᠡᠨ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠦᠳᠦᠯᠦᠨ ᠵᠢᠯᠣᠭᠤᠳᠴᠤ᠂ ᠬᠥᠮᠦᠨ ᠪᠦᠬᠦᠨ ᠨᠠᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠲᠠᠯᠳᠠ ᠭᠡᠮ ᠠᠰᠠᠭᠤᠳᠠᠯ ᠢ ᠵᠢᠠᠠᠰᠠᠭᠠᠨ ᠪᠠᠶᠢᠴᠠᠭᠠᠬᠤ  ᠠᠬᠤᠢ ᠪᠠᠶᠢᠳᠠᠯ ᠢ ᠪᠤᠯᠭᠠᠪᠡ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号