ᠠᠯᠲᠡᠨᠬᠢᠯᠢ ᠰᠤᠮᠤ ᠰᠣᠩᠭᠤᠭᠤᠯᠢ ᠶᠢᠨ ᠵᠥᠪᠯᠡᠯ ᠤᠨ ᠲᠠᠪᠤᠳᠤᠭᠠᠷ  ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/26
      11 ᠰᠠᠷ᠎ᠠ ᠶᠢᠨ 24 ᠤ ᠡᠳᠦᠷ᠂ ᠠᠯᠲᠡᠨᠬᠢᠯᠢ ᠰᠤᠮᠤ ᠰᠣᠩᠭᠤᠭᠤᠯᠢ ᠶᠢᠨ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂  ᠰᠣᠮᠤᠨ ᠤ ᠨᠠᠮ ᠤᠨ ᠬᠤᠷᠢᠶᠠᠨ ᠤ ᠱᠦᠵᠢ  ᠶᠣᠰᠤᠲᠦ᠂ ᠰᠣᠮᠤᠨ ᠤ  ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠣᠮᠦᠨ ᠳᠠᠷᠤᠭ᠎ᠠ ᠰᠢᠵᠢᠷᠭᠡᠷᠡᠯ  ᠪᠠ ᠰᠣᠩᠭᠤᠭᠤᠯᠢ ᠶᠢᠨ ᠵᠥᠪᠯᠡᠯ ᠤᠨ ᠪᠥᠬᠦ  ᠭᠡᠰᠢᠭᠦᠨ ᠬᠤᠷᠠᠯ ᠳᠤ  ᠣᠷᠤᠯᠴᠠᠪᠠ᠃      ᠬᠤᠷᠠᠯ ᠠᠴᠠ ︽ᠠᠯᠲᠡᠨᠬᠢᠯᠢ ᠰᠤᠮᠤ ᠶᠢᠨ ᠰᠣᠩᠭᠤᠭᠤᠯᠢ ᠶᠢᠨ ᠵᠥᠪᠯᠡᠯ ᠤᠨ ᠠᠷᠪᠠᠨ ᠵᠢᠷᠭᠤᠳᠤᠭᠠᠷ ᠬᠤᠭᠤᠴᠠᠭᠠᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠦᠷ᠎ᠡ ᠳ᠋ᠦᠩ ᠵᠢᠴᠢ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠤᠰᠴᠦ᠂ ᠰᠣᠩᠭᠤᠭᠤᠯᠢ ᠶᠢᠨ ᠲᠡᠰ ᠳᠠᠷᠠᠭᠠᠯᠠᠯ ᠨᠢ ᠬᠠᠤᠯᠢ ᠴᠠᠭᠠᠵᠠ ᠶᠢᠨ ᠲᠣᠭᠲᠠᠭᠠᠯ  ᠳᠤ ᠨᠡᠶᠢᠴᠡᠵᠦ 49 ᠰᠤᠮᠤᠨ ᠤ ᠲᠡᠰ ᠤᠨ ᠲᠥᠯᠥᠭᠡᠯᠡᠭᠴᠢ  ᠶᠢᠨ ᠬᠢᠷᠢ ᠬᠡᠮ ᠂ ᠰᠣᠩᠭᠤᠭᠤᠯᠢ ᠶᠢᠨ ᠦᠷ᠎ᠡ ᠳ᠋ᠦᠩ ᠨᠢ ᠡᠷᠬᠡ ᠲᠡᠭᠰᠢ ᠬᠦᠴᠦᠨ ᠲᠠᠢ ᠶᠢ  ᠨᠤᠲᠠᠯᠠᠨ ᠪᠠᠲᠦᠯᠠᠪᠠ᠃      ᠬᠤᠷᠠᠯ ᠳᠡᠭᠡᠷ᠎ᠡ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠦᠬᠡ‌ᠡᠴᠠ ︽ᠠᠯᠲᠡᠨᠬᠢᠯᠢ ᠰᠤᠮᠤ  ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠢ ᠠᠩᠬ᠎ᠠ ᠠᠯᠬᠤᠮ ᠤᠨ ᠲᠥᠰᠦᠯ︾ ᠢ ᠬᠠᠷᠢᠭᠤ ᠮᠡᠳᠡᠭᠦᠯᠦᠯᠲᠡ ᠬᠢᠵᠦ᠂ ᠰᠣᠩᠭᠤᠭᠤᠯᠢ ᠶᠢᠨ ᠵᠥᠪᠯᠡᠯ ᠵᠠᠷᠴᠢᠮ ᠳᠡᠭᠡᠷ᠎ᠡ ᠪᠠᠨ ᠲᠥᠰᠦᠯ ᠢ ᠵᠥᠪᠰᠢᠶᠡᠷᠡᠪᠡ᠃      ᠳᠠᠷᠠᠭ᠎ᠠ ᠨᠢ᠂ ᠰᠤᠮᠤᠨ ᠤ ᠨᠠᠮ ᠤᠨ ᠬᠤᠷᠢᠶᠠᠨ ᠤ ᠱᠦᠵᠢ ᠶᠣᠰᠤᠲᠦ ᠠᠴᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ  ᠪᠠᠨ ᠪᠣᠳᠠᠲᠠᠢ ᠨᠠᠶᠢᠳᠠᠪᠤᠷᠢᠵᠢᠭᠤᠯᠵᠤ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ  ᠭᠡᠵᠤ  ᠴᠢᠬᠤᠯᠠᠴᠢᠯᠠᠪᠠ᠃  
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号