ᠭᠥᠷᠢᠶᠠᠳᠤᠨᠠᠭᠤᠷ ᠰᠤᠮᠤᠨ ᠤ ᠡᠪᠯᠡᠯ ᠤᠨ ᠬᠤᠷᠢᠶ᠎ᠠ ᠠᠴᠠ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/26
      11 ᠰᠠᠷ᠎ᠠ ᠶᠢᠨ 19 ᠤ ᠡᠳᠦᠷ᠂ ᠭᠥᠷᠢᠶᠠᠳᠤᠨᠠᠭᠤᠷ ᠰᠤᠮᠤᠨ ᠤ ᠡᠪᠯᠡᠯ ᠤᠨ ᠬᠤᠷᠢᠶ᠎ᠠ ᠠᠴᠠ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠬᠤᠷᠠᠯᠳᠤᠭᠤᠯᠪᠠ᠃ ᠰᠤᠮᠤᠨ ᠤ ᠡᠪᠯᠡᠯ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠲᠤᠷᠤᠨ᠎ᠠ ᠨᠥᠬᠦᠷ ᠠᠴᠠ ᠬᠤᠷᠠᠯ ᠢ ᠡᠷᠭᠢᠯᠡᠵᠦ᠂ 11 ᠭᠠᠴᠠᠭᠠᠨ ᠤ ᠡᠪᠯᠡᠯ ᠤᠨ ᠡᠭᠦᠷ ᠤᠨ ᠱᠦᠵᠢ᠂ 1 ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠨ ᠱᠦᠵᠢ ᠵᠡᠷᠭᠡ 10 ᠭᠠᠷᠤᠶ ᠬᠥᠮᠦᠨ ᠲᠤᠰ ᠤᠳᠠᠭᠠᠨ ᠤ ᠬᠤᠷᠠᠯ ᠳᠤ ᠤᠷᠤᠯᠴᠠᠵᠠᠢ᠃      ᠬᠤᠷᠠᠯ ᠳᠡᠭᠡᠷ᠎ᠡ᠂ ᠰᠤᠮᠤᠨ ᠤ ᠡᠪᠯᠡᠯ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠲᠤᠷᠤᠨ᠎ᠠ ᠨᠥᠬᠦᠷ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠠᠭᠤᠯᠭ᠎ᠠ ᠶᠢ ᠤᠯᠠᠮᠵᠢᠯᠠᠵᠤ ᠬᠠᠮᠳᠤᠪᠡᠷ ᠰᠤᠷᠤᠯᠴᠠᠪᠡ᠃ ᠡᠭᠦᠨ ᠤ ᠬᠠᠮᠲᠤ᠂ 12 ᠡᠪᠯᠡᠯ ᠤᠨ ᠡᠭᠦᠷ ᠤᠨ ᠱᠦᠵᠢ ᠲᠠᠢ ᠬᠠᠮᠳᠤᠪᠡᠷ ᠣᠯᠤᠯᠲᠠ ᠲᠥᠷᠥᠭᠳᠡᠯ ᠢᠶᠠᠨ ᠶᠠᠷᠢᠯᠴᠠᠵᠠᠶ᠃      ᠬᠤᠷᠠᠯ ᠠᠴᠠ᠂ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯ ᠦᠨᠳᠦᠰᠦᠨ ᠱᠠᠲᠤᠨ ᠤ ᠰᠢᠯᠢᠳᠡᠭ ᠵᠠᠯᠠᠭᠤ ᠺᠠᠳ᠋ᠷᠴᠤᠳ ᠤᠨ ᠡᠩᠨᠡᠭᠡ ᠶᠢ ᠪᠤᠶᠢᠵᠢᠭᠤᠯᠬᠤ ᠰᠠᠭᠤᠷᠢᠨ ᠭᠠᠵᠠᠷ ᠮᠥᠨ᠃ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠨᠤᠯ ᠤᠨ ᠮᠡᠳᠡᠯᠭᠡ ᠶᠢ ᠨᠠᠮᠡᠭᠳᠠᠭᠦᠯᠤᠨ᠂ ᠤᠶᠤᠨ ᠰᠠᠨᠠᠭᠠᠨ ᠤ ︽ᠺᠠᠯᠼ︾ ᠢ ᠨᠥᠬᠦᠪᠥᠷᠢᠯᠡᠵᠦ᠂ ᠬᠦᠰᠡᠯᠡᠩ ᠪᠠ ᠢᠲᠡᠭᠡᠯ ᠵᠣᠷᠢᠭ ᠢᠶᠠᠨ ᠨᠡᠮᠡᠭᠳᠡᠭᠦᠯᠬᠦ ᠪᠣᠯ ᠡᠷᠬᠡᠪᠰᠢ ᠪᠡᠶᠡᠯᠡᠭᠦᠯᠬᠦ ᠬᠡᠷᠡᠭᠲᠡᠶ ᠨᠢᠭᠡᠨ ᠴᠢᠬᠤᠯᠠ ᠡᠭᠦᠷᠭᠡ ᠮᠥᠨ᠃ ᠲᠠᠷᠠᠭᠠᠴᠢ ᠶᠢᠨ ᠠᠯᠬᠤᠮ ᠳᠤ᠂ ᠰᠤᠮᠤᠨ ᠤ ᠡᠪᠯᠡᠯ ᠤᠨ ᠬᠤᠷᠢᠶ᠎ᠠ ᠠᠴᠠ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠡᠪᠯᠡᠯ ᠤᠨ ᠭᠡᠰᠢᠭᠦᠨ ᠵᠠᠯᠠᠭᠤᠴᠤᠳ ᠤᠨ ᠣᠨᠣᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠣᠨᠣᠯ ᠤᠨ ᠰᠠᠭᠤᠷᠢ ᠶᠢ ᠤᠯᠠᠮ ᠨᠢᠭᠡ ᠠᠯᠬᠤᠮ ᠪᠠᠳᠤᠳᠬᠠᠨ᠎ᠠ ᠬᠡᠵᠤ ᠴᠢᠬᠤᠯᠠᠴᠢᠯᠠᠪᠡ  ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号