ᠬᠦᠷᠢᠶᠡᠲᠤᠨᠠᠭᠤᠷ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠰᠠᠶᠢᠲᠤᠷ ᠠᠳᠬᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠪᠦᠬᠦ ᠬᠦᠴᠦᠨ ᠢᠶᠠᠷ ᠬᠠᠮᠠᠭᠠᠯᠠᠪᠠ
ᠨᠡᠶᠢᠲᠡᠯᠡᠭᠰᠡᠨ ᠴᠠᠭ᠄
2021/11/26
      ᠬᠤᠰᠢᠭᠤ᠂ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠭᠦᠨᠵᠡᠭᠡᠶ ᠳᠥᠯᠭᠢᠨ ᠠᠬᠢᠭᠤᠯᠬᠤ ᠶᠢᠨ ᠲᠥᠯᠥᠭᠡ᠂ ᠬᠦᠷᠢᠶᠡᠲᠤᠨᠠᠭᠤᠷ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠡᠮᠬᠢ ᠵᠢᠷᠤᠮ ᠲᠠᠢ ᠲᠣᠭᠲᠠᠭᠠᠯ ᠶᠣᠰᠣᠭᠠᠷ ᠳᠥᠯᠭᠢᠨ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠨᠢᠭᠡ ᠳᠤ᠂ ᠰᠠᠬᠢᠯᠭ᠎ᠠ ᠪᠠᠲᠤ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠣᠷᠴᠢᠨ ᠲᠣᠭᠤᠷᠢᠨ ᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠪᠠ᠃ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ᠂ ᠠᠷᠠᠳ ‍ᠤᠨ‌‍ᠲ᠋ᠥ᠋ᠯᠥᠭᠡᠯᠡᠭᠴᠢᠳ ᠤᠨ ᠬᠤᠭᠤᠴᠠᠭ᠎ᠠ ᠰᠣᠯᠢᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠢᠴᠢ ᠰᠤᠮᠤᠨ ᠤ  ᠪᠥᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠶ ᠰᠤᠷᠤᠯᠴᠠᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠬᠦ᠂ ︽ᠠᠷᠪᠠ ᠶᠢ ᠴᠢᠩᠭ᠎ᠠ ᠴᠠᠭᠠᠵᠠᠯᠠᠬᠤ︾ ᠵᠡᠷᠭᠡ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠸᠢᠴᠠᠲ ᠲᠠᠪᠴᠠᠩ ᠵᠡᠷᠭᠡ ᠠᠷᠭ᠎ᠠ ᠮᠠᠶ᠋ᠢᠭ ᠢᠶᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠬᠠᠭᠤᠯᠪᠠ᠃      ᠬᠤᠶᠠᠷ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠷᠠᠭᠤᠯᠵᠤ᠂ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ  ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠴᠢᠨᠰᠠᠭ᠎ᠠ ᠲᠠᠢ ᠪᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠡᠷ᠎ᠡ ᠳᠤᠷᠠᠳᠬᠤ᠂ ᠵᠢᠱᠢᠭᠳᠡᠭᠰᠡᠳ ᠢ ᠬᠢᠨᠠᠨ ᠪᠠᠶᠢᠴᠠᠭᠠᠬᠤ ᠵᠢᠴᠢ ᠪᠢᠯᠧᠲ ᠥᠭᠴᠦ ᠰᠣᠩᠭᠤᠬᠤ ᠵᠡᠷᠭᠡ ᠠᠵᠢᠯ ᠢ ᠪᠥᠬᠦ ᠶᠠᠪᠤᠴᠠ ᠪᠠᠷ ᠰᠢᠪᠠᠳᠠᠨ ᠪᠠᠶᠢᠴᠠᠭᠠᠬᠤ ᠳᠤ ᠤᠷᠤᠯᠴᠠᠪᠠ᠃ ᠡᠯ᠎ᠡ ᠭᠠᠴᠠᠭ᠎ᠠ  ︵ᠨᠡᠶᠢᠭᠡᠮ ᠲᠣᠭᠤᠷᠢᠭ︶᠂ ᠡᠯ᠎ᠡ ᠰᠣᠩᠭᠤᠭᠤᠯᠢ ᠶᠢᠨ ᠲᠣᠭᠤᠷᠢᠭ ᠤᠨ ᠬᠤᠭᠤᠴᠠᠭ᠎ᠠ ᠰᠣᠯᠢᠬᠤ ᠠᠵᠢᠯ ᠤᠨ ᠳᠠᠷᠠᠭᠠᠯᠠᠯ ᠶᠣᠰᠣᠭᠠᠷ ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠠᠵᠢᠯ ᠢᠶᠠᠨ ᠥᠷᠨᠢᠭᠦᠯᠦᠭᠰᠡᠨ ᠡᠰᠡᠬᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠪᠣᠭᠤᠮᠲᠠ ᠶᠢ ᠰᠠᠶᠢᠲᠤᠷ ᠠᠳᠬᠤᠭᠰᠠᠨ ᠡᠰᠡᠬᠦ ᠶᠢ ᠭᠤᠤᠯᠳᠠᠯᠭ᠎ᠠ ᠲᠠᠢ  ᠪᠠᠶᠢᠴᠠᠭᠠᠪᠠ᠃      ᠭᠤᠷᠪᠠ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠵᠢᠱᠢᠭᠳᠡᠭᠰᠡᠳ ᠤᠨ ᠬᠡᠪ ᠴᠢᠨᠠᠷ ᠰᠠᠶᠢᠨ ᠪᠠᠶᠢᠬᠤ ᠶᠢ ᠦᠨᠡᠨᠬᠦ  ᠪᠠᠲᠤᠯᠠᠪᠠ᠃ ᠳᠡᠭᠡᠭᠰᠢ ᠮᠡᠳᠡᠭᠦᠯᠦᠭᠰᠡᠨ ᠠᠩᠬ᠎ᠠ ᠠᠯᠬᠤᠮ ᠤᠨ ᠵᠢᠱᠢᠭᠳᠡᠭᠴᠢ ᠶᠢ ᠬᠢᠨᠠᠨ ᠬᠠᠷᠭᠤᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠰᠠᠬᠢᠯᠭ᠎ᠠ ᠪᠠᠲᠤ᠂ ᠬᠠᠤᠯᠢ ᠰᠠᠬᠢᠯᠭ᠎ᠠ ᠶᠢ ᠵᠥᠷᠢᠴᠡᠭᠰᠡᠨ ᠵᠡᠷᠭᠡ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠷ ᠱᠠᠲᠤ ᠱᠠᠲᠤ ᠪᠠᠷ ᠬᠢᠨᠠᠨ ᠬᠠᠷᠭᠤᠭᠤᠯᠵᠤ᠂ ᠨᠡᠶᠢᠲᠡ 86 ᠨᠡᠷᠡᠰ ᠰᠤᠮᠤ ᠲᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢ ᠬᠢᠨᠠᠨ ᠪᠠᠶᠢᠴᠠᠭᠠᠪᠠ᠃      ᠲᠦᠷᠪᠡ᠂ ᠰᠠᠬᠢᠯᠭ᠎ᠠ ᠪᠠᠲᠤ ᠶᠢ  ᠬᠡᠷᠡᠭᠵᠢᠭᠦᠯᠦᠨ  ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ ᠤᠨ ᠲᠥᠪ ᠭᠤᠣᠯᠴᠢ ᠠᠷᠠᠳᠴᠢᠯᠠᠯ ᠢ ᠦᠨᠡᠨ ᠬᠦ ᠪᠠᠲᠤᠯᠠᠪᠠ᠃ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠳᠤ ᠪᠥᠬᠦ ᠶᠠᠪᠤᠴᠠ ᠪᠠᠷ ᠣᠷᠣᠯᠴᠠᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠨ᠂ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠱᠠᠲᠤᠨ ᠤ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠥᠪ ᠭᠤᠤᠯᠴᠢ ᠢᠯᠡ ᠲᠣᠳᠣ᠂ ᠡᠯ᠎ᠡ ᠭᠤᠭᠴᠤᠭ᠎ᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号