ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠬᠠᠶ ᠪᠣᠣ ᠨᠠᠷ ᠭᠠᠬᠢᠯ ᠰᠤᠮᠤᠨ ᠳᠤ ᠭᠦᠨᠵᠡᠭᠡᠶᠢᠷᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠢ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2021/11/26
      11 ᠰᠠᠷ᠎ᠠ ᠶᠢᠨ 15 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠬᠠᠢ ᠪᠣᠣ ᠨᠡᠷ ᠭᠠᠬᠢᠯ ᠰᠤᠮᠤᠨ ᠳᠤ ᠭᠦᠨᠵᠡᠭᠡᠶᠢᠷᠡᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠢᠨᠠᠨ ᠪᠠᠶᠢᠴᠠᠭᠠᠵᠤ ᠵᠢᠭᠠᠨ ᠵᠢᠯᠤᠭᠤᠳᠪᠠ᠃      ᠬᠢᠨᠠᠨ ᠵᠢᠯᠣᠭᠤᠳᠬᠤ ᠳᠤᠭᠤᠶᠢᠯᠠᠩ ᠨᠢ ᠰᠠᠭᠤᠳᠠᠯ ᠤᠨ ᠬᠤᠷᠠᠯ ᠤᠨ ᠬᠡᠯᠪᠡᠷᠢ ᠪᠠᠷ ᠳᠠᠮᠵᠢᠨ ᠰᠣᠩᠭᠤᠭᠤᠯᠢ  ᠶᠢᠨ ᠲᠣᠭᠤᠷᠢᠭ ᠬᠤᠪᠢᠶᠠᠬᠤ᠂ ᠰᠣᠩᠭᠤᠭᠤᠯᠢ ᠶᠢᠨ ᠪᠢᠯᠧᠲ ᠳᠠᠷᠤᠮᠠᠯᠯᠠᠬᠤ᠂ ᠰᠣᠩᠭᠤᠭᠤᠯᠢ ᠶᠢᠨ ᠠᠵᠢᠯ ᠢ ᠪᠡᠯᠡᠳᠬᠡᠭᠰᠡᠨ ᠪᠠᠶᠢᠳᠠᠯ ᠢ ᠨᠠᠷᠢᠨ ᠠᠰᠠᠭᠤᠵᠤ᠂ ᠰᠣᠩᠭᠤᠭᠤᠯᠢ ᠶᠢᠨ ᠠᠵᠢᠯ ᠤᠨ ᠪᠣᠳᠠᠲᠠᠢ ᠠᠬᠢᠴᠠ᠂ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠬᠤ᠂ ᠲᠡᠰ ᠳᠠᠷᠠᠭᠠᠯᠠᠯ᠂ ᠪᠣᠳᠠᠲᠠᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠭᠦᠨᠵᠡᠭᠡᠢ  ᠣᠶᠢᠯᠠᠭᠠᠪᠠ᠃      ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠨᠢ ᠤᠯᠤᠰ ᠲᠥᠷᠥ ᠶᠢᠨ ᠴᠢᠨᠠᠷ᠂ ᠲᠥᠷᠥ  ᠶᠢᠨ ᠪᠣᠳᠣᠯᠭ᠎ᠠ ᠶᠢᠨ ᠴᠢᠨᠠᠷ᠂ ᠬᠠᠤᠯᠢ ᠴᠠᠭᠠᠵᠠ ᠶᠢᠨ ᠴᠢᠨᠠᠷ᠂ ᠲᠠᠰ ᠳᠠᠷᠠᠭᠠᠯᠠᠯ ᠤᠨ ᠴᠢᠨᠠᠷ ᠢᠶᠠᠷ ᠲᠤᠶᠢᠯ ᠤᠨ ᠴᠢᠩᠭ᠎ᠠ  ᠂ ᠰᠤᠮᠤᠨ ᠤ ᠰᠣᠩᠭᠤᠭᠤᠯᠢ ᠶᠢᠨ ᠵᠥᠪᠯᠡᠯ ᠤᠨ ᠭᠡᠰᠢᠭᠦᠳ ᠵᠢᠴᠢ ᠠᠵᠢᠯᠲᠠᠳ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠰᠣᠩᠭᠤᠭᠤᠯᠢ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠭᠤᠭᠴᠤᠭ᠎ᠠ ᠪᠦᠷᠢ ᠶᠢ ᠡᠷᠬᠡᠪᠰᠢ ᠨᠢᠮᠪᠠᠶ᠂ ᠴᠢᠩᠭ᠎ᠠ  ᠂ ᠵᠢᠷᠤᠮᠵᠢᠯ ᠲᠠᠢ ᠶᠠᠪᠤᠭᠳᠠᠭᠤᠯᠬᠤ ᠬᠡᠷᠡᠭᠲᠡᠶ ᠭᠡᠪᠡ᠃      ᠬᠤᠷᠠᠯ ᠳᠤ᠂ ᠬᠠᠢ ᠪᠣᠣ ᠨᠥᠬᠦᠷ ᠭᠠᠬᠢᠯ ᠰᠤᠮᠤᠨ ᠤ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠰᠣᠩᠭᠤᠭᠤᠯᠢ  ᠶᠢᠨ ᠠᠷᠠᠳ ᠲᠠᠢ ᠠᠭᠤᠯᠵᠠᠵᠤ᠂ ᠲᠥᠯᠥᠭᠡᠯᠡᠭᠴᠢ ᠪᠠᠷ ᠰᠣᠩᠭᠤᠭᠳᠠᠭᠰᠠᠨ ᠤ ᠲᠠᠷᠠᠭ᠎ᠠ ᠬᠡᠷᠬᠢᠨ ᠲᠤᠰᠢᠶᠠᠯ ᠢᠶᠠᠨ ᠭᠦᠢᠴᠡᠳᠬᠡᠬᠦ ᠲᠤᠬᠠᠢ ᠣᠪᠣᠷ ᠢᠶᠠᠨ ᠢᠯᠡᠳᠬᠡᠪᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号