ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ︽  ᠬᠤᠶᠠᠷ ᠵᠠᠭᠤᠨ ᠡᠳᠦᠷ︾ ᠤᠨ  ᠰᠢᠪᠲᠤᠯᠤᠯᠲᠠ ᠶᠢᠨ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/4
      10 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠬᠤᠰᠢᠭᠤ ᠨᠠᠮ ᠤᠨ ᠬᠤᠷᠢᠶ᠎ᠠ‌‍ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ︽ ᠬᠤᠶᠠᠷ ᠵᠠᠭᠤᠨ ᠡᠳᠦᠷ︾ ᠤᠨ ᠰᠢᠪᠲᠤᠯᠤᠯᠲᠠ ᠶᠢᠨ ᠠᠵᠢᠯᠯᠠᠭᠠᠨ ᠤ  ᠳᠠᠶᠢᠴᠢᠯᠠᠯᠲᠠ ᠶᠢᠨ ᠬᠤᠷᠠᠯ  ᠬᠤᠷᠠᠯᠳᠤᠪᠠ᠃              ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤ ᠳᠠᠷᠤᠭ᠎ᠠ‌ᠵᠧᠤ ᠢᠦᠶ ᠯᠦᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ‌ᠠᠯᠮᠠᠰ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ‌‍ᠰᠢᠤᠢ ᠶᠢᠩ‌ᠵᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ‌‍ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠠᠩ‌‍ᠶᠢᠨ ᠯᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ‌ᠬᠤᠩ ᠶᠠᠨ  ᠬᠤᠷᠠᠯ ᠳᠤ ᠣᠷᠣᠯᠴᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ ᠬᠤᠷᠠᠯ ᠡᠷᠭᠢᠯᠡᠪᠡ᠃      ᠬᠢᠩᠭᠠᠨ‌ᠵᠢᠭᠠᠬᠤ ᠳᠠᠭᠠᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯ ᠨᠠᠮ ᠪᠣᠯᠤᠨ ᠤᠯᠤᠰ ‍ᠤᠨ‌ᠠᠵᠢᠯ ᠤᠨ ᠴᠢᠬᠤᠯᠠ ᠪᠦᠷᠢᠯᠳᠦᠬᠦᠨ ᠬᠡᠰᠡᠭ‌‍ᠪᠠᠶᠢᠵᠤ᠂ ᠨᠠᠮ ᠠᠴᠠ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢ ᠤᠳᠤᠷᠢᠳᠴᠤ ᠵᠠᠰᠠᠭ ᠤᠨ ᠡᠭᠦᠷᠭᠡ ᠴᠢᠳᠠᠪᠬᠢ᠂ ᠬᠠᠮᠢᠶᠠᠷᠤᠯᠲᠠ ᠶᠢᠨ ᠡᠭᠦᠷᠭᠡ ᠴᠢᠳᠠᠪᠬᠢ᠂ ᠦᠢᠯᠡᠴᠢᠯᠡᠭᠡᠨ ᠤ ᠡᠭᠦᠷᠭᠡ‌‍ᠴᠢᠳᠠᠪᠬᠢ ᠪᠠᠨ ᠬᠠᠤᠯᠢ ᠶᠣᠰᠣᠭᠠᠷ ᠭᠦᠢᠴᠡᠳᠬᠡᠬᠦ ᠴᠢᠬᠤᠯᠠ  ᠠᠷᠭ᠎ᠠ‌ᠵᠠᠮ ᠮᠥᠨ᠃  ᠪᠥᠬᠦ ᠬᠤᠰᠢᠭᠤᠨ ᠤ ᠡᠯ᠎ᠡ‌‍ᠱᠠᠲᠤᠨ ᠤ ᠨᠠᠮ ᠤᠨ ᠬᠤᠷᠢᠶ᠎ᠠ‌‍ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ‌ᠨᠢᠭᠡᠴᠡ᠂ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ  ᠶᠢᠨ ᠺᠠᠳ᠋ᠷ ᠴᠠᠭᠳᠠᠭ᠎ᠠ‌ᠨᠠᠮ ᠤᠨ ᠬᠠᠷᠢᠴᠠᠯᠠᠰᠢᠭᠦᠶ ᠤᠳᠤᠷᠢᠳᠤᠯᠭ᠎ᠠ‌‍ᠶᠢ ᠪᠠᠷᠢᠮᠲᠠᠯᠠᠵᠤ᠂ ︽ ᠬᠤᠶᠠᠷ ᠵᠠᠭᠤᠨ ᠡᠳᠦᠷ︾ ᠤᠨ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠬᠦ ᠲᠠᠢ ᠤᠶᠠᠯᠳᠤᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠳᠤ ᠲᠣᠳᠣᠷᠬᠠᠶᠢᠯᠠᠭᠰᠠᠨ ᠡᠭᠦᠷᠭᠡ‌ᠬᠠᠷᠢᠭᠤᠴᠠᠯᠭ᠎ᠠ‌‍ᠲ᠋ᠠᠢ ᠬᠠᠷᠭᠤᠭᠤᠯᠵᠤ᠂ ᠪᠥᠬᠦ ᠲᠠᠯ᠎ᠠ‌‍ᠪᠠᠷ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠲᠣᠭᠲᠠᠭᠠᠵᠤ᠂ ᠬᠠᠷᠢᠭᠤᠴᠠᠯᠭᠠᠲᠠᠨ ᠪᠣᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠤᠳᠤᠷᠬᠠᠶᠢᠯᠠᠨ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠢᠮᠠᠭᠲᠠ ᠨᠠᠮ ᠤᠨ ᠤᠳᠤᠷᠢᠳᠤᠯᠭ᠎ᠠ‌‍ᠲ᠋ᠤᠤᠷ᠎ᠠ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ‌‍ᠪᠠᠷ ᠬᠦᠢᠴᠡᠳᠬᠡᠬᠦ ᠶᠢ ᠪᠠᠲᠤᠯᠠᠬᠤ ᠬᠡᠷᠡᠭᠲᠡᠶ᠃ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂  ᠠᠰᠠᠭᠤᠳᠠᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠪᠠ‌ᠵᠥ᠋ᠪ ᠲᠠᠯ᠎ᠠ  ᠠᠴᠠ ᠤᠷᠮᠠᠰᠢᠭᠤᠯᠤᠨ ᠵᠢᠯᠣᠭᠤᠳᠬᠤ ᠪᠠᠨ ᠴᠢᠩᠭᠠᠳᠬᠠᠨ᠂ ᠺᠠᠳ᠋ᠷ ᠴᠠᠭᠳᠠᠭ᠎ᠠ‌‍ᠶᠢᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠬᠠᠮᠤᠭ ᠤᠨ ᠶᠡᠭᠡ‌‍ᠬᠡᠮᠵᠢᠶ᠎ᠡ‌‍ᠪᠠᠷ  ᠬᠥᠭᠵᠢᠭᠡᠵᠦ᠂ᠥᠷᠭᠡᠨ ᠤᠯᠠᠠ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠤᠨ ᠠᠵᠢᠯ ᠦᠢᠯᠡᠰ ᠢᠶᠠᠨ ᠬᠠᠶᠢᠷᠠᠯᠠᠬᠤ ᠢᠳᠡᠪᠬᠢᠵᠢᠯ ᠢ ᠤᠯᠠᠮ ᠨᠢᠭᠡ‌ᠠᠯᠬᠤᠮ ᠲᠠᠶᠢᠴᠢᠯᠠᠵᠦ᠂ ︽ ᠠᠮᠤᠭᠤᠯᠠᠩ‌ᠵᠡᠭᠦᠨ ᠦᠵᠦᠮᠦᠴᠢᠨ︾᠂ ︽ ᠬᠠᠤᠯᠢ ᠪᠠᠷ ᠵᠠᠰᠠᠬᠤ ᠵᠡᠭᠦᠨ ᠦᠵᠦᠮᠦᠴᠢᠨ︾ ᠤ ᠪᠦᠲᠦᠭᠡᠡ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      ᠬᠢᠩᠭᠠᠨ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ‌‍ᠱᠠᠲᠤ ᠡᠯ᠎ᠡ‌‍ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ︽ ᠬᠤᠶᠠᠷ ᠵᠠᠭᠤᠨ ᠡᠳᠦᠷ︾  ᠤᠨ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ‌‍ᠶᠢᠨ ᠤᠬᠠᠮᠰᠠᠷ ᠢᠶᠠᠷ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ‌‍ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ᠃ ᠡᠯ᠎ᠡ‌ᠬᠠᠮᠢᠶ᠎ᠠ‌‍ᠪᠥ᠋ᠬᠦᠶ ᠨᠢᠭᠡᠴᠢ ᠶᠢᠨ ᠬᠢᠨ ︽ ᠬᠤᠶᠠᠷ ᠵᠠᠭᠤᠨ ᠡᠳᠦᠷ︾  ᠤᠨ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠬᠦ ᠪᠠᠷ ᠳᠠᠮᠵᠢᠭᠤᠯᠤᠨ᠂  ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠢᠶᠠᠨ ᠴᠢᠩᠭᠠᠳᠬᠠᠵᠤ᠂  ᠠᠶᠤᠯᠭᠦᠢ‌ᠦᠢᠯᠡᠳᠪᠤᠷᠢᠯᠡᠯ᠂ ᠣᠯᠠᠨ ᠨᠡᠶᠢᠲᠡ  ᠶᠢᠨ ᠠᠮᠤᠷ ᠲᠦᠪᠰᠢᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ‌‍ᠢᠶ᠋ᠠᠷ ᠭᠤᠤᠯᠳᠠᠯᠭ᠎ᠠ‌‍ᠪᠣᠯᠭᠠᠵᠤ᠂ ᠪᠥᠬᠦ ᠬᠦᠷᠢᠶ᠎ᠡ‌‍ᠴᠠᠷ᠎ᠠ᠂ ᠪᠥᠬᠦ ᠲᠠᠯ᠎ᠠ᠂ ᠪᠥᠬᠦ ᠶᠠᠪᠤᠴᠠ ᠳᠤ ᠨᠡᠶᠢᠭᠡᠮ ᠤᠨ ᠠᠮᠤᠷ ᠲᠦᠪᠰᠢᠨ‌‍ᠲ᠋ᠣᠭᠲᠠᠭᠤᠨ  ᠢ ᠨᠥᠯᠦᠭᠡᠯᠡᠬᠦ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ‌ᠵᠥ᠋ᠷᠢᠴᠡᠯ ᠢ ᠠᠷᠢᠯᠭᠠᠬᠤ ᠠᠵᠢᠯ ᠢ ᠥᠷᠨᠢᠭᠦᠯᠵᠦ᠂ ᠨᠡᠶᠢᠭᠡᠮ ᠤᠨ ᠲᠣᠭᠲᠠᠭᠤᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠡᠭᠡᠳᠦ ᠱᠠᠲᠤᠨ ᠤ ᠴᠢᠬᠤᠯᠠ ᠶᠡᠭᠡ‌ᠠᠵᠢᠯᠯᠠᠭ᠎ᠠ ᠶᠢᠨ ᠤᠷᠤᠭᠰᠢᠲᠠᠶ ᠥᠷᠨᠢᠬᠦ ᠪᠠ‌‍ᠪᠥ᠋ᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ  ᠃ ᠡᠯ᠎ᠡ ᠭᠠᠵᠠᠷ ᠣᠷᠣᠨ ᠡᠯ᠎ᠡ‌‍ᠰᠠᠯᠠᠭ᠎ᠠ‌ᠮᠥ᠋ᠴᠢᠷ ᠤᠨ ᠬᠢᠨ ᠲᠥᠰᠦᠯ ᠤᠨ ᠱᠠᠭᠠᠷᠳᠠᠯᠭ᠎ᠠ‌‍ᠶᠣᠰᠣᠭᠠᠷ᠂ ᠭᠤᠤᠯᠳᠠᠯᠭ᠎ᠠ‌‍ᠲ᠋ᠠᠢ ᠡᠭᠦᠷᠭᠡ‌‍ᠲ᠋ᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ‌‍ᠳᠦ᠋ᠩ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠲᠠᠯᠠᠵᠤ᠂ ︽ ᠬᠤᠶᠠᠷ ᠵᠠᠭᠤᠨ ᠡᠳᠦᠷ︾ ᠤᠨ ᠰᠢᠪᠲᠤᠯᠤᠯᠲᠠ ᠶᠢᠨ ᠠᠵᠢᠯᠯᠠᠭᠠᠨ ᠤ  ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠬᠢᠩᠭᠠᠨ  ᠴᠢᠬᠤᠯᠴᠢᠯᠠᠭᠰᠠᠨ ᠨᠢ᠂ ᠡᠯ᠎ᠡ ᠭᠠᠵᠠᠷ ᠡᠯ᠎ᠡ‌‍ᠰᠠᠯᠠᠭ᠎ᠠ ᠮᠥᠴᠢᠷ ᠤᠨ ᠥᠩᠭᠡᠷᠡᠭᠰᠡᠨ ᠤ ᠠᠵᠢᠯ ᠤᠨ ᠰᠠᠭᠤᠷᠢᠨ ᠳᠡᠭᠡᠷ᠎ᠡ᠂ ᠪᠣᠳᠠᠲᠠᠶ ᠠᠵᠢᠯ ᠤᠨ ᠲᠥᠰᠦᠯ ᠪᠤᠶᠤ ᠠᠵᠢᠯ ᠤᠨ ᠨᠠᠷᠢᠨ ᠲᠠᠩᠰᠠ ᠶᠢ ᠱᠠᠯᠠᠪᠳᠠᠨ ᠲᠣᠭᠲᠠᠭᠠᠵᠤ ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠨᠥᠯᠥᠭᠡᠯᠡᠬᠦ ᠠᠯᠢᠪᠠ‌‍ᠬᠦ᠋ᠴᠦᠨ ᠵᠦᠢᠯ ᠪᠠ‌‍ᠲ᠋ᠠᠯᠳᠠ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠭᠤᠯᠭ᠎ᠠ‌‍ᠳᠤ ᠣᠷᠣᠭᠤᠯᠵᠤ᠂ ︽ᠳᠥᠷᠪᠡ‌ᠡᠭᠦᠰᠬᠦ ᠥᠬᠡᠶ︾ ᠪᠠᠶᠢᠬᠤ ᠶᠢ ᠪᠠᠲᠤᠯᠠᠬᠤ ᠬᠡᠷᠡᠭᠲᠡᠶ᠃ ︽ ᠬᠤᠶᠠᠷ ᠵᠠᠭᠤᠨ ᠡᠳᠦᠷ︾ ᠤᠨ ᠰᠢᠪᠲᠤᠯᠤᠯᠲᠠ ᠶᠢᠨ ᠠᠵᠢᠯᠯᠠᠭᠠᠨ ᠤ ᠴᠠᠭ ᠪᠠᠴᠢᠮ᠂ ᠡᠭᠦᠷᠭᠡ‌‍ᠬᠦ᠋ᠨᠳᠦ᠂ ᠬᠠᠷᠢᠭᠤᠴᠠᠯᠭ᠎ᠠ‌‍ᠶᠡᠭᠡ‌‍ᠪᠣᠯᠬᠤᠷ ᠡᠷᠬᠡᠪᠰᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ‌‍ᠪᠠᠨ ᠴᠢᠩᠭᠠᠳᠬᠠᠵᠤ᠂ ᠠᠵᠢᠯᠯᠠᠬᠤ ᠠᠷᠭ᠎ᠠ‌‍ᠶᠢ ᠴᠢᠬᠤᠯᠠᠴᠢᠯᠠᠵᠤ᠂ ᠦᠷ᠎ᠡ‌‍ᠳᠦ᠋ᠩ ᠤᠨ ᠬᠡᠷᠡᠭᠯᠡᠯᠲᠡ ᠶᠢ ᠴᠢᠩᠭᠠᠳᠬᠠᠵᠤ᠂ ᠡᠯ᠎ᠡ‌ᠵᠦ᠋ᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠪᠥᠬᠡ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ‌ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠪᠠ‌ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ‌ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ‌ᠵᠥ᠋ᠷᠢᠶ᠎ᠡ‌‍ᠪᠠ‌‍ᠬᠦ᠋ᠷᠦᠯᠴᠡᠬᠦ ᠥᠬᠡᠶ ᠲᠠᠯ᠎ᠠ‌‍ᠪᠠᠨ ᠭᠦᠨᠵᠡᠭᠡᠶ ᠪᠠᠶᠢᠴᠠᠭᠠᠨ ᠡᠷᠢᠬᠦ ᠬᠡᠷᠡᠭᠲᠡᠶ᠃ ᠵᠥᠪ‌ᠤᠯᠤᠰ ᠲᠦᠷᠦ ᠶᠢᠨ ᠴᠢᠭᠯᠡᠯ ᠢ ᠪᠠᠲᠤᠳᠬᠠᠵᠤ᠂ ᠢᠮᠠᠭᠲᠠ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ‌‍ᠰᠠᠬᠢᠵᠤ ᠂ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ‌‍ᠪᠠᠨ ᠭᠦᠢᠴᠡᠳᠬᠡᠬᠦ ᠲᠦᠪᠰᠢᠨ ᠢᠶᠠᠨ ᠪᠦᠬᠦ ᠲᠠᠯ᠎ᠠ‌‍ᠪᠠᠷ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ‌ᠦᠢᠯᠡ ᠠᠵᠢᠯᠯᠠᠭ᠎ᠠ‌‍ᠶᠢᠨ ᠤᠬᠠᠮᠰᠠᠷ ᠢᠶᠠᠷ ︿︿ᠬᠤᠶᠠᠷ ᠵᠠᠭᠤᠨ ᠡᠳᠦᠷ ᠤᠨ﹀﹀  ᠰᠢᠪᠲᠤᠯᠤᠯᠲᠠ ᠶᠢᠨ ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠤᠯᠬᠤ ᠶᠢ  ᠪᠠᠲᠤᠯᠠᠵᠤ᠂   ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠢᠨ᠎ᠡ ᠳᠡᠭᠲᠡᠷ  ᠲᠤ ᠭᠠᠷᠭᠠᠬᠤ ᠵᠢ‌ᠠᠬᠢᠭᠤᠯᠬᠤ ᠬᠡᠷᠡᠭᠲᠡᠢ ᠭᠡᠪᠡ᠃
     ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ‌‍ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠡᠯ᠎ᠡ‌ᠵᠥ᠋ᠪᠯᠡᠯ  ᠂ ᠬᠡᠯᠲᠡᠰ᠂  ᠠᠯᠪᠠᠨ ᠬᠡᠷ᠂  ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ‌ᠡᠯ᠎ᠡ‌ᠨᠢᠭᠡᠴᠡ᠂ ᠡᠯ᠎ᠡ ᠴᠡᠷᠢᠭ ᠴᠠᠭᠳᠠᠭ᠎ᠠ‌‍ᠪᠣᠯᠤᠨ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ᠂ ᠡᠯ᠎ᠡ‌‍ᠰᠤᠮᠤ ᠪᠠᠯᠭᠠᠰᠤ ︵ᠲᠠᠯᠠᠪᠠᠶ︶ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠡᠯ᠎ᠡ‌‍ᠰᠤᠮᠤ ᠪᠠᠯᠭᠠᠰᠤᠨ ᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号