2021ᠣᠨ ᠤ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠲᠤᠭᠠᠴᠢᠯᠲᠠ‌‍ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/11/4
      10 ᠰᠠᠷ᠎ᠠ ᠶᠢᠨ 27 ᠤ ᠡᠳᠦᠷ᠂ ᠮᠠᠨ ᠤ ᠬᠤᠰᠢᠭᠤ 2021 ᠣᠨ ᠤ ᠬᠤᠰᠢᠭᠤ ᠨᠠᠮ ᠤᠨ ᠬᠤᠷᠢᠶᠠᠨ  ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ  ᠲᠤᠭᠠᠴᠢᠯᠲᠠ ᠶᠢᠨ ᠬᠤᠷᠠᠯ ᠢ ᠬᠤᠷᠠᠯᠳᠣᠭᠤᠯᠪᠠ᠃
     ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠢᠭᠡᠳᠦᠭᠡᠷ ᠱᠦᠵᠢ ᠬᠢᠩᠭᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ᠂  ᠬᠤᠰᠢᠭᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠵᠧᠤ ᠢᠦᠶ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠴᠧᠨ ᠽᠠᠢ ᠯᠢᠨ ᠠᠴᠠ ᠠᠶᠢᠮᠠᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠰᠤᠮᠤ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠭᠠᠨ ᠵᠢᠯᠣᠭᠤᠳᠣᠭᠴᠢ ᠶᠢᠨ ᠲᠤᠰᠢᠶᠠᠯ ᠡᠭᠦᠷᠭᠡᠯᠡᠬᠦ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠡᠯ᠎ᠡ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠳᠤ ᠦᠨᠡᠯᠡᠯᠲᠡ ᠬᠢᠵᠡᠶ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ  ᠲᠤᠭᠠᠴᠢᠯᠲᠠ ᠬᠢᠪᠡ᠃
     ᠬᠢᠩᠭᠠᠨ ᠡᠯ᠎ᠡ ᠰᠤᠮᠤ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠵᠢᠭᠠᠨ ᠵᠢᠯᠣᠭᠤᠳᠣᠭᠴᠢ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠲᠡᠷᠡ ᠶᠠᠷᠢᠶᠠᠨ ᠳᠠᠭᠠᠨ ᠵᠢᠭᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ  ᠪᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠪᠣᠳᠠᠲᠠᠢ ᠨᠠᠶᠢᠳᠠᠪᠤᠷᠢᠵᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠪᠣᠳᠠᠲᠠᠢ ᠭᠦᠢᠴᠡᠳᠬᠡᠬᠦ᠂ ᠠᠵᠢᠯ ᠢ ᠪᠣᠳᠠᠲᠠᠢ ᠠᠬᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ  ᠴᠡᠷᠢᠭ ᠠᠩᠭᠢ ᠶᠢᠨ ᠬᠢᠨ ᠤᠯᠤᠰ ᠲᠥᠷᠥ ᠪᠠᠷ ᠴᠡᠷᠢᠭ ᠪᠠᠶᠢᠭᠤᠯᠬᠤ ᠱᠠᠭᠠᠷᠳᠠᠯᠭ᠎ᠠ ᠶᠢ ᠡᠷᠡᠰ  ᠲᠤᠤᠱᠯᠠᠭᠤᠯᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ  ᠲᠤᠤᠱᠯᠠᠭᠤᠯᠬᠤ ᠶᠢ ᠬᠠᠮᠤᠭ ᠤᠨ ᠳᠡᠭᠡᠳᠦ ᠤᠯᠤᠰ ᠲᠥᠷᠥ ᠶᠢᠨ ᠱᠠᠭᠠᠷᠳᠠᠯᠭ᠎ᠠ ᠪᠣᠯᠭᠠᠨ ᠵᠢᠷᠤᠮᠯᠠᠵᠤ᠂ ᠬᠠᠮᠤᠭ ᠤᠨ ᠳᠡᠭᠡᠳᠦ ᠤᠯᠤᠰ ᠲᠥᠷᠥ ᠶᠢᠨ ᠰᠠᠬᠢᠯᠭ᠎ᠠ ᠪᠠᠲᠤ ᠪᠣᠯᠭᠠᠨ ᠰᠠᠬᠢᠨ ᠬᠠᠮᠠᠭᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠤᠤᠷ᠎ᠠ ᠴᠥᠮ ᠨᠠᠮ ᠤᠨ ᠵᠢᠯᠣᠭᠤᠳᠣᠯᠭ᠎ᠠ ᠶᠢ ᠳᠠᠭᠠᠬᠤ᠂ ᠨᠠᠮ ᠳᠤ ᠬᠠᠷᠢᠭᠤᠴᠠᠬᠤ᠂ ᠨᠠᠮ ᠢ ᠰᠠᠨᠠᠭ᠎ᠠ‌ᠠᠮᠤᠷ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠨ ᠤ ᠬᠤᠰᠢᠭᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠭᠦᠨᠵᠡᠭᠡᠶ ᠲᠠᠨᠢᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ᠂ ᠳᠠᠶᠢᠴᠢᠯᠠᠨ ᠪᠡᠯᠡᠳᠬᠡᠬᠦ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ᠂ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠥᠮᠦᠵᠢᠯ ᠪᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠵᠢᠯ ᠢ ᠬᠦᠴᠦ ᠳᠡᠯᠪᠢᠨ ᠰᠠᠶᠢᠲᠤᠷ ᠠᠳᠬᠤᠵᠤ᠂ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠴᠡᠷᠢᠭ ᠠᠩᠭᠢ ᠪᠠ ᠣᠷᠣᠨ ᠨᠤᠲᠤᠭ ︽ᠨᠢᠭᠡ ᠬᠥᠯᠭᠡ ᠰᠢᠳᠠᠷ᠎ᠠ︾᠂ ᠴᠡᠷᠢᠭ ᠠᠷᠠᠳ ︽ᠨᠢᠭᠡ ᠭᠡᠷ ᠪᠦᠯᠢ︾ ᠪᠣᠯᠬᠤ ᠶᠢ ᠪᠠᠷᠢᠮᠲᠠᠯᠠᠵᠤ᠂ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠠᠵᠢᠯ ᠤᠨ ᠲᠠᠰᠤᠷᠠᠯᠲᠠ ᠦᠭᠡᠢ ᠰᠢᠨ᠎ᠡ‌ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃      ᠵᠧᠤ ᠢᠦᠶ ᠯᠦᠩ ᠱᠠᠭᠠᠷᠳᠠᠬᠤ ᠳᠠᠭᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ‌‍ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ‌ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠦᠷᠢᠶᠡᠨ ᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠣᠲᠠᠭᠳᠠᠯ ᠪᠠᠭᠤᠷᠠᠶ ᠲᠠᠯ᠎ᠠ ᠪᠠᠨ ᠠᠩᠬᠠᠷᠤᠨ ᠦᠨᠳᠦᠰᠦᠨ ᠱᠠᠲᠤ ᠶᠢ ᠠᠳᠬᠤᠵᠤ᠂ ᠬᠤᠤᠰ ᠴᠢᠭᠯᠡᠯ ᠢᠶᠠᠷ ᠦᠢᠯᠡᠴᠢᠯᠡᠬᠦ ᠶᠢ ᠳᠣᠪᠤᠶᠢᠯᠭᠠᠨ ᠬᠤᠶᠠᠷ ᠢ ᠬᠦᠷᠢᠶᠡᠯᠡᠬᠦ ᠶᠢ ᠠᠳᠬᠤᠵᠤ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃      ᠬᠤᠰᠢᠭᠤ ᠳᠥᠷᠪᠡᠨ ᠶᠡᠭᠡ‌ᠤᠳᠤᠷᠢᠳᠬᠤ ᠪᠠᠭ ᠤᠨ ᠬᠤᠯᠪᠣᠭᠳᠠᠯ ᠪᠥᠬᠦᠶ ᠤᠳᠤᠷᠢᠳᠤᠯᠭ᠎ᠠ᠂ ᠬᠤᠰᠢᠭᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ ᠶᠢᠨ ᠳᠠᠷᠤᠭ᠎ᠠ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠤᠰᠢᠭᠤᠨ ᠳᠤ ᠰᠠᠭᠤᠭ᠎ᠠ‌ᠡᠯ᠎ᠡ ᠴᠡᠷᠢᠭ ᠴᠠᠭᠳᠠᠭ᠎ᠠ ᠴᠡᠷᠢᠭ ᠠᠩᠭᠢ ᠶᠢᠨ ᠭᠤᠤᠯ ᠲᠤᠰᠢᠶᠠᠯᠲᠠᠨ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号