ᠮᠠᠨ ᠤ ᠬᠤᠰᠢᠭᠤ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠬᠥᠮᠦᠰ ᠢ ᠵᠢᠭᠰᠠᠭᠠᠨ ᠪᠠᠶᠢᠴᠠᠭᠠᠵᠤ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2021/11/4
      ᠣᠶᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠭ᠎ᠠ ᠪᠣᠯᠬᠤᠷ᠂ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 10 ᠰᠠᠷ᠎ᠠ ᠶᠢᠨ 26 ᠤ ᠡᠳᠦᠷ ᠠᠴᠠ  ᠡᠬᠢᠯᠡᠨ᠂ ᠮᠠᠨ ᠤ ᠬᠤᠰᠢᠭᠤᠨ ᠤ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠡ ᠠᠴᠠ ᠳᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ  ᠪᠤᠯᠤᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ᠂ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ ᠪᠠ ᠡᠷᠦᠬᠡ ᠠᠮᠠ ᠶᠢᠨ ᠲᠠᠩᠰᠠ ᠥᠬᠡᠶ ᠪᠠᠶᠢᠩᠭᠤ ᠰᠠᠭᠤᠭ᠎ᠠ ᠬᠥᠮᠦᠨ ᠠᠮᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠲᠦᠢᠯᠪᠤᠷᠢᠲᠠᠶ ᠵᠢᠭᠰᠠᠭᠠᠨ ᠪᠠᠶᠢᠴᠠᠭᠠᠵᠤ᠂ ︽ᠨᠢᠭᠡ‌ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠡᠶᠡᠯᠡᠭᠦᠯᠪᠡ᠃
     ᠳᠠᠭᠠᠭᠠᠴᠢᠯᠠᠨ ᠬᠠᠷᠢᠯᠴᠠᠬᠤ ᠨᠢᠭᠡᠴᠡ ᠶᠢᠨ ᠠᠵᠢᠯᠲᠠᠨ‌ᠡᠴᠡ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠠᠪᠤᠴᠠ ᠳᠠᠭᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠦᠭᠡᠶᠢᠳᠡᠭᠦᠯᠦᠭᠰᠡᠨ ᠸᠠᠺᠼᠢᠨ ᠤ ᠭᠤᠷᠪᠠᠳᠡᠬᠢ ᠲᠠᠷᠢᠯᠭ᠎ᠠ ᠳᠠᠷᠢᠬᠤ ᠶᠣᠰᠣᠲᠠᠶ ᠰᠠᠭᠤᠭᠠᠯᠢ ᠠᠷᠠᠳ ᠡᠷᠬᠡᠪᠰᠢ ᠳᠠᠷᠤᠶ ᠲᠦᠷᠭᠡᠨ ᠲᠠᠷᠢᠯᠭ᠎ᠠ ᠬᠢᠵᠦ᠂ ︽ᠴᠢᠩᠭᠠᠳᠬᠠᠬᠤ ᠲᠠᠷᠢᠯᠭ᠎ᠠ︾  ᠪᠠᠷ ᠰᠡᠷᠭᠡᠶᠢᠯᠡᠨ ᠡᠵᠡᠮᠳᠡᠬᠦ ᠲᠤᠤᠷ ᠢ  ᠨᠢᠭᠲᠠᠷᠠᠭᠤᠯᠤᠨ᠂ ᠬᠥᠮᠦᠰ ᠤᠨ ᠳᠠᠷᠬᠠᠯᠠᠭ᠎ᠠ  ᠶᠢᠨ ᠬᠠᠯᠬᠠᠪᠴᠢ ᠶᠢ ᠲᠦᠷᠭᠡᠳᠬᠡᠨ ᠴᠣᠭᠴᠠᠯᠠᠬᠤ ᠶᠢ ᠪᠠᠶᠢᠩᠭᠤ ᠰᠠᠨᠠᠭᠤᠯᠵᠤ ᠪᠠᠶᠢᠯ᠎ᠠ᠃ ᠵᠡᠭᠡᠯᠢ ᠨᠢᠭᠤᠷᠯᠠᠭᠰᠠᠨ ᠬᠤᠳᠠᠯᠳᠤᠭ᠎ᠠ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ  ᠵᠢᠭᠰᠠᠭᠠᠨ ᠪᠠᠶᠢᠴᠠᠭᠠᠬᠤ ᠳᠤ ᠪᠠᠨ᠂ ᠠᠵᠢᠯᠲᠠᠳ ᠠᠴᠠ ᠪᠠᠰᠠ ᠠᠮᠠᠪᠴᠢ ᠵᠡᠭᠦᠬᠦ᠂ ᠬᠤᠤᠰ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠠᠷᠢᠭᠤᠳᠬᠠᠬᠤ ᠵᠡᠷᠭᠡ‌‍ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠴᠢᠩᠭ᠎ᠠ‌ᠨᠠᠶᠢᠳᠠᠪᠤᠷᠢᠵᠢᠭᠤᠯᠬᠤ ᠶᠢ ᠲᠠᠰᠤᠷᠠᠯᠲᠠ ᠥᠬᠡᠶ  ᠴᠢᠬᠤᠯᠠᠴᠢᠯᠠᠵᠤ ᠪᠠᠶᠢᠯ᠎ᠠ᠃
     ᠣᠶᠢᠯᠠᠭᠠᠭᠰᠠᠨ ᠢᠶᠠᠷ᠂ ᠮᠠᠨ ᠤ ᠬᠤᠰᠢᠭᠤ ︽ᠳᠠᠭᠠᠭᠠᠴᠢᠯᠠᠨ ᠬᠠᠷᠢᠯᠴᠠᠬᠤ ᠠᠵᠢᠯᠲᠠᠨ ᠰᠠᠨᠠᠭᠠᠴᠢᠯᠠᠭ᠎ᠠ   ᠠᠴᠠ ᠪᠠᠨ ᠡᠷᠦᠬᠡ ᠳᠤ ᠣᠷᠣᠬᠤ + ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ + ᠲᠣᠮᠣ ᠳ᠋ᠠᠶᠢᠲ᠋ᠠ ᠶᠢᠨ ᠬᠢᠨᠠᠨ ᠪᠠᠶᠢᠴᠠᠭᠠᠯᠲᠠ︾  ᠵᠡᠷᠭᠡ ᠭᠤᠷᠪᠠᠨ ᠵᠦᠢᠯ ᠤᠨ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠬᠥᠮᠦᠰ ᠤᠨ ᠪᠠᠶᠢᠳᠠᠯ ᠢ ᠬᠥᠳᠡᠯᠦᠩᠭᠦᠶ ᠪᠠᠷ ᠤᠶᠢᠯᠠᠭᠠᠨ ᠡᠵᠡᠮᠰᠢᠵᠦ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠪᠤᠯᠤᠨ᠎ᠠ᠃ ᠠᠳᠡ᠂ ᠪᠢᠳᠡ ᠪᠠᠰᠠ ᠥᠷᠭᠡᠨ ᠣᠯᠠᠨ ᠰᠠᠭᠤᠭᠠᠯᠢ ᠠᠷᠠᠳ ᠤᠨ ᠪᠥᠬᠦ ᠬᠤᠰᠢᠭᠤᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号