ᠬᠤᠰᠢᠭᠤ ᠤᠯᠤᠰ ᠲᠥᠷᠥ ᠶᠢᠨ ᠵᠥᠪᠯᠡᠯᠭᠡᠨ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠭᠠᠷᠳᠠᠨ ᠬᠦᠢᠴᠡᠳᠬᠡᠬᠦ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2021/11/4
      10 ᠰᠠᠷ᠎ᠠ ᠶᠢᠨ 29 ᠤ ᠡᠳᠦᠷ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠰᠢᠶᠤᠤ ᠮᠢᠩ ︽ᠪᠠᠩᠬᠢ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠶᠢ ᠬᠡᠷᠬᠢᠨ ᠴᠢᠩᠭᠠᠳᠬᠠᠬᠤ ᠲᠤᠬᠠᠶ︾ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠭᠠᠷᠳᠠᠨ ᠬᠦᠢᠴᠡᠳᠬᠡᠬᠦ  ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂  ᠰᠠᠨᠠᠯ ᠳᠤᠷᠠᠳᠤᠯᠭ᠎ᠠ ᠳᠤᠷᠠᠳᠤᠭᠰᠠᠨ ᠬᠡᠰᠢᠭᠦᠨ᠂ ᠬᠤᠰᠢᠭᠤ ᠮᠥᠩᠭᠦᠨ ᠭᠦᠢᠯᠭᠡᠭᠡᠨ ᠤ ᠠᠯᠪᠠᠨ ᠬᠡᠷ᠂ ᠡᠯ᠎ᠡ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠡᠯ᠎ᠡ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ᠂ ᠡᠵᠡᠩᠨᠡᠯᠲᠡ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠡᠷᠭᠡ ᠠᠰᠠᠭᠤᠳᠠᠯ ᠤᠨ ᠲᠣᠭᠤᠷᠢᠨ ᠳᠤ ᠬᠠᠷᠢᠭᠤ ᠮᠡᠳᠡᠭᠦᠯᠬᠦ ᠶᠢᠨ ᠬᠠᠮᠲᠤ ᠰᠠᠨᠠᠭᠤᠯᠭ᠎ᠠ‌‍ᠲ᠋ᠤᠷᠠᠳᠤᠭᠰᠠᠨ ᠬᠡᠰᠢᠭᠦᠨ ᠲᠠᠢ ᠰᠠᠨᠠᠯ ᠢᠶᠠᠨ  ᠰᠤᠯᠢᠯᠴᠠᠵᠤ᠂ ︽ᠪᠠᠩᠬᠢ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠶᠢ ᠬᠡᠷᠬᠢᠨ ᠴᠢᠩᠭᠠᠳᠬᠠᠬᠤ ᠲᠤᠬᠠᠶ︾ ᠰᠠᠨᠠᠯ ᠳᠤᠷᠠᠳᠤᠯᠭ᠎ᠠ ᠶᠢᠨ ᠲᠤᠬᠠᠶ ᠬᠠᠷᠢᠭᠤᠯᠲᠠ ᠥᠭᠪᠡ᠃
     ᠰᠢᠶᠤᠤ ᠮᠢᠩ ᠴᠢᠬᠤᠯᠴᠢᠯᠠᠭᠰᠠᠨ ᠨᠢ᠂ ᠡᠯ᠎ᠡ ᠪᠠᠩᠬᠢ ᠶᠢᠨ ᠬᠢᠨ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ ᠂ ᠲᠤᠬᠠᠶᠢᠯᠠᠭᠰᠠᠨ ᠠᠵᠢᠯ ᠤᠨ ᠰᠢᠢᠳᠪᠦᠷᠢᠯᠡᠬᠦ ᠠᠯᠬᠤᠮ  ᠳᠠᠷᠠᠭ᠎ᠠ‌‍ᠶᠢ ᠤᠯᠠᠮ ᠨᠢᠭᠡ ᠠᠯᠬᠤᠮ  ᠳᠥᠭᠦᠮᠴᠢᠯᠡᠵᠦ᠂ ᠤᠯᠠᠨ ᠲᠦᠮᠡᠨ ᠤ  ᠬᠦᠯᠢᠶᠡᠬᠦ ᠴᠠᠭ ᠢ ᠪᠣᠭᠤᠨᠢᠰᠬᠠᠬᠤ ᠬᠡᠷᠡᠭᠲᠡᠢ  ᠃ ᠳᠤᠮᠳᠠ ᠪᠠᠭ᠎ᠠ‌ᠠᠵᠤ ᠠᠬᠤᠶᠢᠯᠠᠯ ᠤᠨ ᠬᠢᠨ ᠳᠤ ᠬᠦᠷᠴᠦ ᠦᠢᠯᠡᠴᠢᠯᠡᠬᠦ ᠶᠢ ᠴᠢᠩᠭᠠᠳᠬᠠᠵᠤ᠂ ᠳᠤᠮᠳᠠ ᠪᠠᠭ᠎ᠠ ᠵᠢᠵᠢᠭ‌ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠦᠷᠵᠢᠭᠤᠯᠬᠤ ᠬᠡᠷᠡᠭᠲᠡᠢ᠃ ᠳᠤᠮᠳᠠ ᠪᠠᠭ᠎ᠠ ᠵᠢᠵᠢᠭ‌ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠲᠡᠢ᠂ ᠤᠯᠠᠨ ᠲᠦᠮᠡᠨ ᠤ ᠵᠢᠭᠡᠯᠡᠯᠭᠡ  ᠶᠢᠨ  ᠭᠠᠷ ᠬᠦᠢᠴᠡᠳᠬᠡᠯ ᠪᠤᠳᠤᠯᠢᠶᠠᠨᠲᠠᠢ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠳᠤ ᠪᠠᠩᠬᠢ ᠶᠢᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ‍ᠯᠬᠤᠮ ᠣᠶᠢᠯᠠᠭᠠᠭᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠬᠦᠢᠴᠡᠳ ᠰᠠᠶᠢᠲᠤᠷ ᠬᠡᠷᠡᠭᠯᠡᠵᠦ᠂  ᠦᠢᠯᠡᠳᠬᠦᠨ ᠤ  ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠬᠦᠴᠦᠨ ᠢᠶᠠᠷ ᠢᠶᠠᠨ ᠮᠠᠨ ᠤ ᠬᠤᠰᠢᠭᠤᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃
     ᠬᠤᠷᠠᠯ ᠤᠨ ᠳᠠᠷᠠᠭ᠎ᠠ᠂ ᠰᠢᠶᠤᠤ ᠮᠢᠩ ᠨᠡᠷ ᠤᠷᠢᠳ ᠬᠤᠵᠢᠳ ᠬᠤᠰᠢᠭᠤ ᠦᠢᠯᠡᠳᠪᠦᠷᠢ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠪᠣᠯᠤᠨ ᠲᠠᠷᠢᠶᠠᠯᠠᠩ ᠤᠨ ᠪᠠᠩᠬᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠯ᠎ᠡ ᠪᠠᠩᠬᠢ ᠶᠢᠨ ᠠᠵᠢᠯ ᠤᠨ ᠣᠳᠣᠬᠢ ᠪᠠᠶᠢᠳᠠᠯ᠂  ᠠᠵᠢᠯᠯᠠᠬᠤ ᠣᠷᠴᠢᠨ ᠲᠣᠭᠤᠷᠢᠨ ᠵᠡᠷᠭᠡ ᠶᠢ ᠪᠠᠶᠢᠴᠠᠭᠠᠨ ᠦᠵᠡᠭᠰᠡᠨ ᠤ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号