ᠮᠠᠨ ᠤ ᠬᠤᠰᠢᠭᠤ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠷᠭᠠᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/5
      ᠣᠳᠣᠬᠠᠨ‌‍ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠦᠨ ᠬᠦ᠋ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠭᠰᠠᠭᠠᠷ᠃ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ‌ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠬᠢᠵᠢᠭ‌‍ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ‌ᠠᠵᠢᠯ  ᠲᠥᠷᠥᠯ  ᠤᠨ ᠬᠢᠨ ︽ᠲᠤᠬᠠᠶ ᠶᠢᠨ ᠲᠠᠯᠠᠪᠠᠶ ᠶᠢᠨ ᠪᠡᠶ᠎ᠡ ᠶᠢᠨ  ᠳᠤᠯᠠᠭᠠᠨ ᠢ ᠬᠡᠮᠵᠢᠬᠦ + ᠺᠣᠳ᠋ ᠰᠢᠷᠪᠢᠬᠦ︾ ᠱᠠᠭᠠᠷᠳᠠᠯᠭ᠎ᠠ‌‍ᠶᠢ ᠡᠬᠢᠯᠡᠨ ᠴᠢᠩᠭ᠎ᠠ‌‍ᠬᠡᠷᠡᠭᠵᠢᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠲᠤᠰᠠᠭᠠᠷᠯᠠᠬᠤ ᠣᠷᠣᠨ ᠭᠠᠷᠭᠠᠵᠤ᠂ 1 ᠮᠧᠲᠷ ᠤᠨ ᠰᠡᠷᠡᠮᠵᠢ ᠶᠢᠨ ᠱᠤᠭᠤᠮ ᠪᠠᠶᠢᠷᠢᠯᠠᠭᠤᠯᠵᠠᠶ᠃      ᠣᠶᠢᠷ᠎ᠠ ᠳᠤ᠂ ᠬᠤᠰᠢᠭᠤ ᠵᠠᠬ᠎ᠠ‌‍ᠲ᠋ᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ‌ᠨᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠭᠦᠨᠵᠡᠭᠡᠶᠢᠷᠡᠨ᠂ ᠳᠡᠯᠭᠡᠭᠦᠷ ᠤᠨ ᠠᠷᠢᠭᠤᠳᠬᠠᠯ᠂ ᠠᠮᠠᠪᠴᠢ ᠵᠡᠭᠦᠬᠦ᠂ ᠪᠡᠶ᠎ᠡ‌‍ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠰᠢᠷᠪᠢᠬᠦ ᠵᠡᠷᠭᠡ‌‍ᠬᠢᠵᠢᠭ ᠢ ᠰᠡᠷᠭᠡᠶᠢᠯᠡᠬᠦ ᠠᠷᠭ᠎ᠠ‌‍ᠬᠡᠮᠵᠢᠶ᠎ᠡ‌‍ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠪᠺᠲ᠋ᠧᠷᠢ ᠡᠰᠡᠷᠭᠦᠴᠡᠭᠴᠢ ᠵᠡᠷᠭᠡ‌ᠡᠮ ᠤᠨ ᠵᠦᠢᠯ ᠢ ᠦᠨᠡᠨ ᠨᠡᠷ᠎ᠡ‌‍ᠪᠠᠷ ᠳᠠᠩᠰᠠᠯᠠᠭᠰᠠᠨ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠥᠪᠡᠰᠦᠪᠡᠨ ᠪᠠᠶᠢᠴᠠᠭᠠᠭᠰᠠᠨ ᠪᠠᠶᠢᠳᠠᠯ ᠵᠢᠴᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠬᠡᠷᠡᠭᠯᠡᠯᠲᠡ ᠶᠢᠨ ᠪᠠᠶᠢᠳᠠᠯ ᠵᠡᠷᠭᠡ‌‍ᠶᠢ ᠭᠤᠤᠯᠳᠠᠯᠭ᠎ᠠ ᠲᠠᠢ ᠪᠠᠶᠢᠴᠠᠭᠠᠵᠠᠢ᠃      ᠣᠶᠢᠯᠠᠭᠠᠭᠰᠠᠨ ᠢᠶᠠᠷ᠂ ᠬᠢᠵᠢᠭ ᠤᠨ ᠬᠤᠭᠤᠴᠠᠭᠠᠨ‌‍ᠳᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ  ᠠᠴᠠ ᠡᠮ ᠤᠨ ᠵᠦᠢᠯᠡᠰ ᠢ ᠬᠤᠳᠠᠯᠳᠤᠨ ᠠᠪᠬᠤ ᠦᠶ᠎ᠡ‌‍ᠳᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠢᠴᠢ ᠥᠪᠡᠷ ᠤᠨ ᠪᠡᠶ᠎ᠡ ᠶᠢᠨ ᠮᠡᠳᠡᠭᠡ‌ᠵᠠᠩᠭᠢ ᠪᠠᠨ ᠬᠠᠩᠭᠠᠬᠤ ᠶᠢᠨ ᠬᠠᠮᠲᠤ ᠡᠮ ᠤᠨ ᠳᠡᠯᠭᠡᠭᠦᠷ ᠤᠨ ᠠᠵᠢᠯᠲᠠᠳ ᠲᠠᠢ ᠬᠠᠮᠵᠢᠯᠴᠠᠨ ᠪᠡᠶ᠎ᠡ‌‍ᠶᠢᠨ ᠳᠤᠯᠠᠭᠠᠨ ᠢᠶᠠᠨ ᠬᠡᠮᠵᠢᠬᠦ ᠬᠡᠷᠡᠭᠲᠡᠶ᠃      ᠠᠳᠡ ᠪᠠᠰᠠ ᠥᠷᠭᠡᠨ ᠣᠯᠠᠨ ᠰᠠᠭᠤᠭᠠᠯᠢ ᠠᠷᠠᠳ ᠢ ᠡᠮ ᠬᠤᠳᠠᠯᠳᠤᠨ ᠠᠪᠬᠤ ᠳᠠᠭᠠᠨ ᠪᠡᠶ᠎ᠡ ᠶᠢᠨ ᠦᠨᠡᠮᠯᠡᠯ ᠵᠶ᠋ᠠᠨ‌ᠠᠪᠴᠤ ᠥᠪᠡᠷ ᠤᠨ ᠪᠡᠶ᠎ᠡ‌‍ᠶᠢᠨ ᠮᠡᠳᠡᠭᠡ‌ᠵᠠᠩᠭᠢ ᠪᠠᠨ ᠰᠠᠶᠢᠨ ᠴᠡᠭᠡᠵᠢᠯᠡᠵᠦ᠂  ᠡᠮ ᠬᠤᠳᠠᠯᠳᠤᠨ ᠠᠪᠬᠤ ᠳᠤ ᠳᠦᠭᠦᠮ ᠪᠣᠯᠭᠠᠭᠠᠷᠠᠢ ᠭᠡᠵᠦ ᠰᠠᠨᠠᠭᠤᠯᠵᠤ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号