11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠦᠬᠦ ᠬᠤᠰᠢᠭᠤᠨ ᠤ | ᠰᠣᠩᠭᠤᠭᠤᠯᠢ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠤ ᠢᠦᠶ ᠯᠦᠩ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠵᠧᠤ ᠸᠧ ᠮᠢᠨ ᠪᠣᠯᠣᠨ ᠬᠤᠰᠢᠭᠤ ᠰᠣᠩᠭᠤᠭᠤᠯᠢ ᠶᠢᠨ ᠵᠥᠪᠯᠡᠯ ᠤᠨ ᠪᠥᠬᠦ ᠪᠦᠷᠢᠯᠳᠦᠬᠦᠨ ᠬᠤᠷᠠᠯ ᠳᠤ | ᠣᠷᠣᠯᠴᠠᠪᠠ᠃ | ᠬᠤᠷᠠᠯ ᠠᠴᠠ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠣᠩᠭᠤᠭᠤᠯᠢ ᠶᠢᠨ ᠲᠣᠭᠤᠷᠢᠭ ᠤᠨ | ᠲᠠᠨᠢᠯᠴᠠᠭᠤᠯᠤᠭᠰᠠᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠠᠩᠬᠠᠨ ᠤ ᠵᠢᠱᠢᠭᠳᠡᠭᠴᠢ ᠶᠢᠨ ᠨᠡᠷᠡᠰ ᠢ ᠬᠢᠨᠠᠨ | ᠬᠠᠷᠭᠤᠭᠤᠯᠵᠤ᠂ ᠬᠤᠰᠢᠭᠤ ᠰᠣᠩᠭᠤᠭᠤᠯᠢ ᠶᠢᠨ ᠵᠥᠪᠯᠡᠯ ᠤᠨ ᠵᠣᠬᠢᠶᠠᠨ ᠪᠠᠶᠢᠭᠤᠯᠬᠤ ᠳᠤᠭᠤᠶᠢᠯᠠᠩ ᠤᠨ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ | ᠵᠢᠱᠢᠭᠳᠡᠭᠴᠢ ᠶᠢᠨ ᠠᠩᠬᠠᠨ ᠤ ᠵᠢᠱᠢᠭᠳᠡᠭᠴᠢ ᠶᠢᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠵᠢᠭᠠᠬᠤ ᠳᠠᠭᠠᠨ᠂ ᠰᠣᠩᠭᠤᠭᠤᠯᠢ ᠶᠢᠨ ᠵᠥᠪᠯᠡᠯ ᠤᠨ ᠡᠯ᠎ᠡ ᠪᠦᠷᠢᠯᠳᠦᠬᠦᠨ᠂ ᠡᠯ᠎ᠡ ᠰᠤᠮᠤ | ᠪᠠᠯᠭᠠᠰᠤᠨ ᠤ ᠰᠣᠩᠭᠤᠭᠤᠯᠢ ᠶᠢᠨ ᠵᠥᠪᠯᠡᠯ᠂ ᠡᠯᠡᠬᠤᠰᠢᠭᠤ ᠰᠢᠭᠤᠳ ᠬᠠᠷᠢᠶ᠎ᠠ ᠰᠣᠩᠭᠤᠭᠤᠯᠢ ᠶᠢᠨ ᠲᠣᠭᠤᠷᠢᠭ ᠤᠨ | ᠰᠣᠩᠭᠤᠭᠤᠯᠢ ᠶᠢᠨ ᠠᠵᠢᠯ ᠤᠨ ᠳᠤᠭᠤᠶᠢᠯᠠᠩ ᠦᠷᠭᠦᠯᠵᠢᠯᠡᠨ ᠡᠷᠡᠰ ᠴᠢᠩᠭ᠎ᠠ ᠤᠯᠤᠰ ᠲᠥᠷᠥ ᠶᠢᠨ ᠡᠭᠦᠷᠭᠡᠯᠡᠯ ᠪᠠ | ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠲᠠᠷᠠᠭᠠᠴᠢ ᠶᠢᠨ ᠱᠠᠲᠤᠨ ᠤ ᠡᠯ᠎ᠡ ᠵᠦᠢᠯ ᠤᠨ ᠠᠵᠢᠯ ᠢᠶᠠᠨ | ᠰᠠᠶᠢᠲᠤᠷ ᠠᠬᠢᠭᠤᠯᠬᠤ ᠬᠡᠷᠡᠭᠲᠡᠶ ᠭᠡᠵᠡᠢ᠃ | ᠬᠢᠩᠭᠠᠨ ᠴᠢᠬᠤᠯᠠᠴᠢᠯᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠣᠯᠢᠬᠤ ᠰᠣᠩᠭᠤᠭᠤᠯᠢ ᠪᠣᠯ ᠲᠥᠷᠥ ᠶᠢᠨ ᠪᠣᠳᠣᠯᠭ᠎ᠠ ᠶᠢᠨ ᠴᠢᠨᠠᠷ᠂ ᠬᠠᠤᠯᠢ ᠴᠠᠭᠠᠵᠠ ᠶᠢᠨ ᠴᠢᠨᠠᠷ᠂ ᠵᠢᠷᠤᠮ ᠤᠨ | ᠴᠢᠨᠠᠷ ᠢᠶᠠᠷ ᠮᠠᠰᠢ ᠴᠢᠩᠭᠠᠠᠵᠢᠯ ᠮᠥᠨ᠂ ᠡᠯᠡᠰᠣᠩᠭᠤᠭᠤᠯᠢ ᠶᠢᠨ ᠠᠵᠢᠯ ᠤᠨ ᠳᠤᠭᠤᠶᠢᠯᠠᠩ ᠤᠨ ᠬᠢᠨ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠤᠨ᠂ | ᠰᠣᠩᠭᠤᠭᠤᠯᠢ ᠶᠢᠨ ᠠᠵᠢᠯ ᠤᠨ ᠪᠤᠯᠪᠠᠰᠣᠷᠠᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠭᠤᠭᠴᠤᠭ᠎ᠠ ᠶᠢᠨ ᠡᠭᠦᠷᠭᠡ ᠶᠢ | ᠦᠨᠡᠨᠬᠦ ᠨᠠᠶᠢᠳᠠᠪᠤᠷᠢᠵᠢᠭᠤᠯᠤᠨ᠂ ᠰᠣᠩᠭᠤᠭᠤᠯᠢ ᠶᠢᠨ ᠶᠠᠪᠤᠴᠠ ᠶᠢᠨ ᠬᠠᠤᠯᠢ ᠴᠠᠭᠠᠵᠠ ᠶᠢᠨ ᠲᠣᠭᠲᠠᠭᠠᠯ ᠳᠤ | ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠭᠦᠨᠵᠡᠭᠡᠶ ᠣᠶᠢᠯᠠᠭᠠᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ | ᠪᠠᠷ ᠨᠢᠭᠲᠠ ᠬᠠᠮᠵᠢᠯᠴᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠣᠩᠭᠤᠭᠤᠯᠢ ᠶᠢᠨ ᠪᠠᠶᠢᠳᠠᠯ ᠤᠨ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠤᠭᠤᠴᠠᠭ᠎ᠠ ᠰᠣᠯᠢᠬᠤ ᠡᠭᠦᠷᠭᠡ ᠪᠠᠨ ᠴᠠᠭ | ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | |