11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷᠤᠳᠠᠭᠠᠨ ᠤ ︵2021 ᠣᠨ ᠤ | 36 ᠳ᠋ᠤᠭᠠᠷ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠᠵᠧᠤ ᠢᠦᠶ ᠯᠦᠩ ᠵᠢᠴᠢ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠵᠢᠨᠵᠥ᠋ᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠱᠢ ᠲᠠᠢ ᠹᠧᠩ ᠤᠨᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ | ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠡᠭᠦᠨ ᠦᠵᠦᠮᠦᠴᠢᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠵᠢᠱᠢᠭᠳᠡᠭᠴᠢ ᠶᠢᠨ ᠠᠩᠬᠠᠨ ᠤ ᠵᠢᠱᠢᠭᠳᠡᠭᠴᠢ ᠶᠢᠨ ᠲᠤᠬᠠᠶ ᠮᠡᠳᠡᠭᠦᠯᠦᠯᠲᠡ︾ ᠶᠢ ᠰᠤᠳᠤᠯᠤᠨ | ᠬᠢᠨᠠᠨ ᠵᠥᠪᠯᠡᠵᠦ᠂ ᠪᠠᠰᠠ ᠪᠤᠰᠤᠳ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ | ᠬᠢᠩᠭᠠᠨ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠮᠠᠨ ᠤ | ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨᠲ᠋ᠡᠦᠬᠡᠶᠢᠨ ᠰᠤᠷᠤᠯᠴᠠᠯᠭᠠᠬᠥ᠋ᠮᠦᠵᠢᠯ ᠲᠠᠢ | ᠤᠶᠠᠯᠳᠤᠭᠤᠯᠵᠤ᠂ ᠰᠢᠨ᠎ᠡᠴᠠᠭ ᠦᠶ᠎ᠡᠶᠢᠨ ᠦᠨᠳᠦᠰᠦᠲᠡᠨ ᠤ ᠠᠵᠢᠯ ᠤᠨ ᠰᠢᠨᠡᠣᠨᠴᠠᠯᠢᠭ᠂ ᠰᠢᠨᠡᠱᠠᠭᠠᠷᠳᠠᠯᠭᠠ᠂ | ᠰᠢᠨᠡᠡᠭᠦᠷᠭᠡᠶᠢ ᠣᠨᠣᠪᠴᠢᠲᠠᠶ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠦᠵᠡᠯ ᠰᠠᠨᠠᠭᠠᠲ᠋ᠠᠨᠢᠯᠲᠠ ᠪᠠᠨ ᠤᠯᠠᠮ ᠨᠢᠭᠡᠠᠯᠬᠤᠮ | ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠬᠤᠭᠤᠴᠠᠭ᠎ᠠᠰᠣᠯᠢᠬᠤ ᠰᠣᠩᠭᠤᠭᠤᠯᠢ ᠶᠢᠨ | ᠡᠯ᠎ᠡᠵᠦ᠋ᠢᠯ ᠤᠨ ᠠᠵᠢᠯ ᠢ ᠵᠢᠷᠤᠮᠵᠢᠭᠤᠨ᠂ ᠴᠢᠩᠭ᠎ᠠ᠂ ᠬᠠᠤᠯᠢ ᠲᠣᠭᠲᠠᠭᠠᠯ ᠶᠣᠰᠣᠭᠠᠷ ᠰᠠᠶᠢᠲᠤᠷ ᠥᠷᠨᠢᠭᠦᠯᠵᠦ᠂ | ᠬᠤᠭᠤᠴᠠᠭ᠎ᠠᠰᠣᠯᠢᠬᠤ ᠰᠣᠩᠭᠤᠭᠤᠯᠢ ᠶᠢᠨ ᠪᠥᠬᠦ ᠶᠠᠪᠤᠴᠠ ᠶᠢᠨ ᠠᠷᠢᠭᠤᠨ ᠴᠢᠬᠡᠴᠢ ᠪᠠᠶᠢᠬᠤ ᠶᠢ ᠦᠨᠡᠨ ᠬᠦ | ᠪᠠᠲᠤᠯᠠᠵᠤ᠂ ᠬᠤᠭᠤᠴᠠᠭ᠎ᠠᠰᠣᠯᠢᠬᠤ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ | ᠬᠦᠴᠦᠨ ᠢᠶᠠᠷ ᠳᠥᠯᠭᠢᠨ ᠠᠬᠢᠭᠤᠯᠬᠤ ᠬᠡᠷᠡᠭᠲᠠᠢ ᠭᠡᠵᠡᠢ᠃ | ᠬᠢᠩᠭᠠᠨ ᠱᠠᠭᠠᠷᠳᠠᠬᠤ ᠳᠠᠭᠠᠨ᠂ ᠰᠢᠨᠡᠲ᠋ᠢᠲᠢᠮᠯᠢᠭᠠᠭᠤᠰᠬᠢᠨ ᠦᠷᠪᠢᠰᠦᠯ ᠤᠨ ᠬᠢᠵᠢᠭᠤᠨ ᠪᠠᠶᠢᠳᠠᠯ ᠤᠨ | ᠬᠦᠨᠳᠦ ᠨᠣᠴᠢᠲᠠᠢ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠦ᠂ ᠬᠢᠵᠢᠭᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠠᠬᠢ ᠨᠠᠮ ᠤᠨ ᠪᠦᠬᠦ ᠲᠠᠯ᠎ᠠᠶᠢᠨ ᠤᠳᠤᠷᠢᠳᠤᠯᠭ᠎ᠠᠶᠢ ᠦᠨᠡᠨ ᠬᠦ ᠴᠢᠩᠭᠠᠳᠬᠠᠵᠦ᠂ | ᠬᠢᠵᠢᠭᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠲᠤᠪᠤᠶᠢᠮᠠᠪᠠᠶᠢᠷᠢᠨ ᠳᠤ ᠲᠠᠯᠪᠢᠵᠦ | ᠂ ︽ᠠᠷᠪᠠ ᠶᠢ ᠪᠣᠳᠠᠲᠠᠶᠢᠵᠢᠭᠤᠯᠬᠤ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠᠶᠣᠰᠣᠭᠠᠷ᠂ | ᠬᠠᠷᠢᠭᠤᠴᠠᠯᠭᠠᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ︽ᠨᠢᠭᠡᠬᠥ᠋ᠯᠭᠡᠰᠢᠳᠠᠷᠠ︾ ᠶᠢᠨ | ᠣᠶᠢᠯᠠᠭᠠᠭᠳᠠᠬᠤᠨ ᠢ ᠪᠤᠢ ᠪᠤᠯᠭᠠᠵᠦ᠂ ᠮᠠᠨ ᠤ ᠬᠤᠰᠢᠭᠤᠨ ᠤ ᠪᠥᠬᠦ ᠠᠷᠠᠳ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠰᠣᠷᠢᠯᠲᠠ ᠶᠢ ᠰᠠᠶᠢᠲᠤᠷ ᠵᠣᠬᠢᠶᠠᠨᠪᠠᠶᠢᠭᠤᠯᠵᠤ ᠥᠷᠨᠢᠭᠦᠯᠦᠨ᠂ ᠪᠦᠬᠦ ᠬᠤᠰᠢᠭᠤᠨ ᠤ | ᠰᠢᠨᠡᠲ᠋ᠢᠲᠢᠮᠯᠢᠭᠠᠭᠤᠰᠬᠢᠨ ᠦᠷᠪᠢᠰᠦᠯ ᠤᠨ ᠬᠢᠵᠢᠭᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠠᠵᠢᠯ ᠢ | ᠪᠦᠬᠦ ᠲᠠᠯᠠᠪᠠᠷ ᠰᠠᠶᠢᠲᠤᠷ ᠬᠢᠵᠦ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠰᠢᠨᠵᠢᠬᠦ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡᠶᠢ ᠴᠢᠩᠭᠠᠨᠢᠮᠪᠠᠶ ᠰᠠᠶᠢᠲᠤᠷ | ᠨᠠᠶᠢᠳᠠᠪᠤᠷᠢᠵᠢᠭᠤᠯᠵᠦ᠂ ᠠᠵᠢᠯ ᠤᠨ ᠬᠠᠷᠢᠭᠤᠴᠠᠯᠭ᠎ᠠᠪᠠᠨ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠᠪᠠᠨ ᠡᠭᠦᠷᠭᠡᠯᠡᠨ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠭᠦᠨ ᠤ ᠬᠠᠮᠲᠤ ᠪᠣᠭᠤᠮᠲᠠ ᠶᠢᠨ ᠬᠢᠵᠢᠭᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠥᠰᠦᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠶᠠᠪᠤᠴᠠ ᠶᠢ ᠨᠠᠶᠢᠳᠠᠪᠤᠷᠢᠵᠢᠭᠤᠯᠵᠦ᠂ ᠬᠢᠵᠢᠭ ᠤᠨ | ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠦ᠂ ᠬᠢᠵᠢᠭᠤᠨ ᠪᠠᠶᠢᠳᠠᠯ ᠢ ᠰᠡᠷᠭᠡᠶᠢᠯᠡᠨ | ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠦᠬᠦ ᠲᠠᠯᠠᠪᠠᠷ ᠪᠠᠬᠢᠵᠢᠭᠦᠯᠵᠦ᠂ ᠠᠷᠠᠳᠣᠯᠠᠨ ᠤ ᠪᠡᠶ᠎ᠡᠮᠠᠬᠠᠪᠣᠳ ᠤᠨ | ᠡᠷᠡᠭᠦᠯ ᠴᠢᠭᠢᠷᠠᠭ ᠪᠠᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠠᠢ ᠭᠡᠪᠡ᠃ |