ᠠᠶᠢᠮᠠᠭ ᠤᠨ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠬᠤᠶᠠᠳᠤᠭᠠᠷ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠵᠦ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2021/11/8
      11 ᠰᠠᠷ᠎ᠠ‌‍ᠶᠢᠨ 1 ᠤ ᠡᠳᠦᠷ ᠠᠴᠠ 11 ᠰᠠᠷ᠎ᠠ ᠶᠢᠨ 2 ᠤᠨ ᠡᠳᠦᠷ ᠪᠣᠯᠲᠠᠯ᠎ᠠ᠂ ᠠᠶᠢᠮᠠᠭ ᠤᠨ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠬᠤᠶᠠᠳᠤᠭᠠᠷ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠠ ᠭᠦᠸᠧ ᠹᠧᠩ ᠨᠡᠷ ᠮᠠᠨ ᠤ ᠬᠤᠰᠢᠭᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠱᠠᠭᠠᠷᠳᠠᠨ ᠵᠢᠯᠤᠭᠤᠳᠴᠠᠢ᠃      ᠮᠠ ᠭᠦᠸᠧ ᠹᠧᠩ ᠨᠡᠷ ᠤᠷᠢᠳ ᠬᠤᠵᠢᠳ ᠮᠠᠨ ᠤ ᠬᠤᠰᠢᠭᠤᠨ ᠤ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠶᠡᠷᠦᠩᠬᠡᠶᠢᠯᠡᠭᠰᠡᠨ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂  ᠬᠤᠰᠢᠭᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡᠨ ᠤ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ‌ᠮᠥ᠋ᠴᠢᠷ ᠲᠤ ᠭᠦᠨᠵᠡᠭᠡᠶᠢᠷᠡᠨ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠵᠢᠨ‌ᠠᠵᠢᠯᠯᠠᠭ᠎ᠠ ᠶᠢᠨ ᠡᠯ᠎ᠡ ᠲᠤᠰᠬᠠᠶ ᠲᠥᠷᠥᠯ ᠤᠨ ᠳᠤᠭᠤᠶᠢᠯᠠᠩ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠳᠠᠯ ᠵᠢᠴᠢ ᠭᠤᠤᠯᠳᠠᠯᠭ᠎ᠠ‌‍ᠲ᠋ᠠᠢ ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      11 ᠰᠠᠷ᠎ᠠ ᠶᠢᠨ 2 ᠤᠨ ᠡᠳᠦᠷ᠂ ᠮᠠᠨ ᠤ ᠬᠤᠰᠢᠭᠤ ᠠᠶᠢᠮᠠᠭ ᠤᠨ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠬᠤ ᠬᠡᠯᠲᠡᠰ ᠤᠨ ᠬᠤᠶᠠᠳᠤᠭᠠᠷ ᠪᠠᠶᠢᠴᠠᠭᠠᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠪᠥᠬᠦ ᠬᠤᠰᠢᠭᠤᠨ ᠤ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ‌‍ᠶᠢ ᠥᠷᠨᠢᠭᠦᠯᠦᠭᠰᠡᠨ ᠪᠠᠶᠢᠳᠠᠯ ᠵᠢᠴᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠢ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂  ᠱᠠᠭᠠᠷᠳᠠᠨ ᠵᠢᠯᠣᠭᠤᠳᠬᠤ ᠳᠤᠭᠤᠶᠢᠯᠠᠩ  ᠤᠨ  ᠬᠢᠨ ᠮᠠᠨ ᠤ ᠬᠤᠰᠢᠭᠤᠨ ᠤ ︽ᠬᠤᠶᠠᠷ ᠵᠠᠭᠤᠨ ᠡᠳᠦᠷ︾  ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠴᠠᠶ᠃ ᠨᠢᠭᠡ ᠳᠤ᠂ ︽ᠬᠤᠶᠠᠷ ᠵᠠᠭᠤᠨ ᠡᠳᠦᠷ︾ ᠤᠨ ᠪᠣᠭᠤᠮᠲᠠ  ᠰᠢᠪᠲᠤᠯᠤᠯᠲᠠ  ᠶᠢᠨ ᠠᠵᠢᠯᠯᠠᠭ᠎ᠠ ᠶᠢ ᠥᠷᠨᠢᠭᠦᠯᠬᠦ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ ᠵᠢᠯ ᠤᠨ ᠡᠬᠢᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠵᠤ᠂ ᠪᠠᠶᠢᠷᠢᠯᠠᠭᠤᠯᠬᠤ ᠶᠢᠨ ᠳᠠᠭᠠᠤ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ᠂ ᠲᠣᠭᠲᠠᠭᠰᠠᠨ ᠠᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ‌ᠠᠵᠢᠯ ᠢᠶᠠᠷ ᠭᠤᠣᠯᠳᠠᠯᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠪᠣᠭᠤᠮᠲᠠ ᠪᠠᠷ ᠥᠩᠭᠡᠷᠡᠬᠦ ᠳᠤ ︽ᠪᠦᠬᠦᠨ ᠢ ᠪᠢᠲᠡᠭᠦᠮᠵᠢᠯᠡᠬᠦ᠂ ᠬᠦᠷᠦᠯᠴᠡᠬᠦ ᠥᠬᠡᠶ᠂ ᠵᠠᠪᠰᠠᠷ ᠥᠬᠡᠶ︾ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃      ᠠᠯᠮᠠᠰ ᠢᠯᠡᠷᠬᠡᠶᠢᠯᠡᠬᠦ ᠳᠡᠭᠡᠨ᠂ ᠪᠥᠬᠦ ᠠᠶᠢᠮᠠᠭ ᠤᠨ ︽ᠬᠤᠶᠠᠷ ᠵᠠᠭᠤᠨ ᠡᠳᠦᠷ︾ ᠤᠨ ᠪᠣᠭᠤᠮᠲᠠ  ᠰᠢᠪᠲᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠶ ᠰᠤᠳᠤᠯᠵᠤ᠂ ᠭᠦᠨᠵᠡᠭᠡᠶ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠬᠤᠶᠠᠷ ᠵᠠᠭᠤᠨ ᠡᠳᠦᠷ︾ ᠤᠨ ᠪᠣᠭᠤᠮᠲᠠ ᠰᠢᠪᠲᠤᠯᠤᠯᠲᠠ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠦᠲᠦᠮᠵᠢᠲᠡᠶ ᠠᠬᠢᠭᠤᠯᠵᠤ᠂ ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号