ᠰᠤᠮᠤ ᠪᠠᠯᠭᠠᠰᠣᠨ ︵ᠲᠠᠯᠠᠪᠠᠢ︶ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠦᠷᠳᠡᠭᠡ᠂ ᠵᠠᠰᠠᠭ ᠵᠠᠬᠢᠷᠭᠠᠨ ᠤ ᠭᠠᠴᠠᠭ᠎ᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠰᠠᠯᠪᠣᠷᠢ ᠪᠠᠶᠢᠭᠤᠯᠬᠤ ᠲᠤᠬᠠᠶ ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/2
      ᠵᠡᠬᠦᠨ ᠵᠠᠰᠠᠭ ᠠᠯᠪᠠᠨ ᠲᠠᠷᠬᠠᠭᠠᠭᠰᠠᠨ ︹2021︺ 57 ᠲᠣᠭᠠᠲᠤᠰᠤᠮᠤ ᠪᠠᠯᠭᠠᠰᠣᠨ ︵ᠲᠠᠯᠠᠪᠠᠢ︶ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠦᠷᠳᠡᠭᠡ᠂ ᠵᠠᠰᠠᠭ ᠵᠠᠬᠢᠷᠭᠠᠨ ᠤ ᠭᠠᠴᠠᠭ᠎ᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠰᠠᠯᠪᠣᠷᠢ ᠪᠠᠶᠢᠭᠤᠯᠬᠤ ᠲᠤᠬᠠᠶ ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ    ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠣ᠂ ︽ᠵᠠᠰᠠᠮᠠᠯ ᠵᠠᠮ ᠢ ᠡᠷᠬᠡᠪᠰᠢ ᠠᠷᠠᠴᠢᠯᠠᠨ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠠᠵᠢᠯ  ᠢ ᠡᠷᠬᠡᠪᠰᠢ ᠨᠠᠶᠢᠳᠠᠪᠣᠷᠢᠵᠢᠭᠤᠯᠬᠤ︾ ᠬᠠᠷᠠᠯᠲᠠ ᠶᠢ ᠪᠡᠶᠡᠯᠡᠭᠦᠯᠦᠨ᠂ ᠮᠠᠯᠵᠢᠬᠤ ᠣᠷᠣᠨ ᠤ ᠵᠠᠰᠠᠮᠠᠯ ᠵᠠᠮ ᠤᠨ ᠬᠡᠷᠡᠭᠯᠡᠬᠦ ᠬᠤᠭᠤᠴᠠᠭ᠎ᠠ ᠶᠢ ᠤᠷᠲᠤᠳᠬᠠᠵᠤ᠂ ᠮᠠᠯᠵᠢᠬᠤ ᠣᠷᠣᠨ ᠤ ᠵᠠᠰᠠᠮᠠᠯ ᠵᠠᠮ   ᠤᠨ ᠰᠠᠭᠠᠳ ᠥᠭᠡᠢ ᠨᠡᠪᠲᠡᠷᠡᠬᠦ ᠶᠢ ᠦᠨᠡᠨᠬᠦ ᠪᠠᠳᠣᠯᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠢᠯᠣᠭᠤᠳᠬᠤ ᠰᠠᠨᠠᠯ︾   ᠤᠨ ᠱᠠᠭᠠᠷᠳᠠᠯᠭ᠎ᠠ ᠶᠣᠰᠣᠭᠠᠷ᠂ ᠰᠤᠮᠤ ᠪᠠᠯᠭᠠᠰᠣᠨ    ︵ᠲᠠᠯᠠᠪᠠᠢ︶ ᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠠᠷ ᠳᠣᠭᠳᠠᠪᠠ᠂ ᠣᠳᠣ ᠬᠤᠯᠪᠣᠭᠳᠠᠯ ᠪᠥᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠠᠶᠢᠭᠤᠯᠤᠮᠵᠢ ᠵᠢᠴᠢ ᠠᠵᠢᠯᠲᠠᠨ ᠤ ᠲᠣᠬᠢᠷᠠᠭᠤᠯᠤᠯᠲᠠ      ᠡᠯ᠎ᠡ ᠰᠤᠮᠤ ᠪᠠᠯᠭᠠᠰᠣᠨ ︵ᠲᠠᠯᠠᠪᠠᠶ︶ ᠳᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠥᠷᠲᠡᠭᠡ ᠪᠠᠶᠢᠭᠤᠯᠵᠤ᠂ 2 — 3 ᠠᠵᠢᠯᠲᠠᠨ ᠲᠣᠬᠢᠷᠠᠭᠤᠯᠵᠣ᠂ ᠥᠷᠲᠡᠭᠡᠨ ᠳᠠᠷᠤᠭ᠎ᠠ ᠶᠢᠨ ᠲᠤᠰᠢᠶᠠᠯ ᠢ ᠵᠠᠮ ᠬᠠᠷᠢᠯᠴᠠᠭ᠎ᠠ ᠶᠢ ᠭᠤᠤᠯᠯᠠᠨ ᠬᠠᠮᠢᠶᠠᠷᠴᠤ ᠪᠠᠶᠢᠭ᠎ᠠ ᠰᠤᠮᠤ ᠪᠠᠯᠭᠠᠰᠤᠨ ︵ᠲᠠᠯᠠᠪᠠᠶ︶ ᠤ ᠳᠠᠷᠤᠭ᠎ᠠ ᠠᠴᠠ ᠲᠣᠰᠢᠶᠠᠯ ᠬᠠᠪᠰᠣᠷᠭᠠᠵᠣ᠂ ᠠᠵᠢᠯᠲᠠᠨ ᠢ ᠰᠤᠮᠤ ᠪᠠᠯᠭᠠᠰᠣᠨ ᠤ ︵ᠲᠠᠯᠠᠪᠠᠶ︶ ᠺᠠᠳ᠋ᠷ ᠠᠴᠠ ᠪᠠᠨ ᠰᠣᠩᠭᠤᠨ ᠳᠣᠭᠢᠷᠠᠭᠤᠯᠵᠤ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠣᠷᠣᠨ ᠨᠤᠲᠤᠭ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠭᠠᠵᠠᠷ ᠠᠴᠠ ᠲᠣᠬᠠᠶᠢᠯᠠᠭᠰᠠᠨ ᠠᠵᠢᠯ ᠢ ᠬᠠᠷᠢᠭᠤᠴᠠᠵᠣ᠂ ᠡᠯ᠎ᠡ ᠭᠠᠴᠠᠭ᠎ᠠ ᠳᠤ ᠮᠠᠯᠵᠢᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠰᠠᠯᠪᠣᠷᠢ ᠪᠠᠶᠢᠭᠤᠯᠵᠤ᠂ 2 — 3 ᠠᠵᠢᠯᠳᠠᠨ ᠲᠣᠬᠢᠷᠠᠭᠤᠯᠵᠣ᠂ ᠰᠠᠯᠪᠣᠷᠢ ᠶᠢᠨ ᠳᠠᠷᠤᠭ᠎ᠠ ᠶᠢᠨ ᠲᠤᠰᠢᠶᠠᠯ ᠢ ᠭᠠᠴᠠᠭᠠᠨ ᠤ ᠱᠦᠵᠢ ᠪᠤᠶᠤ ᠭᠠᠴᠠᠭᠠᠨ ᠳᠠᠷᠤᠭ᠎ᠠ ᠲᠣᠰᠢᠶᠠᠯ ᠬᠠᠪᠰᠣᠷᠭᠠᠨ᠎ᠠ᠃      ᠬᠤᠶᠠᠷ᠂ ᠵᠠᠷᠤᠳᠠᠯ ᠤᠨ ᠢᠷᠡᠯᠲᠡ      ︵ᠨᠢᠭᠡ︶ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠥᠷᠲᠡᠭᠡ᠂ ᠰᠠᠯᠪᠣᠷᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠠᠷᠣᠳᠠᠯ ᠢ ᠬᠤᠰᠢᠭᠤ ᠡᠳ᠋ ᠤᠨ ᠵᠠᠰᠠᠭ ᠠᠴᠠ ᠣᠨ ᠤ ᠲᠥᠰᠦᠪ ᠲᠤ ᠣᠷᠣᠭᠤᠯᠵᠣ᠂ ᠬᠤᠰᠢᠭᠤ ᠳᠡᠰ ᠤᠨ ᠵᠠᠰᠠᠮᠠᠯ ᠵᠠᠮ ᠳᠤ ︵ᠱᠦᠢᠨᠢ ᠵᠠᠮ︶ ᠵᠢᠯ ᠪᠦᠷᠢ ᠺᠢᠯᠣᠮᠧᠲᠷ ᠪᠦᠷᠢ ᠳᠤ 10000 ᠲᠥᠭᠦᠷᠢᠭ ᠠᠴᠠ ᠳᠡᠭᠡᠭᠰᠢ᠂ ᠬᠤᠰᠢᠭᠤ  ᠳᠡᠰ ᠤᠨ ᠵᠠᠰᠠᠮᠠᠯ ᠵᠠᠮ ᠤᠨ ᠳᠤᠮᠳᠠ ᠳᠣᠤᠷ᠎ᠠ ᠲᠠᠰ ᠤᠨ ᠵᠠᠮ ᠤᠨ ᠭᠠᠳᠠᠷᠭᠤ ᠳᠤ ᠵᠢᠯ ᠪᠦᠷᠢ ᠺᠢᠯᠣᠮᠧᠲᠷ ᠪᠦᠷᠢ ᠳᠤ 7000 ᠲᠥᠭᠦᠷᠢᠭ ᠠᠴᠠ ᠳᠡᠭᠡᠭᠰᠢ᠂ ᠵᠠᠮ ᠤᠨ ᠭᠠᠳᠠᠷᠭᠤ ᠥᠬᠡᠶ ᠪᠣᠯ 3000 ᠲᠥᠭᠦᠷᠢᠭ ᠠᠴᠠ ᠳᠡᠭᠡᠭᠰᠢ ᠨᠦᠬᠦᠪᠦᠷᠢ ᠦᠭᠬᠦ ᠬᠡᠷᠡᠭᠲᠠᠢ︔ ᠰᠤᠮᠤ ᠪᠠᠯᠭᠠᠰᠣᠨ ᠤ ᠲᠠᠰ ᠤᠨ ᠵᠠᠰᠠᠮᠠᠯ ᠵᠠᠮ ᠳᠤ ︵ᠱᠦᠢᠨᠢ ᠵᠠᠮ︶ 5000 ᠲᠥᠭᠦᠷᠢᠭ ᠠᠴᠠ  ᠳᠡᠭᠡᠭᠰᠢ᠂ ᠳᠤᠮᠳᠠ ᠳᠣᠤᠷ᠎ᠠ ᠲᠠᠰ ᠤᠨ ᠵᠠᠮ ᠤᠨ ᠭᠠᠳᠠᠷᠭᠤ  ᠳᠤ 4000 ᠲᠥᠭᠦᠷᠢᠭ ᠠᠴᠠ ᠳᠡᠭᠡᠭᠰᠢ᠂ ᠵᠠᠮ ᠤᠨ ᠭᠠᠳᠠᠷᠭᠤ ᠥᠬᠡᠶ ᠪᠣᠯ 2000 ᠲᠥᠭᠦᠷᠢᠭ ᠠᠴᠠ ᠳᠡᠭᠡᠭᠰᠢ ᠨᠦᠬᠦᠪᠦᠷᠢ ᠦᠭᠬᠦ ᠬᠡᠷᠡᠭᠲᠠᠢ︔ ᠭᠠᠴᠠᠭ᠎ᠠ ᠳᠡᠰ ᠤᠨ ᠵᠠᠰᠠᠮᠠᠯ ᠵᠠᠮ ︵ᠱᠦᠢᠨᠢ ᠵᠠᠮ︶ ᠳᠤ ᠵᠢᠯ ᠪᠦᠷᠢ ᠺᠢᠯᠣᠮᠧᠲᠷ ᠪᠦᠷᠢ ᠳᠤ 3000 ᠲᠥᠭᠦᠷᠢᠭ ᠠᠴᠠ ᠳᠡᠭᠡᠭᠰᠢ᠂ ᠭᠠᠴᠠᠭ᠎ᠠ ᠳᠡᠰ ᠤᠨ ᠵᠠᠰᠠᠮᠠᠯ ᠵᠠᠮ ᠤᠨ ᠳᠤᠮᠳᠠ ᠳᠣᠤᠷ᠎ᠠ ᠲᠠᠰ ᠤᠨ ᠵᠠᠮ ᠤᠨ ᠭᠠᠳᠠᠷᠭᠤ ᠳᠤ ᠵᠢᠯ ᠪᠦᠷᠢ ᠺᠢᠯᠣᠮᠧᠲᠷ ᠪᠦᠷᠢ ᠳᠤ 1500 ᠲᠥᠭᠦᠷᠢᠭ ᠠᠴᠠ ᠳᠡᠭᠡᠭᠰᠢ᠂ ᠵᠠᠮ ᠤᠨ ᠭᠠᠳᠠᠷᠭᠤ ᠦᠭᠡᠢ ᠪᠣᠯ 500 ᠲᠥᠭᠦᠷᠢᠭ ᠠᠴᠠ ᠳᠡᠭᠡᠭᠰᠢ ᠪᠠᠷᠢᠮᠵᠢᠶ᠎ᠠ ᠪᠠᠷ ᠨᠥᠬᠦᠪᠥᠷᠢ ᠦᠭᠬᠦ ᠭᠡᠷᠡᠭᠲᠠᠢ᠃      ︵ᠬᠤᠶᠠᠷ︶ ᠮᠠᠯᠵᠢᠬᠤ ᠣᠷᠣᠨ ᠤ ᠵᠠᠰᠠᠮᠠᠯ ᠵᠠᠮ ᠳᠠᠭᠠᠤ ᠶᠢᠨ ᠠᠰᠢᠭ ᠭᠥᠷᠳᠡᠬᠦ ᠨᠢᠭᠡᠴᠡ ᠵᠢᠴᠢ ᠮᠠᠯᠴᠢᠳ  ᠤᠨ ᠰᠠᠶᠢᠨ ᠳᠤᠷ᠎ᠠ ᠠᠴᠠ ᠪᠠᠨ ᠪᠠᠯᠠ ᠮᠥᠩᠭᠦ᠂ ᠬᠦᠴᠦ ᠬᠥᠳᠡᠯᠮᠦᠷᠢ ᠣᠷᠣᠭᠤᠯᠵᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠵᠣᠷᠢᠭᠵᠢᠭᠤᠯᠤᠨ᠎ᠠ᠃      ︵ᠭᠤᠷᠪᠠ︶ ᠭᠠᠴᠠᠭᠠᠨ ᠤ ᠵᠥᠪᠯᠡᠯ ︽ᠳᠣᠰᠬᠠᠢ ᠭᠡᠷᠡᠭ ᠢ ᠳᠣᠰᠬᠠᠢ ᠵᠥᠪᠯᠡᠬᠦ︾ ᠪᠠᠷ ᠳᠠᠮᠵᠢᠨ ᠴᠤᠭᠯᠠᠭᠤᠯᠤᠭᠰᠠᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠯᠥᠪᠯᠡᠭᠡ ᠶᠣᠰᠣᠭᠠᠷ ᠬᠠᠷᠢᠶ᠎ᠠ ᠣᠷᠣᠨ ᠤ ᠭᠠᠴᠠᠭᠠᠨ ᠤ ᠵᠠᠮ ᠤᠨ ᠡᠳᠦᠷ ᠲᠤᠳᠤᠮ ᠤᠨ ᠠᠷᠠᠴᠢᠯᠠᠨ ᠬᠠᠮᠠᠭᠠᠯᠠᠬᠤ ᠳᠤ ᠲᠣᠰᠬᠠᠢ  ᠭᠡᠷᠡᠭᠯᠡᠬᠦ ᠬᠡᠷᠡᠭᠲᠠᠢ᠃      ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠰᠤᠮᠤ ᠪᠠᠯᠭᠠᠰᠣᠨ ︵ᠲᠠᠯᠠᠪᠠᠶ︶ ᠤ ᠠᠷᠠᠴᠢᠯᠠᠨ ᠬᠠᠮᠠᠭᠠᠯᠠᠬᠤ ᠥᠷᠲᠡᠭᠡ ᠨᠢ ᠬᠠᠷᠢᠶ᠎ᠠ ᠣᠷᠣᠨ ᠤ ᠰᠤᠮᠤ ᠪᠠᠯᠭᠠᠰᠤ᠂ ᠭᠠᠴᠠᠭᠠᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠭᠠᠴᠠᠭ᠎ᠠ ᠶᠢ ᠵᠢᠯᠣᠭᠤᠳᠤᠨ ᠭᠠᠴᠠᠭᠠᠨ ᠤ ᠵᠠᠮ ᠢ ᠠᠷᠠᠴᠢᠯᠠᠨ ᠬᠠᠮᠠᠭᠠᠯᠠᠬᠤ᠂ ᠬᠠᠮᠢᠶᠠᠷᠬᠤ ᠵᠢᠴᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠭᠠᠴᠠᠭᠠᠨ ᠤ ᠠᠷᠠᠴᠢᠯᠠᠨ ᠬᠠᠮᠠᠭᠠᠯᠠᠬᠤ ᠰᠠᠯᠪᠣᠷᠢ ᠨᠢ ᠲᠣᠰ ᠭᠠᠴᠠᠭᠠᠨ ᠤ ᠵᠠᠮ ᠤᠨ ᠠᠷᠠᠴᠢᠯᠠᠨ ᠬᠠᠮᠠᠭᠠᠯᠠᠬᠤ᠂ ᠬᠠᠮᠢᠶᠠᠷᠬᠤ ᠵᠢᠴᠢ ᠲᠣᠭᠤᠷᠢᠨ ᠪᠠᠶᠢᠴᠠᠭᠠᠬᠤ ᠠᠵᠢᠯ ᠢ  ᠬᠠᠷᠢᠭᠤᠴᠠᠬᠤ ᠬᠡᠷᠡᠭᠲᠠᠢ᠃      ︵ᠭᠤᠷᠪᠠ︶ ᠡᠯ᠎ᠡ ᠰᠤᠮᠤ ᠪᠠᠯᠭᠠᠰᠣᠨ ︵ᠲᠠᠯᠠᠪᠠᠶ︶ ᠤ ᠠᠷᠠᠴᠢᠯᠠᠨ ᠬᠠᠮᠠᠭᠠᠯᠠᠬᠤ ᠥᠷᠲᠡᠭᠡ᠂ ᠰᠠᠯᠪᠣᠷᠢ ᠨᠢ ᠬᠠᠷᠠᠭᠠᠯᠵᠠᠭᠰᠠᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠦᠷᠢᠮ ᠲᠣᠭᠲᠠᠭᠠᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠤᠶᠤ ᠠᠰᠢᠭ ᠭᠥᠷᠳᠡᠬᠦ ᠨᠢᠭᠡᠴᠡ ᠪᠠᠷ ᠬᠠᠷᠢᠭᠤᠴᠠᠬᠤ ᠬᠡᠰᠡᠭ ᠢ ᠲᠣᠭᠳᠠᠭᠠᠵᠣ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ︵ᠳᠥᠷᠪᠡ︶ ᠡᠯ᠎ᠡ ᠰᠤᠮᠤ ᠪᠠᠯᠭᠠᠰᠣᠨ ︵ᠲᠠᠯᠠᠪᠠᠶ︶ ᠤ ᠠᠷᠠᠴᠢᠯᠠᠨ ᠬᠠᠮᠠᠭᠠᠯᠠᠬᠤ ᠥᠷᠲᠡᠭᠡ᠂ ᠰᠠᠯᠪᠣᠷᠢ ᠨᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠪᠣᠷᠣᠭᠠᠨ ᠴᠠᠰᠣ  ᠣᠷᠣᠪᠠᠯ ᠲᠣᠭᠤᠷᠢᠨ ᠪᠠᠶᠢᠴᠠᠭᠠᠬᠤ ᠲᠦᠷᠢᠮ ᠢ ᠪᠠᠶᠢᠭᠤᠯᠬᠤ ᠬᠡᠷᠡᠭᠲᠡᠶ᠃ ᠵᠠᠮ ᠤᠨ ᠭᠠᠳᠠᠷᠭᠤ᠂ ᠵᠠᠮ ᠤᠨ ᠰᠠᠭᠤᠷᠢ᠂ ᠬᠥᠭᠦᠷᠭᠡ᠂ ᠭᠤᠯᠳᠤᠩ ᠪᠠ ᠭᠠᠵᠠᠷ ᠤᠨ ᠪᠠᠶᠢᠴᠠ ᠠᠨᠠᠢ ᠭᠠᠵᠠᠷ ᠤᠨ ᠪᠠᠶᠢᠴᠠᠭᠠᠯᠲᠠ ᠶᠢ ᠴᠢᠩᠭᠠᠳᠬᠠᠵᠤ᠂ ᠠᠰᠠᠭᠤᠳᠠᠯ ᠢᠯᠡᠷᠡᠭᠦᠯᠪᠡᠯ ᠴᠠᠭ ᠲᠤᠬᠠᠶ ᠳᠤᠨᠢ ᠵᠠᠰᠠᠨ ᠰᠡᠯᠪᠢᠵᠣ᠂ ᠵᠠᠰᠠᠮᠠᠯ ᠵᠠᠮ ᠤᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠨ᠂  ᠪᠠᠶᠢᠭᠠᠯᠢ ᠶᠢᠨ ᠭᠠᠮᠰᠢᠭ ᠡᠬᠦᠰᠬᠦ᠂ ᠵᠠᠮ ᠡᠪᠳᠡᠭᠳᠡᠭᠰᠡᠨ ᠬᠡᠷᠡᠭ ᠵᠢᠴᠢ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠡᠭᠡᠭᠰᠢ ᠮᠡᠳᠡᠬᠦᠯᠵᠣ ᠰᠢᠢᠳᠪᠦᠷᠢᠯᠡᠬᠦ ᠬᠡᠷᠡᠭᠲᠡᠶ᠃                               2021 ᠣᠨ ᠤ 11 ᠰᠠᠷ᠎ᠠ ᠶᠢᠨ 15 ᠤ ᠡᠳᠣᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号