ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ | ᠮᠡᠳᠡᠭᠡ ᠶᠢ ᠦᠨᠳᠦᠰᠦᠯᠡᠪᠡᠯ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ | ᠠᠯᠪᠠᠨ ᠵᠠᠷ ᠨᠡᠶᠢᠲᠡᠯᠡᠵᠦ᠂ 8 ᠵᠦᠢᠯ ᠤᠨ ᠡᠮ ᠲᠠᠩ ᠤᠨ ᠳᠠᠩᠰᠠᠯᠠᠭᠤᠯᠤᠭᠰᠠᠨ ᠦᠨᠡᠮᠯᠡᠯ ᠢ ᠬᠦᠴᠦᠨ ᠥᠬᠡᠶ | ᠪᠣᠯᠭᠠᠪᠠ᠃ ᠠᠯᠪᠠᠨ ᠵᠠᠷ ᠠᠴᠠ ᠦᠵᠡᠪᠡᠯ᠂ ︽ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠤᠨ ᠡᠮ | ᠲᠠᠩ ᠤᠨ ᠬᠠᠮᠢᠶᠠᠷᠤᠯᠲᠠ ᠶᠢᠨ ᠬᠠᠤᠯᠢ︾ ᠶᠢᠨ ᠨᠠᠶᠠᠨ ᠭᠤᠷᠪᠠᠳᠤᠭᠠᠷ ᠵᠦᠢᠯ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠡᠦᠬᠡᠳ ᠤᠨ ᠹᠧᠨᠣᠯ ᠰᠢᠪᠲᠦᠷᠳᠦ ᠺᠡᠷᠢᠨ ᠤ ᠰᠤᠷᠭᠤᠭ ᠮᠥᠬᠦᠯᠢᠭ ᠦᠷᠢᠯ᠂ ᠰᠢᠪᠲᠦᠷᠳᠦ ᠺᠡᠷᠢᠨ ᠤ ᠪᠤᠰᠤ | ᠬᠠᠪᠲᠠᠭᠠᠶ ᠦᠷᠢᠯ᠂ ᠨᠡᠶᠢᠯᠡᠮᠡᠯ ᠰᠢᠪᠲᠦᠷᠳᠦ ᠺᠡᠷᠢᠨ ᠤ ᠱᠦᠯᠲᠦ ᠬᠠᠪᠲᠠᠭᠠᠶ ᠦᠷᠢᠯ᠂ ᠺᠡᠷᠢᠨ ᠤ ᠬᠤᠮᠵᠢᠶ᠎ᠠ ᠦᠷᠢᠯ᠂ | ᠰᠢᠪᠲᠦᠷᠳᠤ ᠺᠡᠷᠢᠨ ᠤ ᠰᠤᠷᠭᠤᠭ ᠬᠠᠪᠲᠠᠭᠠᠶ ᠦᠷᠢᠯ᠂ ᠪᠥᠲ᠋ᠢᠯ ᠹᠧᠨᠢᠯ ᠤᠰᠤᠮᠠᠭ ᠬᠦᠴᠢᠯ ᠤᠨ ᠰᠦᠨ ᠬᠠᠨᠳᠠ᠂ | ᠬᠡᠦᠬᠡᠳ ᠤᠨ ᠨᠡᠶᠢᠯᠡᠮᠡᠯ ᠠᠰᠫᠢᠷᠢᠨ᠂ ᠰᠢᠪᠲᠦᠷᠳᠦ ᠺᠡᠷᠢᠨ ᠤ ᠰᠤᠷᠭᠤᠭ ᠪᠤᠰᠤ ᠬᠠᠪᠲᠠᠭᠠᠶ ᠦᠷᠢᠯ ᠵᠡᠷᠭᠡ 8 | ᠵᠦᠢᠯ ᠤᠨ ᠡᠮ ᠳᠤ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠦᠨᠡᠯᠡᠯᠲᠡ ᠬᠢᠪᠡ᠃ ᠦᠨᠡᠯᠡᠯᠲᠡ ᠬᠢᠬᠦ ᠪᠠᠷ | ᠲᠠᠮᠵᠢᠭᠠᠳ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠡᠳᠦᠷ ᠠᠴᠠ | ᠡᠬᠢᠯᠡᠨ ᠳᠡᠭᠡᠷ᠎ᠡ ᠳᠤᠷᠠᠳᠤᠭᠰᠠᠨ 8 ᠵᠦᠢᠯ ᠤᠨ ᠡᠮ ᠢ ᠮᠠᠨ ᠤ ᠤᠯᠤᠰ ᠲᠤ ᠦᠢᠯᠡᠳᠪᠦᠷᠢᠯᠡᠬᠦ᠂ ᠪᠣᠷᠣᠯᠠᠭᠤᠯᠬᠤ᠂ | ᠬᠡᠷᠡᠭᠯᠡᠬᠦ ᠶᠢ ᠵᠤᠬᠰᠤᠭᠠᠵᠤ᠂ ᠲᠠᠩᠰᠠᠯᠠᠭᠤᠯᠤᠬᠰᠠᠨ ᠦᠨᠡᠮᠯᠡᠯ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠃ | ᠨᠢᠭᠡᠨᠲᠡ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠦ ᠪᠠᠶᠢᠭ᠎ᠠ ᠦᠢᠯᠡᠳᠬᠦᠨ ᠢ ᠡᠮ ᠲᠠᠩ ᠢ ᠵᠠᠬ᠎ᠠ ᠳᠡᠯᠭᠡᠭᠦᠷ ᠲᠤ | ᠭᠠᠷᠭᠠᠬᠤ ᠶᠢ ᠵᠥᠪᠰᠢᠶᠡᠷᠡᠭᠰᠡᠨ ᠦᠨᠡᠮᠯᠡᠯ ᠲᠠᠢ ᠡᠵᠡᠮᠰᠢᠭᠴᠢ ᠠᠴᠠ ᠬᠠᠷᠢᠭᠤᠴᠠᠵᠤ ᠪᠠᠶᠢᠭᠠᠳ ᠡᠭᠡᠬᠦᠯᠦᠨ ᠠᠪᠴᠢᠷᠠᠨ᠎ᠠ | ᠂ ᠡᠭᠡᠭᠦᠯᠦᠨ ᠠᠪᠴᠢᠷᠠᠭᠰᠠᠨ ᠦᠢᠯᠡᠳᠬᠦᠨ ᠢ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠡᠮ ᠲᠠᠩ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠪᠠᠶᠢᠭᠠᠳ ᠤᠰᠠᠳᠬᠠᠬᠤ ᠪᠤᠶᠤ ᠬᠠᠤᠯᠢ ᠶᠣᠰᠣᠭᠠᠷ | ᠬᠤᠣᠷ ᠦᠭᠡᠶᠢᠵᠢᠬᠦᠯᠦᠨ ᠰᠢᠢᠳᠪᠦᠷᠢᠯᠡᠬᠦ ᠵᠡᠷᠭᠡ ᠪᠤᠰᠤᠳ ᠠᠷᠭ᠎ᠠ ᠬᠡᠮᠵᠢᠶ᠎ᠡ ᠶᠢ ᠠᠪᠤᠨ᠎ᠠ᠃ |