ᠡᠯᠡᠰᠦᠷᠭᠡᠭᠵᠢᠭᠰᠡᠡ ᠪᠡᠯᠴᠢᠭᠡᠷ ᠢ ᠦᠭᠡᠷᠡᠴᠢᠯᠡᠨ ᠰᠠᠶᠢᠵᠢᠷᠠᠭᠤᠯᠬᠤ
ᠨᠡᠶᠢᠲᠡᠯᠡᠭᠰᠡᠨ ᠴᠠᠭ᠄
2021/12/2
      ︵1︶ ᠮᠠᠨ ᠤ ᠤᠯᠤᠰ ᠤᠨ ᠡᠯᠡᠰᠦᠷᠭᠡᠭᠵᠢᠭᠰᠡᠨ ᠪᠡᠯᠴᠢᠭᠡᠷ ᠤᠨ ᠭᠤᠤᠯ ᠲᠠᠷᠬᠠᠴᠠ ᠶᠢᠨ ᠪᠠᠶᠢᠳᠠᠯ ᠪᠤᠯᠤᠨ ᠲᠡᠭᠦᠨ ᠤ ᠤᠨᠴᠠᠯᠢᠭ ᠨᠢ ᠶᠠᠮᠠᠷ ᠪᠠᠶᠢᠭ᠎ᠠ ᠪᠤᠢ︖      ᠮᠠᠨ ᠤ ᠤᠯᠤᠰ ᠤᠨ ᠡᠯᠡᠰᠦᠷᠭᠡᠭᠵᠢᠭᠰᠡᠨ ᠨᠤᠳᠤᠭ ᠪᠡᠯᠴᠢᠭᠡᠷ ᠪᠤᠯ ᠭᠤᠤᠯᠳᠠᠭᠤ ᠤᠮᠠᠷᠠᠳᠤ ᠶᠢᠨ ᠲᠤᠯᠠᠭᠠᠨ ᠪᠦᠰᠡ ᠶᠢᠨ ᠭᠠᠵᠠᠷ ᠤᠷᠤᠨ ᠢᠶᠠᠷ ᠪᠠᠶᠢᠷᠢᠯᠠᠵᠤ᠂ ᠵᠡᠭᠦᠨ ᠠᠴᠠ ᠪᠠᠷᠠᠭᠤᠠᠰᠢ ᠬᠠᠭᠠᠰ ᠴᠢᠭᠢᠭᠯᠢᠭ᠂ ᠬᠠᠭᠠᠰ ᠭᠠᠩ ᠬᠠᠭᠤᠷᠠᠢ᠂ ᠭᠠᠩ ᠬᠠᠭᠤᠷᠠᠢ᠂ ᠲᠦᠢᠯ ᠤᠨ ᠭᠠᠩ ᠬᠠᠭᠤᠷᠠᠢ ᠪᠦᠰᠡ ᠪᠤᠯᠵᠤ ᠪᠦᠷᠢᠯᠳᠦᠵᠡᠢ᠃ ᠡᠶᠢᠮᠤ ᠠᠴᠠ ᠲᠡᠭᠦᠨ ᠤ ᠤᠷᠭᠤᠬᠤ ᠡᠯᠡᠰᠦᠷᠭᠡᠭ ᠭᠠᠵᠠᠷ ᠤᠨ ᠤᠷᠭᠤᠮᠠᠯ ᠨᠢ ᠮᠡᠳᠡᠭᠳᠡᠮ᠎ᠡ ᠤᠷᠤᠨ ᠪᠦᠰᠡ ᠶᠢᠨ ᠵᠦᠷᠢᠶ᠎ᠠ ᠲᠠᠢ ᠪᠠᠶᠢᠳᠠᠭ᠃ ᠭᠤᠤᠯ ᠢᠯᠡᠷᠡᠯ ᠨᠢ ᠭᠡᠪᠡᠯ ᠲᠠᠪᠤᠨ ᠲᠠᠯ᠎ᠠ ᠪᠤᠢ᠃      ① ᠡᠯᠡᠰᠦᠷᠭᠡᠭ ᠭᠠᠵᠠᠷ ᠤᠨ ᠤᠷᠭᠤᠮᠠᠯ ᠤᠨ ᠪᠦᠷᠭᠦᠴᠡ ᠶᠢᠨ ᠲᠤᠠᠠᠳᠠᠪᠤᠷᠢᠳᠤ ᠴᠢᠨᠠᠷ ᠢᠶᠠᠷ ᠪᠠᠷᠤᠠᠠᠳᠠᠢ᠃ ᠦᠢᠯᠡᠳᠪᠤᠷᠢᠯᠡᠯ ᠤᠨ ᠭᠦᠴᠤᠨ ᠨᠢ ᠲᠤᠤᠷ᠎ᠠ ᠪᠦᠭᠡᠳ ᠲᠤᠠᠠᠳᠠᠭᠤᠨ ᠪᠤᠰᠤ᠂ ᠮᠠᠯ ᠮᠠᠯᠵᠢᠬᠤ ᠳᠤ ᠲᠠᠰᠪᠤᠷᠢ ᠦᠭᠡᠢ ᠪᠠᠶᠢᠳᠠᠭ᠃      ② ᠡᠯᠡᠰᠦᠷᠭᠡᠭᠵᠢᠭᠰᠡᠨ ᠨᠤᠳᠤᠭ ᠪᠡᠯᠴᠢᠭᠡᠷ ᠤᠨ ᠤᠷᠭᠤᠮᠠᠯ ᠤᠨ ᠪᠦᠷᠭᠦᠴᠡ ᠨᠢ ᠰᠠᠶᠢᠷᠡᠭ ᠪᠦᠭᠡᠳ ᠪᠤᠭᠤᠨᠢ᠂ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠭᠦᠭᠵᠢᠯᠳᠡ ᠨᠢ ᠤᠳᠠᠭᠠᠨ ᠪᠦᠭᠡᠳ ᠲᠤᠠᠠᠳᠠᠭᠤᠨ ᠪᠤᠰᠤ ᠪᠠᠶᠢᠳᠠᠭ᠃      ③ ᠡᠯᠡᠰᠦᠷᠭᠡᠭᠵᠢᠭᠰᠡᠨ ᠨᠤᠳᠤᠭ ᠪᠠᠯᠴᠢᠭᠡᠷ ᠨᠢ ᠲᠤᠬᠠᠢ ᠶᠢᠨ ᠭᠠᠵᠠᠷ ᠤᠨ ᠨᠦᠭᠦᠴᠡᠯ᠂ ᠡᠪᠡᠰᠤ ᠪᠡᠯᠴᠢᠭᠡᠷ ᠤᠨ ᠲᠦᠷᠦᠯ ᠭᠡᠯᠪᠡᠷᠢ᠂ ᠡᠪᠡᠰᠤ ᠬᠠᠳᠤᠯᠠᠩ ᠤᠨ ᠲᠦᠷᠦᠯ ᠵᠦᠢᠯ ᠨᠢ ᠠᠳᠠᠯᠢ ᠦᠭᠡᠢ ᠠᠴᠠ ᠪᠤᠯᠤᠭᠠᠳ ᠮᠠᠰᠢ ᠶᠡᠭᠡ ᠵᠦᠷᠢᠶ᠎ᠠ ᠲᠠᠢ ᠪᠠᠶᠢᠵᠤ᠂ ᠤᠯᠠᠷᠢᠯ ᠤᠨ ᠬᠤᠪᠢᠷᠠᠯᠳᠠ ᠭᠢᠭᠡᠳ ᠤᠯᠠᠷᠢᠯ ᠤᠨ ᠦᠵᠡᠭᠳᠡᠯ ᠤᠨ ᠰᠤᠯᠢᠠᠠᠳᠠᠯ ᠢ ᠲᠠᠭᠠᠯᠳᠤᠭᠠᠳ ᠵᠦᠷᠢᠶ᠎ᠠ ᠨᠢ ᠤᠯᠠᠮ ᠢᠯᠡᠳᠳᠡ ᠪᠤᠯᠳᠠᠭ᠃      ④ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠡᠪᠡᠰᠤᠨ ᠤ ᠪᠦᠯᠦᠭᠯᠡᠯ ᠤᠨ ᠪᠦᠷᠢᠯᠳᠦᠯ ᠨᠢ ᠠᠳᠠᠯᠢ ᠦᠭᠡᠢ ᠠᠴᠠ ᠪᠤᠯᠤᠭᠠᠳ ᠡᠪᠡᠰᠤ ᠪᠡᠯᠴᠢᠭᠡᠷ ᠤᠨ ᠲᠦᠷᠦᠯ ᠭᠡᠯᠪᠡᠷᠢ ᠨᠢ ᠤᠯᠠᠨ ᠲᠦᠷᠦᠯ ᠶᠠᠩᠵᠤ ᠲᠠᠢ ᠪᠠᠶᠢᠳᠠᠭ᠃      ⑤ ᠡᠯᠡᠰᠦᠷᠭᠡᠭ ᠤᠷᠤᠨ ᠤ ᠲᠤᠳᠤᠷᠠᠭᠢ ᠤᠰᠤ᠂ ᠭᠦᠷᠦᠰᠤ ᠰᠢᠷᠤᠢ᠂ ᠤᠷᠭᠤᠮᠠᠯ ᠤᠨ ᠡᠭᠢ ᠪᠠᠶᠠᠯᠢᠭ ᠨᠢ ᠠᠮᠠᠷᠬᠠᠨ ᠡᠪᠳᠡᠭᠳᠡᠭᠦ ᠭᠡᠪᠡᠷᠡᠭ ᠴᠢᠨᠠᠷ ᠲᠠᠢ ᠪᠠᠶᠢᠳᠠᠭ᠃      ︵2︶ ᠡᠯᠡᠰᠦᠷᠭᠡᠭᠵᠢᠭᠰᠡᠨ ᠪᠡᠯᠴᠢᠭᠡᠷ ᠢ ᠶᠠᠮᠠᠷ ᠠᠷᠭ᠎ᠠ ᠪᠠᠷ ᠰᠠᠶᠢᠵᠢᠷᠠᠭᠤᠯᠬᠤ ᠪᠤᠢ︖      ᠡᠯᠡᠰᠦᠷᠭᠡᠭᠵᠢᠭᠰᠡᠨ ᠪᠡᠯᠴᠢᠭᠡᠷ ᠢ ᠡᠭᠦᠰᠦᠯ ᠪᠡ ᠲᠠᠷᠬᠠᠯᠳᠠ ᠶᠢᠨ ᠪᠠᠶᠢᠳᠠᠯ ᠠᠴᠠ ᠨᠢ ᠠᠪᠴᠤ ᠦᠵᠡᠪᠡᠯ᠂ ᠡᠯᠡᠰᠦᠷᠭᠡᠭᠵᠢᠭᠰᠡᠨ ᠨᠤᠳᠤᠭ ᠪᠡᠯᠴᠢᠭᠡᠷ ᠢ ᠪᠤᠯ ᠪᠠᠶᠢᠭᠠᠯᠢ ᠶᠢᠨ ᠨᠦᠭᠦᠴᠡᠯ ᠤᠨ ᠵᠦᠷᠢᠶ᠎ᠠ ᠪᠤᠯᠤᠨ ᠡᠯᠡᠰᠦᠷᠭᠡᠭᠵᠢᠯ ᠤᠨ ᠭᠡᠮᠵᠢᠶ᠎ᠠ ᠶᠢᠨ ᠠᠳᠠᠯᠢ ᠪᠤᠰᠤ ᠪᠠᠶᠢᠳᠠᠯ ᠠᠴᠠ ᠪᠤᠯᠤᠭᠠᠳ ᠠᠷᠭᠠᠴᠠᠭᠠᠬᠤ ᠪᠤᠳᠤᠯᠭ᠎ᠠ ᠪᠠ ᠵᠠᠰᠠᠬᠤ ᠠᠷᠭ᠎ᠠ ᠭᠡᠮᠵᠢᠶ᠎ᠠ ᠨᠢ ᠴᠤ ᠠᠳᠠᠯᠢ ᠪᠤᠰᠤ ᠪᠠᠶᠢᠳᠠᠭ ᠶᠤᠮ᠃ ᠭᠤᠤᠯ ᠨᠢ ᠰᠠᠶᠢᠵᠢᠷᠠᠭᠤᠯᠤᠯᠳᠠ ᠶᠢᠨ ᠪᠤᠳᠤᠯᠭ᠎ᠠ ᠨᠢ ᠵᠢᠷᠭᠤᠭᠠᠨ ᠵᠦᠢᠯ ᠪᠤᠢ᠃      ① ᠮᠠᠯ ᠪᠡᠯᠴᠢᠭᠡᠷᠯᠡᠭᠦᠯᠭᠦ ᠲᠠᠷᠤᠯᠳᠠ ᠶᠢ ᠪᠠᠭᠠᠰᠬᠠᠵᠤ᠂ ᠠᠳᠠᠷ ᠬᠠᠭᠠᠯᠪᠤᠷᠢᠯᠠᠬᠤ ᠶᠢ ᠡᠷᠡᠰ ᠴᠠᠭᠠᠵᠠᠯᠠᠵᠤ᠂ ᠡᠯᠡᠰᠤ ᠶᠢ ᠪᠢᠳᠡᠭᠦᠮᠵᠢᠯᠡᠨ ᠡᠪᠡᠰᠤ ᠲᠠᠷᠢᠵᠤ᠂ ᠪᠠᠶᠢᠭᠠᠯᠢᠯᠢᠬ ᠤᠷᠭᠤᠮᠠᠯ ᠤᠨ ᠪᠦᠳᠦᠴᠡ ᠶᠢ ᠬᠠᠮᠠᠭᠠᠯᠠᠵᠤ᠂ ᠡᠪᠡᠰᠤ ᠪᠡᠯᠴᠢᠭᠡᠷ ᠤᠨ ᠡᠭᠢ ᠪᠠᠶᠠᠯᠢᠭ ᠢ ᠵᠤᠭᠢᠰᠳᠠᠢ ᠠᠰᠢᠠᠠᠯᠠᠵᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠭᠡᠷᠡᠭᠳᠡᠢ      ② ᠨᠡᠭᠦᠳᠡᠯ ᠡᠯᠡᠰᠤ ᠶᠢ ᠪᠤᠯ ᠡᠯᠡᠰᠤᠨ ᠲᠤᠪᠤᠴᠠᠭ ᠤᠨ ᠤᠢ ᠶᠢᠨ ᠪᠦᠰᠡ ᠪᠡ ᠡᠯᠡᠰᠤ ᠲᠤᠠᠠᠳᠠᠪᠤᠷᠢᠵᠢᠭᠤᠯᠬᠤ ᠤᠷᠭᠤᠮᠠᠯ ᠲᠠᠷᠢᠬᠤ ᠠᠷᠭ᠎ᠠ ᠪᠠᠷ ᠵᠠᠰᠠᠵᠤ᠂ ᠨᠡᠭᠦᠳᠡᠯ ᠡᠯᠡᠰᠤ ᠶᠢ ᠠᠯᠬᠤᠮ ᠠᠯᠬᠤᠮ ᠢᠶᠠᠷ ᠲᠤᠠᠠᠳᠠᠪᠤᠷᠢᠵᠢᠭᠤᠯᠵᠤ᠂ ᠪᠠᠶᠢᠭᠠᠯᠢᠯᠢᠬ ᠤᠷᠭᠤᠮᠠᠯ ᠤᠨ ᠪᠦᠷᠭᠦᠴᠡ ᠶᠢ ᠨᠢ ᠰᠡᠷᠭᠦᠭᠡᠭᠦ ᠭᠡᠷᠡᠭᠳᠡᠢ᠃      ③ ᠮᠠᠯ ᠤᠨ ᠪᠠᠭᠳᠠᠭᠠᠮᠵᠢ ᠶᠢᠨ ᠵᠤᠭᠢᠰᠳᠡᠢ ᠭᠡᠮᠵᠢᠶ᠎ᠠ ᠶᠢ ᠲᠤᠠᠠᠳᠠᠭᠠᠵᠤ᠂ ᠪᠡᠯᠴᠢᠭᠡᠷ ᠢᠶᠠᠷ ᠮᠠᠯ ᠢ ᠲᠤᠠᠠᠳᠠᠭᠠᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠤᠯᠭᠠᠬᠤ ᠭᠡᠷᠡᠭᠳᠡᠢ᠃      ④ ᠮᠠᠯ ᠪᠡᠯᠴᠢᠭᠡᠷᠯᠡᠭᠦᠯᠭᠦ ᠰᠢᠨᠵᠢᠯᠡᠭᠦ ᠤᠬᠠᠭᠠᠠᠴᠢ ᠲᠦᠷᠢᠮ ᠢ ᠭᠡᠷᠡᠭᠵᠢᠭᠦᠯᠵᠤ᠂ ᠤᠷᠤᠨ ᠲᠤᠭᠤᠷᠢᠭ ᠬᠤᠪᠢᠶᠠᠨ ᠡᠭᠡᠯᠵᠢᠯᠡᠨ ᠮᠠᠯᠵᠢᠬᠤ ᠲᠦᠷᠢᠮ ᠢ ᠴᠢᠩᠭ᠎ᠠ ᠭᠡᠷᠡᠭᠵᠢᠭᠦᠯᠭᠦ ᠭᠡᠷᠡᠭᠳᠡᠢ᠃      ⑤ ᠭᠠᠵᠠᠷ ᠤᠷᠤᠨ ᠤ ᠪᠠᠶᠢᠳᠠᠯ ᠳᠠᠭᠠᠨ ᠲᠤᠭᠢᠷᠠᠭᠤᠯᠵᠤ᠂ ᠲᠤᠭᠢᠷᠠᠮᠵᠢᠳᠡᠢ ᠭᠠᠵᠠᠷ ᠤᠷᠤᠨ ᠪᠤᠯ ᠲᠠᠷᠢᠮᠠᠯ ᠪᠡᠯᠴᠢᠭᠡᠷ ᠪᠤᠯᠤᠨ ᠬᠠᠭᠠᠰ ᠲᠠᠷᠢᠮᠠᠯ ᠪᠡᠯᠴᠢᠭᠡᠷ ᠲᠠᠷᠢᠬᠤ ᠭᠡᠷᠡᠭᠳᠡᠢ᠃      ⑥ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠭᠦᠷᠤᠰᠤ ᠰᠢᠷᠤᠢ ᠶᠢᠨ ᠪᠠᠶᠢᠳᠠᠯ ᠢ ᠦᠨᠳᠦᠰᠦᠯᠡᠨ ᠤᠷᠭᠠᠨᠢᠭ ᠪᠤᠷᠳᠤᠭᠤᠷ ᠤᠷᠤᠭᠤᠯᠬᠤ ᠪᠡ ᠭᠦᠷᠤᠰᠤ ᠰᠢᠷᠤᠢ ᠶᠢᠨ ᠪᠦᠳᠦᠴᠡ ᠶᠢ ᠰᠠᠶᠢᠵᠢᠷᠠᠭᠤᠯᠵᠤ᠂ ᠡᠯᠡᠰᠦᠷᠭᠡᠭ ᠭᠠᠵᠠᠷ ᠤᠨ ᠤᠰᠤ ᠬᠠᠮᠠᠭᠠᠯᠠᠬᠤ᠂ ᠪᠤᠷᠳᠤᠭᠤᠷ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠵᠤ᠂ ᠤᠷᠭᠤᠮᠠᠯ ᠳᠤ ᠲᠤᠭᠢᠷᠠᠮᠵᠢᠳᠡᠢ ᠤᠷᠭᠤᠯᠳᠠ ᠶᠢᠨ ᠨᠦᠭᠦᠴᠡᠯ ᠤᠯᠭᠤᠨ ᠦᠭᠭᠦ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号