ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠠᠩᠭᠢ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠬᠥᠮᠦᠰ ᠤᠨ ᠬᠤᠪᠢ ᠬᠥᠮᠦᠨ ᠤ ᠬᠠᠮᠠᠭᠠᠯᠠᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/12/21
      2021 ᠣᠨ ᠤ 11 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠠᠴᠠ ᠠᠵᠢᠯ ᠤᠨ ᠲᠤᠰᠬᠠᠢ ᠠᠩᠬᠢ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠥᠮᠦᠰ ᠤᠨ ᠬᠤᠪᠢ ᠬᠥᠮᠦᠨ ᠤ ᠬᠠᠮᠠᠭᠠᠯᠠᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠲᠦᠭᠦᠬᠡᠢ ᠲᠤᠰᠤ᠂ ᠨᠡᠭᠦᠷᠡᠰᠦᠨ ᠤ ᠠᠵᠤ ᠠᠬᠤᠶᠢᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠥᠮᠦᠰ ᠲᠤᠰ ᠤᠳᠠᠭᠠᠨ ᠤ ᠪᠣᠯᠪᠠᠰᠤᠷᠠᠯ ᠤᠨ ᠠᠩᠬᠢ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠪᠣᠭᠤᠮᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠴᠤ  ᠂ ᠬᠠᠮᠠᠭᠠᠯᠠᠯᠲᠠ ᠶᠢᠨ ᠬᠤᠪᠴᠠᠰᠤ ᠡᠮᠦᠰᠴᠦ ᠲᠠᠶᠢᠯᠬᠤ᠂ ᠲᠤᠯᠤᠭᠠᠨ ᠠᠯᠬᠤᠮ ᠤᠨ ᠭᠠᠷ ᠤᠬᠢᠶᠠᠬᠤ ᠠᠷᠭ᠎ᠠ᠂ ᠠᠩᠬᠠᠷᠬᠤ ᠵᠦᠢᠯ᠂ ᠰᠡᠷᠭᠡᠶᠢᠯᠡᠨ ᠬᠠᠮᠠᠭᠠᠯᠠᠬᠤ ᠵᠢᠴᠢ ᠠᠷᠢᠭᠤᠳᠬᠠᠨ ᠰᠢᠢᠳᠪᠦᠷᠢᠯᠡᠬᠦ ᠠᠯᠬᠤᠮ ᠳᠠᠷᠠᠭ᠎ᠠ ᠵᠡᠷᠭᠡ ᠪᠣᠳᠠᠲᠠᠶ ᠨᠠᠷᠢᠨ ᠵᠦᠢᠯᠡᠰ ᠢ ᠨᠠᠷᠢᠯᠢᠭ ᠲᠠᠶᠢᠯᠪᠤᠷᠢᠯᠠᠵᠠᠶ᠃ ᠳᠠᠷᠠᠭ᠎ᠠ ᠨᠢ ᠡᠯ᠎ᠡ ᠠᠵᠤ ᠠᠬᠤᠶᠢᠯᠠᠯ ᠤᠨ ᠴᠢᠷᠦᠭᠦᠯ ᠲᠡᠷᠭᠡᠨ ᠤ ᠠᠵᠢᠯᠲᠠᠨ᠂ ᠠᠷᠢᠭᠤᠳᠬᠠᠭᠴᠢ᠂ ᠲᠡᠷᠭᠡ ᠬᠥᠰᠬᠡ ᠰᠡᠯᠪᠢᠨ ᠵᠠᠰᠠᠬᠤ ᠠᠵᠢᠯᠲᠠᠨ᠂ ᠲᠡᠭᠡᠭᠡᠪᠦᠷᠢ ᠶᠢᠨ ᠵᠢᠯᠣᠭᠤᠴᠢ ᠵᠡᠷᠭᠡ ᠠᠶᠤᠯ ᠲᠦᠭᠰᠢᠭᠦᠷᠢ ᠶᠡᠬᠡᠲᠡᠶ ᠠᠵᠢᠯᠲᠠᠨ ᠲᠠᠶᠢᠰᠠᠨ ᠳᠤ ᠭᠠᠷᠴᠤ ᠪᠣᠳᠠᠲᠠᠶ ᠬᠢᠵᠦ᠂ ᠠᠵᠤ ᠠᠬᠤᠶᠢᠯᠠᠯ ᠤᠨ ᠬᠡᠰᠡᠭ ᠬᠠᠮᠢᠶᠠᠷᠤᠯᠲᠠ ᠶᠢᠨ ᠠᠵᠢᠯᠲᠠᠨ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯᠲᠠᠨ ᠲᠤᠬᠠᠶ ᠶᠢᠨ ᠲᠠᠯᠠᠪᠤᠷ ᠲᠤ ᠲᠣᠭᠤᠷᠢᠨ ᠦᠵᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠠᠵᠤ ᠠᠬᠤᠶᠢᠯᠠᠯ ᠤᠨ ᠠᠵᠢᠯᠲᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠬᠠᠯᠳᠠᠪᠦᠷᠢᠯᠠᠬᠤ ᠶᠢ ᠰᠡᠷᠭᠡᠶᠢᠯᠡᠬᠦ ᠠᠵᠢᠯ ᠳᠤ ᠪᠠᠲᠤ ᠪᠠᠬᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号