ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠢᠨᠠᠨ ᠰᠢᠯᠭᠠᠬᠤ ᠳᠤᠭᠤᠶᠢᠯᠠᠩ ᠭᠠᠬᠢᠯ ᠰᠤᠮᠤᠨ ᠳᠤ ᠭᠦᠨᠵᠡᠭᠡᠶᠢᠷᠡᠨ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠰᠢᠯᠭᠠᠪᠠ
ᠨᠡᠶᠢᠲᠡᠯᠡᠭᠰᠡᠨ ᠴᠠᠭ᠄
2021/12/29
      2021 ᠣᠨ ᠤ 12 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠠᠰᠬᠠᠨ ᠵᠡᠷᠭᠡ ᠨᠦᠬᠦᠳ ᠭᠠᠬᠢᠯ ᠰᠤᠮᠤᠨ ᠳᠤ ᠭᠦᠨᠵᠡᠭᠡᠶᠢᠷᠡᠨ 2021 ᠣᠨ ᠤ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠰᠢᠯᠭᠠᠪᠠ᠃ ᠰᠤᠮᠤᠨ  ᠤ ᠨᠠᠮ ᠤᠨ ᠬᠤᠷᠢᠶᠠᠨ ᠤ ᠱᠦᠵᠢ ᠴᠡᠩᠭᠡᠯᠳᠦ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠠᠳᠠᠷᠠᠬᠤ ᠪᠤᠯᠤᠨ ᠠᠮᠤᠷ ᠠᠮᠤᠭᠤᠯᠠᠩ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠤᠯᠠᠭᠠᠶ ᠲᠣᠮᠢᠯᠠᠭᠰᠠᠨ ᠰᠠᠯᠪᠤᠷᠢ᠂ ᠭᠠᠬᠢᠯ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ ᠪᠠᠷ᠎ᠠ ᠪᠣᠯᠵᠠᠢ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠤᠨ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ᠂ ᠶᠡᠷᠦᠩᠬᠡᠶᠢᠯᠡᠨ ᠵᠠᠰᠠᠬᠤ ᠲᠥᠪ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠤᠨ᠂ ᠭᠠᠬᠢᠯ ᠰᠣᠮᠣᠨ ᠤ 2021 ᠣᠨ ᠤ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠭᠠᠬᠢᠯ ᠰᠣᠮᠣᠨ ᠤ 2021 ᠣᠨ ᠤ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ᠂ ᠠᠶᠢᠮᠠᠭ ᠤᠨ ᠨᠠᠮ ᠤᠨ ᠬᠤᠷᠢᠶᠠᠨ ᠤ ᠲᠥᠰᠦᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠤᠨ ᠢ ᠪᠠᠲᠤᠯᠠᠬᠤ ᠳᠤ ᠬᠤᠯᠪᠣᠭᠳᠠᠬᠤ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠡᠭᠦᠳᠡᠯ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠴᠢᠬᠤᠯᠠ ᠶᠡᠭᠡ ᠠᠵᠢᠯᠯᠠᠭ᠎ᠠ ᠪᠠ ᠣᠨᠴᠠᠭᠠᠢ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠮᠠᠯᠴᠢᠳ ᠤᠨ ᠵᠥᠷᠢᠴᠡᠯ ᠵᠢᠭᠤᠷᠠᠯᠳᠤᠭᠠᠨ᠂ ᠲᠡᠮᠦᠷ ᠵᠠᠮ ᠳᠠᠭᠠᠤ ᠶᠢᠨ ᠵᠥᠷᠢᠴᠡᠯ ᠵᠢᠭᠤᠷᠠᠯᠳᠤᠭᠠᠨ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠵᠢᠭᠤᠷᠠᠯᠳᠤᠭᠠᠨ᠂ ᠪᠦᠯᠦᠭᠯᠡᠯ ᠤᠨ ᠴᠢᠨᠠᠷᠲᠠᠶ ᠬᠡᠷᠡᠭ ᠪᠠ ᠬᠤᠪᠢ ᠬᠥᠮᠦᠨ ᠤ ᠬᠡᠲᠦᠷᠡᠮᠡᠬᠡᠶ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠶᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠦᠷᠭᠦᠯᠵᠢᠯᠡᠨ ᠦᠷᠨᠢᠭᠦᠯᠬᠦ ᠬᠡᠷᠡᠭᠲᠡᠢ᠃ ᠰᠢᠨ᠎ᠡ ᠵᠢᠯ ᠴᠠᠭᠠᠨ ᠰᠠᠷ᠎ᠠ ᠶᠢᠨ ᠡᠬᠢ  ᠪᠠᠷ ᠡᠯ᠎ᠡ ᠲᠦᠷᠦᠯ ᠤᠨ ᠬᠡᠷᠡᠭ ᠤᠯᠠᠨ ᠡᠭᠦᠰᠬᠦ ᠬᠤᠭᠤᠴᠠᠭᠠᠨ ᠳᠤ᠂ ᠨᠡᠶᠢᠭᠡᠮ ᠤᠨ ᠠᠮᠤᠷ ᠲᠣᠭᠲᠠᠭᠤᠨ ᠢ ᠨᠥᠯᠥᠭᠡᠯᠡᠬᠦ ᠲᠤᠪᠤᠶᠢᠮ᠎ᠠ ᠠᠰᠠᠭᠤᠳᠠᠯ ᠢ ᠨᠢᠭᠲᠠ ᠠᠩᠬᠠᠷᠴᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂ ᠵᠢᠷᠭᠠᠯᠲᠤ ᠲᠦᠷᠦᠭᠳᠡᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号