2022 ᠣᠨ ᠤ ᠴᠡᠷᠢᠭ ᠡᠯᠰᠡᠬᠦ ᠠᠵᠢᠯ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠡᠬᠢᠯᠡᠯ᠎ᠡ
ᠨᠡᠶᠢᠲᠡᠯᠡᠭᠰᠡᠨ ᠴᠠᠭ᠄
2021/12/6
      ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ︵ᠡᠷᠡᠭᠲᠡᠢ︶     ᠡᠷᠡᠭᠲᠡᠶ ᠴᠡᠷᠢᠭ ᠲᠤ ᠨᠡᠷ᠎ᠡ ᠮᠡᠳᠡᠭᠦᠯᠦᠭᠰᠡᠳ᠄      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠣᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠤᠶᠤᠲᠠᠳ ᠪᠠᠭᠲᠠᠨ᠎ᠠ︶᠂ ᠪᠦᠬᠦᠯᠢ 18 —  22 ᠨᠠᠰᠤ ︵2000 ᠣᠨ ᠤ 1 ᠰᠠᠷ᠎ᠠ ᠶᠢᠨ 1 ᠤ ᠡᠳᠦᠷ — 2004 ᠣᠨ ᠤ 12 ᠰᠠᠷ᠎ᠠ ᠶᠢᠨ 31 ᠤ ᠡᠳᠦᠷ︶︔ ᠡᠩ ᠤᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠪᠦᠬᠦᠯᠢ 18 — 24 ᠨᠠᠰᠤ ᠲᠠᠢ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ᠂ ᠪᠦᠬᠦᠯᠢ 18 — 20  ᠨᠠᠰᠤ ᠲᠠᠢ᠃      ᠨᠥᠬᠦᠪᠥᠷᠢ ᠦᠭᠬᠦ ᠣᠷᠣᠯᠠᠨ ᠳᠥᠯᠥᠬᠦ ᠲᠥᠷᠥ ᠶᠢᠨ ᠪᠣᠳᠣᠯᠭ᠎ᠠ᠄ ᠴᠡᠷᠢᠭ ᠲᠤ ᠡᠯᠰᠡᠭᠳᠡᠭᠰᠡᠨ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠰᠤᠷᠭᠠᠭᠤᠯᠢ ᠳᠤ ᠪᠠᠶᠢᠭ᠎ᠠ ᠲᠡᠭᠦᠰᠬᠦ ᠠᠩᠭᠢ ᠶᠢᠨ ᠰᠣᠷᠣᠭᠴᠢ ᠳᠤ ᠲᠥᠪ ᠤᠨ ᠡᠳ᠋ ᠤᠨ ᠵᠠᠰᠠᠭ ᠠᠴᠠ ᠬᠠᠷᠠᠭᠠᠯᠵᠠᠭᠰᠠᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠷ ᠣᠷᠣᠯᠠᠨ ᠳᠥᠯᠥᠬᠦ ᠶᠢ ᠬᠡᠷᠡᠭᠵᠢᠭᠦᠯᠦᠨ᠎ᠡ᠃ ᠲᠤᠬᠠᠶ ᠶᠢᠨ ᠵᠢᠯ ᠳᠤ ᠨᠢᠭᠡᠨᠲᠡ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠴᠡᠷᠢᠭ ᠲᠤ ᠤᠷᠤᠭᠰᠠᠨ ᠤ ᠳᠠᠷᠠᠭ᠎ᠠ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠦᠯᠡᠳᠡᠭᠡᠵᠦ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠤᠯᠤᠰ ᠤᠨ ᠰᠤᠷᠤᠯᠭ᠎ᠠ ᠶᠢᠨ ᠰᠦᠢᠳᠬᠡᠯ ᠢ  ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠭᠦᠷᠳᠡᠭᠡᠨ᠎ᠡ᠃      2022 ᠣᠨ ᠤ ᠪᠥᠬᠦ ᠤᠯᠤᠰ ᠤᠨ ᠴᠡᠷᠢᠭ ᠡᠯᠰᠡᠬᠦ ︵ᠡᠷᠡᠭᠲᠡᠶ︶  ᠳᠤ ᠨᠡᠷ᠎ᠡ ᠮᠡᠳᠡᠭᠦᠯᠬᠦ ᠴᠠᠭ᠄      ᠳᠡᠭᠡᠷ᠎ᠡ ᠬᠠᠭᠠᠰ ᠵᠢᠯ ᠤᠨ ᠨᠡᠷ᠎ᠡ ᠮᠡᠳᠡᠭᠦᠯᠬᠦ ᠴᠠᠭ᠄ 2021 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 2 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ︔      ᠳᠣᠤᠷ᠎ᠠ ᠬᠠᠭᠠᠰ ᠵᠢᠯ ᠤᠨ ᠨᠡᠷ᠎ᠡ ᠮᠡᠳᠡᠭᠦᠯᠬᠦ ᠴᠠᠭ᠄ 2021 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 8 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ᠃      ᠨᠡᠷ᠎ᠡ ᠮᠡᠳᠡᠭᠦᠯᠬᠦ ᠰᠠᠨᠠᠭᠤᠯᠤᠮᠵᠢ᠄ ᠡᠷᠡᠭᠲᠡᠶ ᠴᠡᠷᠢᠭ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠡᠷᠬᠡᠪᠰᠢ ᠴᠡᠷᠢᠭ ᠤᠨ ᠠᠯᠪᠠ ᠶᠢᠨ ᠳᠠᠩᠰᠠᠯᠠᠯ ᠬᠢᠬᠦ ᠬᠡᠷᠡᠭᠲᠡᠶ᠃            ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ︵ᠡᠮᠡᠭᠲᠡᠶ︶     ᠡᠮᠡᠭᠲᠡᠶ ᠴᠡᠷᠢᠭ ᠲᠤ ᠨᠡᠷ᠎ᠡ ᠮᠡᠳᠡᠭᠦᠯᠦᠭᠰᠡᠳ᠄        ᠳᠡᠭᠡᠷ᠎ᠡ ᠬᠠᠭᠠᠰ ᠵᠢᠯ ᠳᠤ ᠨᠡᠷ᠎ᠡ ᠮᠡᠳᠡᠬᠦᠯᠦᠭᠰᠡᠳ᠄ ᠡᠩ ᠤᠨ  ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢᠳ ᠵᠢᠴᠢ ᠰᠤᠷᠭᠠᠭᠤᠯᠢ ᠳᠤ ᠪᠠᠶᠢᠭ᠎ᠠ ᠣᠶᠣᠲᠠᠳ ᠂ ᠪᠦᠬᠦᠯᠢ 18 — 22 ᠨᠠᠰᠤ ᠲᠠᠢ︔ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠤᠷᠤᠭᠴᠢᠳ 2022 ᠣᠨ ᠤ ᠳᠡᠭᠡᠷ᠎ᠡ ᠬᠠᠭᠠᠰ ᠵᠢᠯ ᠤᠨ ᠡᠮᠡᠭᠲᠡᠶ ᠴᠡᠷᠢᠭ ᠡᠯᠰᠡᠬᠦ ᠳᠤ ᠨᠡᠷ᠎ᠡ ᠮᠡᠳᠡᠭᠦᠯᠵᠤ ᠪᠣᠯᠤᠨ᠎ᠠ᠂ ᠡᠯᠰᠡᠬᠦ ᠨᠠᠰᠤ ᠶᠢ ᠪᠦᠬᠦᠯᠢ 23 ᠨᠠᠰᠤ ᠬᠦᠷᠲᠡᠯ᠎ᠡ ᠠᠭᠤᠵᠢᠭᠤ ᠲᠠᠯᠪᠢᠨ᠎ᠡ      ᠳᠣᠤᠷ᠎ᠠ ᠬᠠᠭᠠᠰ ᠵᠢᠯ ᠳᠤ ᠨᠡᠷ᠎ᠡ ᠮᠡᠳᠡᠭᠦᠯᠦᠭᠰᠡᠳ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠬᠦ  ᠰᠣᠷᠣᠭᠴᠢᠳ ᠪᠠ ᠡᠩ ᠤᠨ  ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢᠳ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢᠳ᠂ ᠪᠦᠬᠦᠯᠢ 18 — 22 ᠨᠠᠰᠤ   ᠲᠠᠢ᠃      ᠨᠥᠬᠦᠪᠥᠷᠢ ᠦᠭᠬᠦ ᠣᠷᠣᠯᠠᠨ ᠳᠥᠯᠥᠬᠦ ᠲᠥᠷᠥ ᠶᠢᠨ ᠪᠣᠳᠣᠯᠭ᠎ᠠ᠄ ᠴᠡᠷᠢᠭ ᠲᠤ ᠡᠯᠰᠡᠭᠳᠡᠭᠰᠡᠨ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠰᠤᠷᠭᠠᠭᠤᠯᠢ ᠳᠤ ᠪᠠᠶᠢᠭ᠎ᠠ ᠲᠡᠭᠦᠰᠬᠦ ᠠᠩᠭᠢ ᠶᠢᠨ ᠰᠣᠷᠣᠭᠴᠢ ᠳᠤ ᠲᠥᠪ ᠤᠨ ᠡᠳ᠋ ᠤᠨ ᠵᠠᠰᠠᠭ ᠠᠴᠠ ᠬᠠᠷᠠᠭᠠᠯᠵᠠᠭᠰᠠᠨ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠷ ᠣᠷᠣᠯᠠᠨ ᠳᠥᠯᠥᠬᠦ ᠶᠢ ᠬᠡᠷᠡᠭᠵᠢᠭᠦᠯᠦᠨ᠎ᠡ᠃ ᠲᠤᠬᠠᠶ ᠶᠢᠨ ᠵᠢᠯ ᠳᠤ ᠨᠢᠭᠡᠨᠲᠡ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠴᠡᠷᠢᠭ ᠲᠤ ᠤᠷᠤᠭᠰᠠᠨ ᠤ ᠳᠠᠷᠠᠭ᠎ᠠ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠦᠯᠡᠳᠡᠭᠡᠵᠦ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠤᠯᠤᠰ ᠤᠨ ᠰᠤᠷᠤᠯᠭ᠎ᠠ ᠶᠢᠨ ᠰᠦᠢᠳᠬᠡᠯ ᠢ  ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠳᠡᠭᠡᠨ᠎ᠡ᠃      2022 ᠣᠨ ᠤ ᠪᠥᠬᠦ ᠤᠯᠤᠰ ᠤᠨ ᠴᠡᠷᠢᠭ ᠡᠯᠰᠡᠬᠦ ︵ᠡᠮᠡᠭᠲᠡᠢ︶  ᠳᠤ ᠨᠡᠷ᠎ᠡ ᠮᠡᠳᠡᠭᠦᠯᠬᠦ ᠴᠠᠭ᠄     ᠳᠡᠭᠡᠷ᠎ᠡ ᠬᠠᠭᠠᠰ ᠵᠢᠯ  ᠤᠨ ᠮᠡᠳᠡᠭᠦᠯᠬᠦ ᠴᠠᠭ᠄ 2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 2 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ︔     ᠳᠣᠤᠷ᠎ᠠ ᠬᠠᠭᠠᠰ ᠵᠢᠯ  ᠤᠨ ᠮᠡᠳᠡᠭᠦᠯᠬᠦ ᠴᠠᠭ᠄ 2022 ᠣᠨ ᠤ 7 ᠰᠠᠷ᠎ᠠ ᠶᠢᠨ 1 ᠤ ᠡᠳᠦᠷ ᠠᠴᠠ 2022 ᠣᠨ ᠤ 8 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号