ᠮᠠᠨ ᠤ ᠣᠷᠤᠨ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠦᠨ ᠬᠡᠷᠡᠭᠯᠡᠬᠦ ᠠᠵᠢᠯ ᠤᠨ ᠬᠡᠷᠡᠭᠵᠢᠬᠦᠯᠬᠦ ᠲᠦᠰᠦᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2021/2/19
      ᠤᠢᠢᠷ᠎ᠠ ᠶᠢᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ︽ᠪᠦᠬᠦ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠬᠤ ᠶᠢᠨ ᠬᠡᠷᠡᠭᠵᠢᠭᠦᠯᠬᠦ ᠲᠦᠰᠦᠯ︾ ᠢ ᠳᠠᠷᠤᠮᠠᠯᠯᠠᠨ ᠶᠠᠪᠤᠭᠤᠯᠵᠦ᠂ ᠮᠠᠨ ᠤ ᠤᠷᠤᠨ ᠤ ᠳᠠᠷᠠᠭᠠᠴᠢ ᠶᠢᠨ ᠠᠯᠬᠤᠮ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠦᠨ ᠬᠡᠷᠡᠭᠯᠡᠬᠦ ᠳᠤ ᠬᠡᠷᠡᠭᠵᠢᠬᠦᠯᠬᠦ ᠬᠠᠮᠢᠶ᠎ᠠ ᠪᠦᠬᠦᠢ ᠠᠵᠢᠯ ᠢ ᠪᠦᠬᠦ ᠳᠠᠯ᠎ᠠ ᠪᠠᠷ ᠪᠠᠶᠢᠷᠢᠯᠠᠭᠤᠯᠪᠠ᠃      ︽ᠬᠡᠷᠡᠭᠵᠢᠬᠦᠯᠬᠦ ᠲᠦᠰᠦᠯ︾ ᠶᠤᠰᠤᠭᠠᠷ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠴᠦᠮ ᠨᠢᠭᠡᠳᠦᠯᠳᠡᠢ ᠨᠠᠶᠢᠷᠠᠭᠤᠯᠤᠭᠰᠠᠨ ︽ᠶᠤᠰᠤ ᠰᠤᠷᠳᠠᠬᠤᠨ ᠬᠢᠭᠡᠳ ᠬᠠᠥᠯᠢ ᠪᠠᠷ ᠵᠠᠰᠠᠬᠤ︾᠂ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠳᠤ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ︔ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠴᠦᠮ ᠨᠢᠭᠡᠳᠦᠯᠳᠡᠢ ᠨᠠᠶᠢᠷᠠᠭᠤᠯᠤᠭᠰᠠᠨ ︽ᠶᠤᠰᠤ ᠰᠤᠷᠳᠠᠬᠤᠨ ᠬᠢᠭᠡᠳ ᠬᠠᠥᠯᠢ ᠪᠠᠷ ᠵᠠᠰᠠᠬᠤ︾᠂ ︽ᠬᠡᠯᠡ ᠪᠢᠴᠢᠭ︾᠂ ︽ᠲᠡᠥᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠳᠦ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ︔ ᠨᠦᠬᠦᠴᠡᠯ ᠲᠠᠢ ᠰᠤᠷᠭᠠᠭᠤᠯᠢ ᠨᠤᠭᠤᠳ ᠨᠢ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠡᠷᠡᠭᠯᠡᠨ᠎ᠡ᠃ 2023 ᠣᠨ ᠪᠤᠯᠬᠤ ᠳᠤ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠲᠡᠭᠦᠰᠦᠭᠰᠡᠳ ᠤᠨ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠳᠤ ᠳᠡᠪᠰᠢᠬᠦ ᠰᠢᠯᠭᠠᠯᠳᠠ ᠳᠤ ᠭᠤᠷᠪᠠᠨ ᠬᠢᠴᠢᠶᠡᠯ ᠲᠦᠷᠦᠯ ᠤᠨ ᠰᠢᠯᠭᠠᠯᠳᠠ ᠶᠢ ᠴᠦᠮ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠬᠠᠷᠢᠭᠤᠯᠤᠨ᠎ᠠ᠃ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠨᠢᠭᠡᠳᠦᠭᠡᠷ ᠣᠨ ᠳᠤ ᠴᠦᠮ ᠨᠢᠭᠡᠳᠦᠯᠳᠡᠢ ᠨᠠᠶᠢᠷᠠᠭᠤᠯᠤᠭᠰᠠᠨ ︽ᠦᠵᠡᠯ ᠰᠠᠨᠠᠭ᠎ᠠ ᠤᠯᠤᠰ ᠲᠦᠷᠦ︾᠂ ︽ᠬᠡᠯᠡ ᠪᠢᠴᠢᠭ︾᠂ ︽ᠲᠡᠥᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠳᠦ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ᠃ 2025 ᠣᠨ ᠤ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠲᠡᠭᠦᠰᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠳᠠ ᠳᠤ ᠭᠤᠷᠪᠠᠨ ᠬᠢᠴᠢᠶᠡᠯ ᠲᠦᠷᠦᠯ ᠤᠨ ᠰᠢᠯᠭᠠᠯᠳᠠ ᠶᠢ ᠴᠦᠮ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠬᠠᠷᠢᠭᠤᠯᠤᠨ᠎ᠠ᠃      ︽ᠬᠡᠷᠡᠭᠵᠢᠬᠦᠯᠬᠦ ᠲᠦᠰᠦᠯ︾ ᠳᠤ᠂ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠲᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢ ᠪᠦᠬᠦ ᠳᠠᠯ᠎ᠠ ᠪᠠᠷ ᠴᠢᠩᠭᠠᠳᠬᠠᠬᠤ ᠠᠵᠢᠯ ᠢ ᠢᠳᠡᠪᠬᠢᠳᠡᠢ ᠪᠦᠭᠡᠳ ᠯᠠᠪᠳᠠᠭᠤᠨ ᠢᠶᠠᠷ ᠰᠠᠶᠢᠳᠤᠷ ᠬᠢᠵᠦ᠂ ᠪᠠᠭᠰᠢ ᠨᠠᠷ ᠢ ᠬᠦᠢᠴᠡᠳ ᠲᠤᠬᠢᠷᠠᠭᠤᠯᠤᠨ ᠴᠢᠩᠭᠠᠷᠠᠭᠤᠯᠵᠦ᠂ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠬᠦᠯᠦᠨ᠂ ᠵᠢᠭᠠᠬᠤ ᠮᠠᠲ᠋ᠧᠷᠢᠶᠠᠯ ᠤᠨ ᠪᠠᠳᠤᠯᠠᠭ᠎ᠠ ᠶᠢ ᠳᠡᠬᠦᠯᠳᠡᠷᠵᠢᠬᠦᠯᠵᠦ᠂ ᠰᠤᠷᠤᠯᠭ᠎ᠠ ᠶᠢᠨ ᠱᠠᠳᠤ ᠪᠠᠨ ᠵᠤᠯᠭᠠᠭᠤᠯᠬᠤ ᠶᠢ ᠠᠬᠢᠭᠤᠯᠤᠨ᠂ ᠵᠢᠭᠠᠨ ᠰᠤᠷᠭᠠᠯᠳᠠ ᠶᠢᠨ ᠰᠤᠳᠤᠯᠭᠠᠨ ᠢ ᠦᠷᠨᠢᠬᠦᠯᠬᠦ ᠬᠡᠷᠡᠭᠳᠡᠢ ᠭᠡᠵᠦ ᠱᠠᠭᠠᠷᠳᠠᠪᠠ᠃      ᠤᠢᠢᠯᠠᠭᠠᠭᠰᠠᠨ ᠢᠶᠠᠷ᠂ 2016 ᠣᠨ ᠳᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠪᠠᠶᠢᠳᠠᠯ ᠲᠤᠤᠷᠠᠬᠢ ᠶᠡᠭᠡ ᠳᠡᠭᠡᠳᠦ ᠰᠤᠷᠭᠠᠭᠤᠯᠢ ᠪᠠ ᠲᠤᠮᠳᠠᠳᠦ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠢ ᠳᠠᠷᠤᠮᠠᠯᠯᠠᠨ ᠶᠠᠪᠤᠭᠤᠯᠵᠦ᠂ 3 ᠵᠢᠯ ᠤᠨ ᠬᠤᠭᠤᠴᠠᠭᠠᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠲᠤᠮᠳᠠᠳᠦ ᠪᠠᠭ᠎ᠠ ᠰᠤᠷᠭᠠᠭᠤᠯᠢ ᠶᠢᠨ ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤ᠂ ᠬᠡᠯᠡ ᠪᠢᠴᠢᠭ᠂ ᠲᠡᠥᠬᠡ ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ ᠰᠤᠷᠭᠠᠭᠤᠯᠢ ᠪᠦᠬᠦᠨ ᠳᠤ ᠬᠡᠷᠡᠭᠯᠡᠬᠦᠯᠬᠦ ᠬᠡᠷᠡᠭᠳᠡᠢ ᠭᠡᠵᠦ ᠲᠤᠳᠤᠷᠬᠠᠢ ᠱᠠᠭᠠᠷᠳᠠᠪᠠ᠃ 2019 ᠣᠨ ᠳᠤ ᠤᠯᠤᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠠᠴᠠ ︽ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠪᠠ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠶᠢᠨ ᠲᠦᠯᠦᠪᠵᠢᠬᠦᠯᠭᠡ︾ ᠶᠢ ᠲᠠᠷᠤᠮᠠᠯᠯᠠᠨ ᠶᠠᠪᠤᠭᠤᠯᠵᠦ᠂ ᠰᠤᠷᠭᠠᠨ ᠬᠦᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠤᠪᠴᠢᠶ᠎ᠠ ᠠᠴᠠ ︽ᠲᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︿ᠰᠦᠭ ᠰᠦᠨᠡᠰᠦ ᠶᠢ ᠱᠤᠭᠤᠬᠤ ᠢᠨᠵᠧᠨᠧᠷᠢᠩ﹀ ᠢ ᠠᠬᠢᠭᠤᠯᠬᠤ ᠶᠢᠨ ᠬᠡᠷᠡᠭᠵᠢᠬᠦᠯᠬᠦ ᠲᠦᠰᠦᠯ︾ ᠢ ᠲᠠᠷᠤᠮᠠᠯᠯᠠᠨ ᠶᠠᠪᠤᠭᠤᠯᠵᠦ᠂ ᠦᠨᠳᠦᠰᠦᠳᠡᠨ ᠤ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠨᠤᠭᠤᠳ ᠨᠢ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠂ ᠡᠩ ᠤᠨ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠬᠢᠨ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠴᠦᠮ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ 2025 ᠣᠨ ᠪᠤᠯᠬᠤ ᠳᠤ ᠪᠦᠬᠦ ᠤᠯᠤᠰ ᠤᠨ ᠲᠤᠮᠳᠠᠳᠦ ᠪᠠᠭ᠎ᠠ ᠰᠤᠷᠭᠠᠭᠤᠯᠢ ᠪᠦᠬᠦᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦᠯᠬᠦ ᠠᠵᠢᠯ ᠢᠶᠠᠨ ᠪᠡᠶᠡᠯᠡᠬᠦᠯᠬᠦ ᠬᠡᠷᠡᠭᠳᠡᠢ ᠬᠡᠵᠦ ᠲᠤᠷᠠᠳᠪᠠ᠃ 2019 ᠣᠨ ᠳᠤ᠂ ᠮᠠᠨ ᠤ ᠤᠷᠤᠨ ᠤ ᠡᠩ ᠤᠨ ᠲᠤᠮᠳᠠᠳᠦ ᠪᠠᠭ᠎ᠠ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢᠶᠠᠨ ᠪᠡᠶᠡᠯᠡᠬᠦᠯᠪᠡ᠃ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠨᠢᠭᠡᠨᠳᠡ ︽ᠬᠡᠯᠡ ᠪᠢᠴᠢᠭ︾ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号