ᠡᠨᠡ 100 ᠠᠵᠢᠯ ᠲᠦᠷᠦᠯ ᠳᠤ ᠬᠦᠮᠦᠨ ᠬᠠᠮᠤᠭ ᠠᠴᠠ ᠳᠤᠲᠠᠭᠳᠠᠵᠤ ᠪᠠᠶᠢᠨ᠎ᠠ︕
ᠨᠡᠶᠢᠲᠡᠯᠡᠭᠰᠡᠨ ᠴᠠᠭ᠄
2021/2/24
        ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 26 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠢᠶᠠᠩ ᠯᠢᠨ︶      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 26 ᠤ ᠡᠳᠦᠷ ᠪᠥᠬᠦ ᠤᠯᠤᠰ ᠲᠤ  ᠬᠦᠮᠦᠨ ᠬᠠᠮᠤᠭ ᠤᠨ ᠳᠤᠲᠠᠭᠳᠠᠵᠤ ᠪᠠᠶᠢᠭ᠎ᠠ 100 ᠠᠵᠢᠯ ᠲᠦᠷᠦᠯ ᠤᠨ ᠰᠢᠨ᠎ᠡ ᠨᠢᠭᠡ ᠬᠤᠭᠤᠴᠠᠭᠠᠨ ᠤ ᠵᠢᠭᠰᠠᠭᠠᠯᠲᠠ ᠶᠢ ᠨᠡᠶᠢᠲᠡᠯᠡᠪᠡ᠃ ᠪᠣᠷᠣᠯᠠᠭᠤᠯᠤᠭᠴᠢ᠂ ᠴᠡᠪᠡᠷᠯᠡᠭᠴᠢ᠂ ᠠᠮᠤᠷ ᠢ ᠬᠠᠮᠠᠭᠠᠯᠠᠭᠴᠢ᠂ ᠲᠠᠸᠠᠷ ᠤᠨ ᠡᠵᠡᠩᠨᠡᠭᠴᠢ᠂ ᠬᠤᠭᠤᠯᠠᠨ ᠬᠡᠷ ᠤᠨ ᠦᠢᠯᠡᠴᠢᠯᠡᠭᠴᠢ᠂ ᠬᠡᠷ ᠤᠨ ᠶᠠᠪᠤᠳᠠᠯ ᠤᠨ ᠦᠢᠯᠡᠴᠢᠯᠡᠭᠴᠢ᠂ ᠵᠣᠴᠢᠳ ᠲᠤ ᠦᠢᠯᠡᠴᠢᠯᠡᠭᠴᠢ᠂ ᠲᠡᠷᠭᠡᠨ ᠤ ᠠᠵᠢᠯᠴᠢᠨ᠂ ᠬᠡᠷ  ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ᠂ ᠭᠠᠩᠨᠠᠭᠤᠷᠴᠢᠨ ᠵᠡᠷᠭᠡ ᠨᠢ  ︽ᠠᠵᠢᠯᠴᠢᠨ ᠬᠠᠮᠤᠭ ᠠᠴᠠ ᠢᠯᠡᠭᠦᠤ ᠳᠤᠲᠠᠭᠳᠠᠬᠤ︾  ᠠᠵᠢᠯ ᠲᠦᠷᠦᠯ ᠤᠨ ᠡᠮᠦᠨ᠎ᠡ 10 ᠨᠡᠷᠡᠰ ᠲᠤ ᠪᠠᠶᠢᠷᠢᠯᠠᠵᠤ ᠪᠣᠶ᠃ 100 ᠠᠵᠢᠯ ᠲᠦᠷᠦᠯ ᠠᠴᠠ ᠦᠵᠡᠪᠡᠯ᠂ ᠲᠣᠰ ᠬᠤᠭᠤᠴᠠᠭᠠᠨ ᠤ ᠬᠥᠮᠦᠨ ᠳᠤᠲᠠᠭᠳᠠᠵᠤ ᠪᠠᠶᠢᠭ᠎ᠠ ᠲᠤᠭ᠎ᠠ ᠬᠡᠮᠵᠢᠶ᠎ᠡ ᠪᠠ ᠬᠥᠮᠦᠨ ᠡᠷᠢᠬᠦ ᠳᠠᠬᠢᠨ ᠨᠣᠷᠮ᠎ᠠ ᠨᠢ ᠴᠥᠮ ᠵᠢᠭᠰᠠᠭᠠᠭᠰᠠᠨ ᠠᠴᠠ  ᠨᠠᠰᠢᠬᠢ ᠬᠠᠮᠤᠭ ᠤᠨ ᠥᠨᠳᠥᠷ ᠬᠡᠮᠵᠢᠭᠳᠡᠯ ᠳᠤ ᠣᠷᠣᠰᠢᠵᠤ ᠪᠠᠶᠢᠨ᠎ᠠ᠃            ᠲᠣᠰ ᠬᠤᠭᠤᠴᠠᠭᠠᠨ ᠤ ᠵᠢᠭᠰᠠᠭᠠᠯᠲᠠ ᠠᠴᠠ ᠦᠵᠡᠪᠡᠯ᠂ ᠲᠦᠷᠭᠡᠨ ᠬᠦᠷᠭᠡᠭᠴᠢ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯᠲᠠᠨ᠂ ᠪᠣᠭᠤᠳᠠᠯᠯᠠᠬᠤ ᠠᠵᠢᠯᠴᠢᠨ᠂ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠮᠡᠷᠭᠡᠵᠢᠯ ᠤᠨ ᠠᠵᠢᠯᠲᠠᠨ᠂ ᠵᠣᠭᠤᠰ ᠬᠤᠷᠢᠶᠠᠭᠴᠢ᠂ ᠮᠠᠰᠢᠨ ᠲᠥᠬᠦᠭᠡᠷᠦᠮᠵᠢ ᠤᠭᠰᠠᠷᠠᠬᠤ  ᠠᠵᠢᠯᠲᠠᠨ᠂  ᠮᠠᠰᠢᠨ  ᠦᠢᠯᠡᠳᠬᠦ  ᠠᠵᠢᠯᠲᠠᠨ᠂  ᠴᠠᠬᠢᠯᠭᠠᠨ ᠤ ᠠᠵᠢᠯᠴᠢᠨ᠂ ᠳᠠᠭᠠᠳᠬᠠᠯ ᠤᠨ ᠣᠷᠣᠯᠠᠭᠴᠢ ᠵᠡᠷᠭᠡ ᠤᠨ ᠲᠤᠲᠠᠭᠳᠠᠵᠤ ᠪᠠᠶᠢᠭ᠎ᠠ ᠬᠡᠮᠵᠢᠶ᠎ᠡ ᠨᠢ  ᠴᠦ ᠡᠮᠦᠨ᠎ᠡ ᠡᠩᠨᠡᠭᠡᠨ ᠳᠤ ᠵᠢᠭᠰᠠᠭᠠᠭᠳᠠᠵᠤ ᠪᠠᠶᠢᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ ᠯᠦ ᠠᠶ ᠬᠤᠩ ᠵᠠᠳᠠᠯᠬᠤ ᠳᠠᠭᠠᠨ᠂ ᠦᠢᠯᠡᠳᠬᠦ ᠦᠢᠯᠡᠰ ᠤᠨ  ᠴᠢᠳᠠᠪᠤᠷᠢᠲᠠᠨ ᠤ ᠬᠡᠷᠡᠭᠴᠡᠭᠡ ᠦᠷᠭᠦᠯᠵᠢᠯᠡᠨ ᠬᠥᠭᠵᠢᠩᠭᠦᠶ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠰᠢᠨ᠎ᠡ ᠪᠠᠷ ᠵᠢᠭᠰᠠᠭᠠᠭᠰᠠᠨ 25 ᠠᠵᠢᠯ ᠲᠥᠷᠥᠯ ᠤᠨ ᠳᠣᠲᠣᠷ᠎ᠠ᠂ 15 ᠨᠢ  ᠦᠢᠯᠡᠳᠬᠦ ᠦᠢᠯᠡᠰ ᠲᠠᠢ ᠰᠢᠭᠤᠳ ᠬᠤᠯᠪᠣᠭ᠎ᠠ ᠲᠠᠢ᠂ ᠡᠭᠦᠨ ᠳᠤ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠤᠨ ᠮᠡᠷᠭᠡᠵᠢᠯᠲᠡᠨ᠂ ᠮᠠᠰᠢᠨ ᠲᠡᠷᠭᠡᠨ ᠤ ᠢᠨᠵᠧᠨᠧᠷᠢᠩ ᠤᠨ ᠮᠡᠷᠭᠡᠵᠢᠯᠲᠡᠨ᠂ ᠴᠢᠳᠬᠤᠬᠤ ᠠᠵᠢᠯᠴᠢᠨ᠂ ᠲᠡᠮᠦᠷᠯᠢᠭ ᠤᠨ ᠢᠯᠴᠢ ᠰᠢᠢᠳᠪᠦᠷᠢᠯᠡᠬᠦ ᠠᠵᠢᠯᠴᠢᠨ ᠵᠡᠷᠭᠡ ᠪᠠᠭᠲᠠᠨ᠎ᠠ᠃ ᠳᠤᠲᠠᠭᠳᠠᠵᠤ ᠪᠠᠶᠢᠭ᠎ᠠ ᠬᠡᠮᠵᠢᠶ᠎ᠡ ᠨᠢ ᠨᠡᠮᠡᠭᠳᠡᠭᠰᠡᠨ 34 ᠠᠵᠢᠯ ᠲᠥᠷᠥᠯ ᠤᠨ ᠳᠣᠲᠣᠷ᠎ᠠ᠂ 16 ᠠᠵᠢᠯ ᠮᠡᠷᠭᠡᠵᠢᠯ ᠨᠢ ᠦᠢᠯᠡᠳᠬᠦ ᠦᠢᠯᠡᠰ ᠲᠠᠢ ᠰᠢᠭᠤᠳ ᠬᠤᠯᠪᠣᠭ᠎ᠠ ᠲᠠᠢ ᠪᠠᠶᠢᠳᠠᠭ᠂ ᠵᠢᠱᠢᠶᠡᠯᠡᠪᠡᠯ ᠪᠣᠯᠣᠳ ᠰᠢᠷᠪᠥᠰᠥᠨ ᠤ ᠠᠵᠢᠯᠴᠢᠨ᠂ ᠮᠠᠰᠢᠨ ᠵᠠᠰᠠᠬᠤ ᠥᠷᠥᠯᠪᠢ ᠶᠢᠨ ᠠᠵᠢᠯᠴᠢᠨ᠂ ᠨᠡᠬᠡᠮᠡᠯ ᠪᠤᠳᠤᠬᠤ ᠠᠵᠢᠯᠴᠢᠨ ᠵᠡᠷᠭᠡ ᠪᠣᠯᠤᠨ᠎ᠠ᠃              ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠪᠠᠶᠢᠩᠭᠤᠵᠢᠭᠤᠯᠤᠭᠰᠠᠨ ᠨᠥᠬᠦᠴᠡᠯ ᠳᠣᠣᠷ᠎ᠠ᠂ ᠨᠡᠶᠢᠭᠡᠮ ‍ᠤᠨ‌ᠬᠠᠮᠢᠶᠠᠷᠤᠯᠲᠠ ᠪᠣᠯᠤᠨ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢᠲᠠᠨ ᠤ ᠬᠡᠷᠡᠭᠴᠡᠭᠡ ᠴᠦ ᠨᠡᠮᠡᠭᠳᠡᠵᠦ ᠪᠠᠶᠢᠨ᠎ᠠ᠃ ᠠᠮᠤᠷ ᠢ ᠬᠠᠮᠠᠭᠠᠯᠠᠬᠤ ᠬᠠᠮᠢᠶᠠᠷᠤᠭᠴᠢ᠂ ᠠᠮᠤᠷ ᠢ ᠬᠠᠮᠠᠭᠠᠯᠠᠭᠴᠢ᠂ ᠨᠡᠶᠢᠭᠡᠮ ᠲᠣᠭᠤᠷᠢᠭ ᠤᠨ ᠠᠵᠢᠯᠲᠠᠨ᠂  ᠠᠰᠠᠷᠠᠭᠴᠢ᠂  ᠨᠠᠰᠤᠲᠠᠨ ᠠᠰᠠᠷᠠᠭᠴᠢ᠂ ᠳᠤᠮᠳᠠᠳᠤ ᠰᠤᠷᠭᠠᠭᠤᠯᠢ ᠶᠢᠨ ᠪᠠᠭᠰᠢ ᠵᠡᠷᠭᠡ ᠠᠵᠢᠯ ᠲᠦᠷᠦᠯ ᠤᠨ ᠵᠢᠭᠰᠠᠭᠠᠯᠲᠠ ᠳᠠᠬᠢ ᠪᠠᠶᠢᠷᠢ ᠳᠡᠭᠡᠭᠰᠢᠯᠡᠪᠡ᠃ ᠨᠢᠯᠬ᠎ᠠ ᠬᠡᠤᠬᠡᠳ ᠤᠨ ᠬᠥᠭᠵᠢᠯᠲᠡ ᠶᠢ ᠬᠥᠲᠥᠯᠥᠨ ᠵᠢᠯᠣᠭᠤᠳᠣᠭᠴᠢ᠂ ᠥᠨᠥᠴᠢᠨ ᠵᠡᠮᠳᠡᠭ ᠬᠡᠤᠬᠡᠳ ᠤᠨ ᠠᠰᠠᠷᠠᠭᠴᠢ ᠠᠩᠬ᠎ᠠ ᠤᠳᠠᠭ᠎ᠠ ᠵᠢᠭᠰᠠᠭᠠᠯᠲᠠ ᠳᠤ ᠣᠷᠣᠪᠠ᠃ ᠨᠠᠷᠢᠨ ᠵᠢᠭᠰᠠᠭᠠᠯᠲᠠ ᠶᠢ ᠬᠥᠮᠦᠨ ᠤ ᠬᠦᠴᠦᠨ ᠤ ᠡᠬᠢ  ᠪᠠᠶᠠᠯᠢᠭ  ᠪᠠ  ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠰᠦᠯᠵᠢᠶ᠎ᠡ ᠠᠴᠠ ᠯᠠᠪᠯᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号