ᠨᠤᠲᠤᠭ ᠪᠡᠯᠴᠢᠭᠡᠷ ᠤᠢ ᠰᠢᠭᠤᠢ ᠶᠢ ᠡᠪᠳᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠶᠠᠪᠦᠴᠠ ᠳᠤ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠤᠷᠢᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/2/24
    ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2021 ᠣᠨ ᠳᠤ ᠪᠥᠬᠦ ᠠᠶᠢᠮᠠᠭ ᠤᠨ ᠬᠡᠪᠴᠢᠶᠡᠨ ᠳᠤ ᠨᠤᠲᠤᠭ ᠪᠡᠯᠴᠢᠭᠡᠷ ᠤᠢ ᠰᠢᠭᠤᠢ ᠶᠢ ᠡᠪᠳᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡ ᠵᠢᠯ ᠤᠨ ᠬᠤᠭᠤᠴᠠᠭ᠎ᠠ ᠲᠠᠢ ᠦᠷᠨᠢᠭᠦᠯᠵᠤ᠂ ᠨᠡᠶᠢᠭᠡᠮ ᠤᠨ ᠡᠯ᠎ᠡ ᠡᠲᠡᠭᠡᠳ᠂ ᠥᠷᠭᠡᠨ ᠤᠯᠠᠨ ᠠᠷᠠᠳ ᠲᠦᠮᠡᠨ ᠤ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠢᠯᠡᠴᠢᠯᠡᠨ ᠮᠡᠳᠡᠭᠦᠯᠬᠦ ᠬᠦᠷᠢᠶ᠎ᠡ ᠬᠡᠪᠴᠢᠶ᠎ᠡ      2010 ᠣᠨ ᠠᠴᠠ ᠨᠠᠭᠠᠰᠢᠬᠢ ᠨᠤᠲᠤᠭ ᠪᠡᠯᠴᠢᠭᠡᠷ ᠤᠢ ᠰᠢᠭᠤᠢ ᠶᠢ ᠲᠦᠷᠢᠮ ᠲᠣᠭᠲᠠᠭᠠᠯ ᠠᠴᠠ ᠵᠦᠷᠢᠴᠠᠵᠤ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠨᠤᠲᠤᠭ ᠪᠡᠯᠴᠢᠭᠡᠷ ᠤᠢ ᠰᠢᠭᠤᠢ ᠶᠢ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠤᠢ ᠰᠢᠭᠤᠢ ᠶᠢ ᠳᠤᠷ᠎ᠠ ᠪᠠᠷ ᠢᠶᠠᠨ ᠪᠣᠬᠢᠷᠲᠤᠭᠤᠯᠤᠭᠰᠠᠨ ᠪᠠ ᠳᠤᠷ᠎ᠠ ᠪᠠᠷ ᠢᠶᠠᠨ ᠪᠤᠯᠠᠵᠤ ᠪᠣᠬᠢᠷᠲᠤᠭᠤᠯᠤᠭᠰᠠᠨ ᠬᠡᠷᠡᠭ ᠢ ᠪᠠᠶᠢᠴᠠᠭᠠᠨ ᠰᠢᠢᠳᠪᠤᠷᠢᠯᠡᠭᠰᠠᠨ ᠨᠢ ᠭᠦᠢᠴᠠᠳ ᠪᠤᠰᠤ ᠠᠰᠠᠭᠤᠳᠠᠯ ᠢ ᠰᠢᠢᠳᠪᠤᠷᠢᠯᠠᠨ᠎ᠠ᠃      ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ      ᠵᠠᠬᠢᠳᠠᠯ ᠰᠤᠷᠪᠤᠯᠵᠢᠯᠠᠭ᠎ᠠ ᠶᠢᠨ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︵ᠰᠢᠯᠢ ᠶᠢᠨ ᠬᠤᠲᠠ ᠶᠢᠨ ᠰᠢᠨ᠎ᠡ ᠲᠣᠭᠤᠷᠢᠭ ᠲᠠᠬᠢ ᠠᠶᠢᠮᠠᠭ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠲᠣᠮᠣ ᠠᠰᠠᠷ ᠤᠨ 9 ᠳ᠋ᠦᠭᠡᠷ ᠳᠠᠪᠬᠤᠷᠭ᠎ᠠ︶      ᠰᠢᠦᠳᠠᠨ ᠨᠤᠮᠧᠷ᠄ 026000      ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠤᠨ ᠬᠠᠶ᠋ᠢᠭ᠄ ᠰᠢᠯᠢ ᠶᠢᠨ ᠬᠤᠲᠠ ᠳᠠᠬᠢ ᠵᠠᠮ  ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠲᠤᠮᠤ ᠠᠰᠠᠷ ᠤᠨ ᠡᠭᠦᠳᠡᠨ ᠡᠮᠤᠨ᠎ᠠ      ᠢᠯᠡᠴᠢᠯᠡᠨ ᠮᠡᠳᠡᠭᠦᠯᠬᠦ ᠤᠲᠠᠰᠤ᠄ 0479 — 8222309      ᠭᠤᠷᠪᠠ᠂ ᠬᠦᠯᠢᠶᠡᠨ ᠠᠪᠬᠤ ᠴᠠᠭ      ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠪᠤᠯᠲᠠᠯ᠎ᠠ᠂ ᠦᠳᠡ ᠶᠢᠨ ᠡᠮᠦᠨ᠎ᠡ᠄ 8᠄ 30 — 12᠄ 00᠂ ᠦᠳᠡ ᠶᠢᠨ ᠬᠤᠶᠢᠨ᠎ᠠ᠄ 14᠄ 30 — 17᠄ 00᠃            ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠬᠠᠤᠯᠢ ᠪᠠᠷ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃      ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠢ ᠰᠢᠭᠤᠢ ᠶᠢ ᠡᠪᠳᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ                        2021 ᠣᠨ ᠤ 2  ᠰᠠᠷ᠎ᠠ ᠶᠢᠨ 22 ᠤᠨ ᠡᠳᠦᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号