ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠶᠢᠨ 2021 ᠣᠨ ᠤ ᠠᠯᠪᠠᠲᠠᠨ ᠰᠢᠯᠭᠠᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2021/2/24
    ᠠᠵᠢᠯ ᠤᠨ ᠬᠡᠷᠡᠭᠴᠡᠭᠡ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠶᠢᠨ 2021 ᠣᠨ ᠤ ᠠᠯᠪᠠᠲᠠᠨ ᠰᠢᠯᠭᠠᠨ ᠡᠯᠰᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠪᠠ᠃ ᠠᠵᠢᠯᠲᠠᠨ ᠡᠯᠰᠡᠬᠦ ᠰᠢᠯᠭᠠᠯᠲᠠ ᠶᠢᠨ ᠲᠣᠪᠴᠢ ᠲᠦᠷᠢᠮ ᠪᠠ ᠠᠵᠢᠯ ᠤᠨ ᠪᠠᠶᠢᠷᠢ ᠶᠢᠨ ᠨᠠᠷᠢᠨ ᠪᠠᠶᠢᠳᠠᠯ ᠢ ᠣᠶᠢᠷ᠎ᠠ ᠳᠤ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.impta.com︶ ᠳᠡᠭᠡᠷ᠎ᠡ ᠨᠡᠶᠢᠲᠡᠯᠡᠬᠦ ᠪᠠᠷ ᠪᠠᠶᠢᠨ᠎ᠠ᠃ ᠨᠡᠷ᠎ᠡ ᠮᠡᠳᠡᠭᠦᠯᠦᠭᠴᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠠᠩᠬᠠᠷᠴᠤ᠂ ᠲᠣᠰ ᠰᠦᠯᠵᠢᠶᠡᠨ ᠳᠤ ᠭᠠᠷᠴᠤ ᠨᠡᠷ᠎ᠡ ᠮᠡᠳᠡᠭᠦᠯᠦᠭᠡᠷᠡᠶ᠃ ᠨᠡᠷ᠎ᠡ ᠮᠡᠳᠡᠭᠦᠯᠬᠦ ᠴᠠᠭ ᠢ 3 ᠰᠠᠷ᠎ᠠ ᠶᠢᠨ 2 ᠤᠨ ᠡᠳᠦᠷ ᠤᠨ 9᠄ 00 ᠴᠠᠭ ᠠᠴᠠ 3 ᠰᠠᠷ᠎ᠠ ᠶᠢᠨ 8 ᠤ ᠡᠳᠦᠷ ᠤᠨ 17᠄ 00 ᠴᠠᠭ ᠭᠡᠵᠦ ᠠᠩᠬ᠎ᠠ ᠠᠯᠬᠤᠮ ᠲᠣᠭᠲᠠᠭᠠᠪᠠ᠃ ᠪᠢᠷ ᠤᠨ ᠰᠢᠯᠭᠠᠯᠲᠠ ᠶᠢᠨ ᠴᠠᠭ ᠢ 3 ᠰᠠᠷ᠎ᠠ ᠶᠢᠨ 27 ᠤ ᠡᠳᠦᠷ ᠭᠡᠵᠦ ᠠᠩᠬ᠎ᠠ ᠠᠯᠬᠤᠮ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号