ᠤᠰᠤ ᠠᠷᠪᠢᠯᠠᠬᠤ ᠭᠤᠣᠯ ᠬᠠᠷᠠᠯᠲᠠ
ᠨᠡᠶᠢᠲᠡᠯᠡᠭᠰᠡᠨ ᠴᠠᠭ᠄
2021/2/8
      ● 2021 ᠳᠤ ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 25% ᠪᠠ 20% ᠪᠠᠷ ᠪᠠᠭᠤᠷᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠤᠰᠤ ᠶᠢ ᠲᠠᠬᠢᠨ ᠠᠰᠢᠬᠯᠠᠬᠤ ᠨᠤᠷᠮ᠎ᠠ ᠶᠢ 91% ᠠᠴᠠ ᠳᠡᠭᠡᠭᠰᠢ ᠪᠤᠯᠭᠠᠨ᠎ᠠ᠃ ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.55 ᠳᠤ ᠬᠦᠷᠭᠡᠨ᠎ᠠ᠃ ᠪᠦᠬᠦ ᠤᠷᠤᠨ ᠤ ᠤᠯᠠᠨ ᠨᠡᠶᠢᠲᠠ ᠶᠢᠨ ᠤᠰᠤ ᠬᠠᠩᠭᠠᠬᠤ ᠬᠤᠭᠤᠯᠠᠢ ᠶᠢᠨ ᠨᠡᠪᠴᠢᠬᠦ ᠪᠠ ᠰᠦᠢᠳᠬᠦ ᠨᠤᠷᠮ᠎ᠠ ᠶᠢ 10% ᠶᠢᠨ ᠳᠤᠲᠤᠷ᠎ᠠ ᠬᠢᠵᠠᠭᠠᠷᠯᠠᠨ᠎ᠠ᠃      ● 2022 ᠤᠨ ᠪᠤᠯᠲᠠᠯ᠎ᠠ ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠲᠦᠮᠡᠨ ᠲᠦᠭᠦᠷᠢᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 32% ᠪᠠ 28% ᠪᠠᠷ ᠪᠠᠭᠤᠷᠠᠭᠤᠯᠤᠨ᠎ᠠ᠃ ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.56 ᠠᠴᠠ ᠳᠡᠭᠡᠭᠰᠢ ᠪᠤᠯᠭᠠᠨ᠎ᠠ᠃ ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 211.57 ᠳ᠋ᠥᠩᠰᠢᠭᠤᠷ ᠪᠤᠰᠤᠭ᠎ᠠ ᠲᠦᠷᠪᠡᠯᠵᠢᠨ ᠮᠧᠳ᠋ᠷ ᠤᠨ ᠳᠤᠲᠤᠷ᠎ᠠ ᠬᠢᠵᠠᠭᠠᠷᠯᠠᠨ᠎ᠠ᠃      ● 2035 ᠤᠨ ᠪᠤᠯᠲᠠᠯ᠎ᠠ ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 236.25 ᠳ᠋ᠥᠩᠰᠢᠭᠤᠷ ᠪᠤᠰᠤᠭ᠎ᠠ ᠲᠦᠷᠪᠡᠯᠵᠢᠨ ᠮᠧᠳ᠋ᠷ ᠤᠨ ᠳᠤᠲᠤᠷ᠎ᠠ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠳᠠᠬᠢᠨ ᠠᠰᠢᠬᠯᠠᠯᠲᠠ ᠶᠢ ᠤᠯᠤᠰ ᠤᠨ ᠳᠤᠲᠤᠭᠠᠲᠤ ᠶᠢᠨ ᠲᠡᠷᠢᠬᠦᠨ ᠤ ᠲᠦᠪᠰᠢᠨ ᠳᠤ ᠬᠦᠷᠭᠡᠵᠦ᠂ ᠤᠰᠤᠨ ᠤ ᠡᠬᠢ ᠪᠠᠶᠠᠯᠢᠭ ᠤᠨ ᠠᠰᠢᠬᠯᠠᠯᠲᠠ ᠪᠠ ᠬᠦᠭᠵᠢᠯᠲᠠ ᠶᠢᠨ ᠬᠡᠪᠴᠢᠶᠠᠵᠢᠯ᠂ ᠠᠵᠦ ᠦᠢᠯᠡᠰ ᠤᠨ ᠪᠦᠲᠦᠴᠡ ᠪᠤᠯᠤᠨ ᠤᠷᠤᠨ ᠪᠦᠰᠡ ᠶᠢᠨ ᠲᠦᠯᠦᠪᠵᠢᠬᠦᠯᠬᠡ ᠵᠡᠷᠭᠡ ᠵᠤᠬᠢᠴᠠᠩᠭᠤᠢ ᠬᠦᠭᠵᠢᠭᠰᠡᠨ ᠤᠳᠤᠬᠢᠴᠢᠯᠠᠭᠰᠠᠨ ᠰᠢᠨ᠎ᠠ ᠲᠤᠭᠲᠠᠴᠠ ᠶᠢ ᠪᠦᠷᠢᠯᠳᠦᠬᠦᠯᠦᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号