ᠤᠢᠢᠷ᠎ᠠ ᠳᠤ ᠠᠩᠭ᠍ᠯᠢ ᠶᠢᠨ ᠸᠧᠼᠮᠢᠨᠰᠲ᠋ᠧᠷ ᠶᠡᠭᠡ ᠰᠤᠷᠭᠠᠭᠤᠯᠢ ᠶᠢᠨ ᠬᠦᠮᠦᠨ ᠳᠦᠷᠦᠯᠬᠢᠳᠡᠨ ᠪᠠ ᠡᠷᠡᠭᠦᠯ | ᠡᠩᠬᠡ ᠶᠢᠨ ᠰᠢᠨᠵᠢᠯᠡᠬᠦ ᠤᠬᠠᠭᠠᠨ ᠤ ᠰᠠᠯᠪᠤᠷᠢ ᠶᠢᠨ ᠰᠤᠳᠤᠯᠭᠠᠳᠠᠳ᠂ ᠰᠢᠨᠵᠢᠯᠡᠬᠦ ᠤᠬᠠᠭᠠᠨᠴᠢ ᠮᠠᠷᠢᠶ᠎ᠠ | ᠰᠢᠭᠤᠷᠠᠭᠤᠯᠬᠤ ᠠᠷᠭ᠎ᠠ ᠨᠢ 1/3 ᠶᠢᠨ ᠬᠦᠮᠦᠨ ᠢ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠴᠠ | ᠵᠠᠶᠢᠯᠠᠭᠤᠯᠤᠨ᠎ᠠ ᠭᠡᠳᠡᠭ ᠢ ᠰᠤᠳᠤᠯᠭᠠᠨ ᠢᠶᠠᠷ ᠳ᠋ᠦᠩᠨᠡᠵᠦ ᠭᠠᠷᠭᠠᠭᠰᠠᠨ ᠪᠠᠶᠢᠨ᠎ᠠ᠃ | ᠬᠠᠮᠢᠶ᠎ᠠ ᠪᠦᠬᠦᠢ ᠰᠤᠳᠤᠯᠭᠠᠨ ᠤ ᠦᠷ᠎ᠡ ᠪᠦᠲᠦᠭᠡᠯ ᠢᠶᠠᠨ ︽ᠠᠩᠭ᠍ᠯᠢ ᠶᠢᠨ ᠠᠨᠠᠭᠠᠬᠤ ᠤᠬᠠᠭᠠᠨ ᠤ ᠰᠡᠳᠭᠦᠯ | — ᠰᠢᠬᠢᠷ ᠰᠢᠵᠢᠩ ᠡᠪᠡᠳᠴᠢᠨ ᠤ ᠰᠤᠳᠤᠯᠭᠠᠨ ᠪᠠ ᠰᠤᠪᠢᠯᠠᠭ᠎ᠠ︾ ᠰᠡᠳᠭᠦᠯ ᠳᠡᠭᠡᠷ᠎ᠡ ᠨᠡᠶᠢᠳᠡᠯᠡᠭᠰᠡᠨ ᠪᠠᠶᠢᠨ᠎ᠠ᠃ | ᠰᠤᠳᠤᠯᠭᠠᠳᠠᠳ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠠᠢ 166 ᠬᠦᠮᠦᠨ ᠢ | ᠰᠤᠩᠭᠤᠵᠠᠢ᠂ ᠡᠳᠡᠭᠡᠷ ᠨᠢ ᠰᠢᠬᠢᠷ ᠰᠢᠵᠢᠩ ᠡᠪᠡᠳᠴᠢᠨ ᠤᠯᠤᠭᠠᠳ ᠤᠳᠠᠭᠠᠳᠤᠢ ᠪᠠ ᠰᠢᠬᠢᠷ ᠰᠢᠵᠢᠩ ᠡᠪᠡᠳᠴᠢᠨ | ᠠᠷᠠᠢ ᠪᠤᠯᠤᠭ᠎ᠠ ᠦᠭᠡᠢ ᠴᠢᠰᠦᠨ ᠤ ᠰᠢᠬᠢᠷ ᠨᠢ ᠨᠢᠭᠡᠨᠳᠡ ᠳᠤᠩ ᠦᠨᠳᠦᠷ ᠪᠤᠯᠤᠭᠰᠠᠨ᠂ ᠪᠡᠶ᠎ᠡ ᠶᠢᠨ ᠦᠨᠳᠦᠷ ᠪᠠ | ᠬᠦᠨᠳᠦ ᠶᠢᠨ ᠵᠢᠭᠠᠯᠳᠠ ᠳᠤᠭ᠎ᠠ ︵BMI︶ ᠨᠢ 30 ᠠᠴᠠ ᠳᠠᠪᠠᠭᠰᠠᠨ ᠬᠦᠮᠦᠰ ᠪᠠᠶᠢᠵᠠᠢ᠃ ᠰᠤᠳᠤᠯᠭᠠᠳᠠᠳ | ᠡᠳᠡᠭᠡᠷ ᠬᠦᠮᠦᠰ ᠢ 12 ᠰᠠᠷ᠎ᠠ ᠶᠢᠨ ᠬᠤᠭᠤᠴᠠᠭ᠎ᠠ ᠲᠠᠢ ᠰᠢᠨᠵᠢᠯᠡᠬᠦ ᠤᠬᠠᠭᠠᠨᠴᠢ ᠪᠡᠶ᠎ᠡ ᠶᠢᠨ ᠬᠦᠨᠳᠦ ᠶᠢᠨ | ᠬᠠᠮᠢᠶᠠᠷᠤᠯᠳᠠ ᠶᠢᠨ ᠳᠦᠯᠦᠪᠯᠡᠭᠡ ᠳᠤ ᠤᠷᠤᠭᠤᠯᠵᠠᠢ᠃ ᠳᠤᠰ ᠳᠦᠯᠦᠪᠯᠡᠭᠡ ᠨᠢ ᠢᠳᠡᠭᠡᠨ ᠤᠮᠳᠠᠭᠠᠨ ᠤ ᠴᠢᠨᠠᠷ ᠢ | ᠴᠢᠬᠤᠯᠠᠴᠢᠯᠠᠬᠤ᠂ ᠢᠳᠡᠭᠡᠨ ᠤᠮᠳᠠᠭᠠᠨ ᠤ ᠬᠡᠮᠵᠢᠶ᠎ᠠ ᠶᠢ ᠪᠠᠭᠠᠰᠬᠠᠬᠤ᠂ ᠴᠢᠳᠠᠯ ᠳᠡᠩᠭᠡᠭᠡ ᠶᠢ ᠨᠡᠮᠡᠭᠳᠡᠭᠦᠯᠬᠦ | ᠬᠦᠳᠡᠯᠭᠡᠭᠡᠨ ᠢ ᠨᠡᠮᠡᠭᠳᠡᠭᠦᠯᠬᠦ ᠪᠠ ᠡᠪᠡᠳᠴᠢᠨ ᠢ ᠢᠯᠠᠨ ᠳᠠᠪᠠᠭ᠋ᠤ ᠢᠳᠡᠭᠡᠯ ᠢ ᠴᠢᠩᠭᠠᠯᠠᠬᠤ ᠠᠷᠭ᠎ᠠ ᠠᠭᠤᠯᠭ᠎ᠠ ᠪᠠᠷ | ᠶᠠᠪᠤᠭᠳᠠᠵᠠᠢ᠃ ᠰᠤᠳᠤᠯᠭᠠᠳᠠᠳ ᠳᠦᠯᠦᠪᠯᠡᠭᠡ ᠶᠢ ᠭᠡᠷᠡᠭᠵᠢᠭᠦᠯᠦᠭᠡᠳ 6 ᠰᠠᠷ᠎ᠠ ᠪᠤᠯᠤᠭᠰᠠᠨ ᠦᠶ᠎ᠠ ᠪᠠ 12 ᠰᠠᠷ᠎ᠠ | ᠪᠤᠯᠤᠭᠰᠠᠨ ᠦᠶ᠎ᠠ ᠶᠢᠨ ᠤᠷᠤᠯᠴᠠᠭᠰᠠᠳ ᠤᠨ ᠴᠢᠰᠦ ᠶᠢ ᠰᠢᠯᠭᠠᠵᠤ᠂ ᠡᠷᠡᠭᠦᠯ ᠮᠡᠨᠳᠦ ᠶᠢᠨ ᠪᠠᠶᠢᠳᠠᠯ ᠳᠤᠨᠢ | ᠠᠵᠢᠬᠯᠠᠯᠳᠠ ᠬᠢᠵᠦ᠂ ᠪᠡᠶ᠎ᠡ ᠶᠢᠨ ᠬᠦᠨᠳᠦ ᠶᠢᠨ ᠬᠤᠪᠢᠷᠠᠯᠳᠠ ᠶᠢ ᠳᠡᠮᠳᠡᠭᠯᠡᠵᠦ ᠠᠪᠴᠤ ᠵᠠᠳᠠᠯᠤᠯᠳᠠ ᠬᠢᠵᠡᠢ᠃ | ᠳᠡᠭᠡᠭᠡᠳ᠂ ᠰᠢᠨᠵᠢᠯᠡᠬᠦ ᠤᠬᠠᠭᠠᠨᠴᠢ ᠪᠡᠶ᠎ᠡ ᠶᠢᠨ ᠬᠦᠨᠳᠦ ᠶᠢ ᠪᠠᠭᠤᠷᠠᠭᠤᠯᠬᠤ ᠠᠷᠭ᠎ᠠ ᠪᠠᠷᠢᠯ ᠨᠢ ᠰᠢᠬᠢᠷ ᠰᠢᠵᠢᠩ | ᠡᠪᠡᠳᠴᠢᠨ ᠳᠤ ᠨᠡᠷᠪᠡᠭᠳᠡᠬᠦ ᠠᠶᠤᠯ ᠲᠠᠢ ᠬᠦᠮᠦᠰ ᠤᠨ ᠰᠢᠬᠢᠷᠵᠢᠭᠰᠡᠨ ᠴᠢᠰᠦᠨ ᠤ ᠤᠯᠠᠭᠠᠨ ᠤᠭᠤᠷᠠᠭ ᠢ 2.8% | ᠪᠤᠯᠭᠠᠨ ᠪᠠᠭᠤᠷᠠᠭᠤᠯᠵᠤ᠂ ᠦᠨᠳᠦᠰᠦᠨ ᠳᠡᠭᠡᠨ ᠬᠡᠪ ᠤᠨ ᠪᠠᠶᠢᠳᠠᠯ ᠳᠤᠨᠢ ᠤᠷᠤᠭᠤᠯᠵᠠᠢ ᠭᠡᠰᠡᠨ ᠳ᠋ᠦᠩᠨᠡᠯᠳᠡ | ᠭᠠᠷᠭᠠᠭᠰᠠᠨ ᠪᠠᠶᠢᠨ᠎ᠠ᠃ 12 ᠰᠠᠷ᠎ᠠ ᠶᠢᠨ ᠳᠠᠷᠠᠭ᠎ᠠ᠂ ᠳᠦᠯᠦᠪᠯᠡᠭᠡ ᠳᠤ ᠤᠷᠤᠯᠴᠠᠭᠰᠠᠳ ᠤᠨ ᠪᠡᠶ᠎ᠡ ᠶᠢᠨ ᠬᠦᠨᠳᠦ | ᠳᠤᠮᠳᠠᠴᠢ ᠪᠠᠷ 10 ᠺᠢᠯᠦᠭᠷᠡᠮ ᠪᠠᠭᠤᠷᠠᠵᠤ᠂ ᠪᠡᠶ᠎ᠡ ᠶᠢᠨ ᠦᠨᠳᠦᠷ ᠪᠠ ᠬᠦᠨᠳᠦ ᠶᠢᠨ ᠵᠢᠭᠠᠯᠳᠠ ᠳᠤᠭ᠎ᠠ ᠨᠢ 3.2 | ᠴᠡᠭ ᠳᠤᠷᠤᠭᠰᠢᠯᠠᠵᠠᠢ᠃ 38% ᠤᠨ ᠤᠷᠤᠯᠴᠠᠭᠰᠠᠳ ᠤᠨ ᠴᠢᠰᠦᠨ ᠤ ᠰᠢᠬᠢᠷ ᠤᠨ ᠳᠦᠪᠰᠢᠨ ᠭᠡᠪ ᠤᠨ | ᠪᠠᠶᠢᠳᠠᠯ ᠳᠠᠭᠠᠨ ᠤᠷᠤᠵᠤ᠂ ᠵᠦᠪᠬᠡᠨ 5 ᠬᠦᠮᠦᠨ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ | ᠪᠠᠶᠢᠨ᠎ᠠ᠃ ᠡᠨᠡᠬᠦ ᠰᠤᠳᠤᠯᠭᠠᠨ ᠤ ᠦᠷ᠎ᠡ ᠳ᠋ᠦᠩ ᠨᠢ᠂ ᠰᠢᠨᠵᠢᠯᠡᠬᠦ ᠤᠬᠠᠭᠠᠨᠴᠢ ᠪᠡᠶ᠎ᠡ ᠶᠢᠨ ᠬᠦᠨᠳᠦ ᠶᠢ | ᠪᠠᠭᠤᠷᠠᠭᠤᠯᠬᠤ᠂ ᠳᠠᠷᠤᠢ ᠮᠠᠷᠢᠶ᠎ᠡ ᠰᠢᠭᠤᠷᠠᠭᠤᠯᠬᠤ ᠠᠷᠭ᠎ᠠ ᠳᠦᠯᠦᠪᠯᠡᠭᠡ ᠨᠢ 2 ᠬᠡᠯᠪᠡᠷᠢ ᠶᠢᠨ ᠰᠢᠬᠢᠷ ᠰᠢᠵᠢᠩ | ᠡᠪᠡᠳᠴᠢᠨ ᠤ ᠠᠶᠤᠯ ᠢ ᠶᠡᠬᠡᠪᠡᠷ ᠪᠠᠭᠠᠰᠬᠠᠵᠤ ᠪᠤᠯᠤᠨ᠎ᠠ ᠭᠡᠳᠡᠭ ᠢ ᠬᠠᠷᠠᠭᠤᠯᠵᠤ ᠪᠠᠶᠢᠨ᠎ᠠ᠃ ᠨᠢᠭᠡᠨᠳᠡ ᠰᠢᠬᠢᠷ ᠰᠢᠵᠢᠩ | ᠡᠪᠡᠳᠴᠢᠨ ᠳᠤ ᠨᠡᠷᠪᠡᠭᠳᠡᠬᠦ ᠠᠶᠤᠯ ᠲᠠᠢ ᠬᠦᠮᠦᠰ ᠤᠨ ᠡᠩᠨᠡᠭᠡᠨ ᠳᠤ ᠤᠷᠤᠭᠰᠠᠨ ᠬᠦᠮᠦᠰ ᠲᠤ ᠠᠪᠴᠤ ᠬᠡᠯᠡᠪᠡᠯ᠂ | ᠵᠦᠢ ᠵᠤᠬᠢᠰᠳᠠᠢ ᠪᠠᠷ ᠮᠠᠷᠢᠶ᠎ᠠ ᠪᠠᠨ ᠰᠢᠭᠤᠷᠠᠭᠤᠯᠬᠤ ᠪᠤᠯ ᠳᠤᠯᠤᠭᠠᠳ ᠢᠷᠡᠭᠰᠡᠨ ᠰᠢᠬᠢᠷ ᠰᠢᠵᠢᠩ ᠡᠪᠡᠳᠴᠢᠨ ᠤ | ᠠᠶᠤᠯ ᠢ ᠳᠠᠭᠤᠵᠤ ᠶᠠᠪᠤᠭᠤᠯᠬᠤ ᠰᠠᠶᠢᠨ ᠠᠷᠭ᠎ᠠ ᠪᠤᠯᠤᠨ᠎ᠠ᠃ | ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠠᠢ ᠬᠦᠮᠦᠰ | 1. ᠰᠢᠬᠢᠷ ᠰᠢᠵᠢᠩ ᠡᠪᠡᠳᠴᠢᠨ ᠤ ᠭᠡᠷ ᠪᠦᠯᠢ ᠶᠢᠨ ᠳᠡᠦᠬᠡ ᠲᠠᠢ ᠬᠦᠮᠦᠰ᠃ | 2. ᠵᠢᠷᠮᠦᠰᠦᠨ ᠬᠤᠭᠤᠴᠠᠭᠠᠨ ᠳᠠᠭᠠᠨ ᠴᠢᠰᠦᠨ ᠰᠢᠬᠢᠷ ᠦᠨᠳᠦᠷ ᠪᠠᠶᠢᠳᠠᠯ ᠲᠠᠢ ᠪᠠᠶᠢᠬᠰᠠᠨ ᠬᠦᠮᠦᠰ᠃ | 3. ᠳᠤᠮᠤ ᠬᠡᠦᠬᠡᠳ ︵ᠦᠵᠡᠭᠳᠡᠬᠦ ᠦᠶ᠎ᠡ ᠶᠢᠨ ᠪᠡᠶ᠎ᠡ ᠶᠢᠨ ᠬᠦᠨᠳᠦ ᠨᠢ 4 ᠺᠢᠯᠦᠭᠷᠡᠮ ᠠᠴᠠ ᠬᠦᠨᠳᠦ︶ | ᠳᠦᠷᠦᠵᠦ ᠦᠩᠭᠡᠷᠡᠭᠰᠡᠨ ᠬᠦᠮᠦᠰ᠃ | 4. ᠴᠢᠰᠦᠨ ᠳᠠᠷᠤᠯᠳᠠ ᠦᠨᠳᠦᠷ᠂ ᠴᠢᠰᠦ ᠦᠭᠡᠬᠦᠯᠡᠭᠰᠡᠨ᠂ ᠰᠢᠭᠡᠰᠦᠨ ᠬᠦᠴᠢᠯ ᠦᠨᠳᠦᠷ᠂ ᠨᠦᠢᠷ ᠤᠨ | ᠠᠷᠠᠯ ᠤᠨ ᠡᠳ᠋ ᠦᠨᠳᠦᠷ ᠴᠢᠰᠦᠨ ᠡᠪᠡᠳᠴᠢᠨ ᠪᠠ ᠴᠢᠰᠦ ᠦᠳᠭᠡᠷᠡᠭᠰᠡᠨ ᠡᠪᠡᠳᠴᠢᠳᠠᠨ᠃ | 5. ᠤᠷᠳᠤ ᠬᠤᠭᠤᠴᠠᠭ᠎ᠠ ᠪᠠᠷ ᠳᠠᠮᠠᠬᠢ ᠳᠠᠳᠠᠭᠰᠠᠨ ᠬᠦᠮᠦᠰ᠃ | 6. ᠠᠶᠤᠯ ᠶᠡᠬᠡᠳᠡᠢ ᠠᠵᠢᠯ ᠬᠢᠳᠡᠭ᠂ ᠰᠡᠳᠭᠢᠯ ᠤᠨ ᠳᠠᠷᠤᠭᠠᠰᠤ ᠶᠡᠬᠡᠳᠡᠢ ᠬᠦᠮᠦᠰ᠃ | 7. ᠤᠷᠳᠤ ᠬᠤᠭᠤᠴᠠᠭ᠎ᠠ ᠪᠠᠷ ᠢᠯᠴᠢᠯᠢᠭ ᠢᠳᠡᠭᠡᠨ ᠶᠡᠭᠡ ᠢᠳᠡᠳᠡᠭ᠂ ᠬᠦᠳᠡᠯᠭᠡᠭᠡᠨ ᠪᠠᠭ᠎ᠠ ᠲᠠᠢ ᠬᠦᠮᠦᠰ᠃ | | 8. ᠮᠠᠷᠢᠶ᠎ᠠ ᠲᠠᠢ᠂ ᠪᠡᠶ᠎ᠡ ᠶᠢᠨ ᠬᠦᠨᠳᠦ ᠨᠢ ᠭᠡᠳᠦᠷᠡᠭᠰᠡᠨ ᠬᠦᠮᠦᠰ᠂ ᠤᠨᠴᠠᠭᠠᠢᠢᠯᠠᠨ ᠭᠡᠳᠡᠰᠦ ᠪᠠᠷ ᠢᠶᠠᠨ | ᠳᠠᠷᠭᠤᠯᠠᠭᠰᠠᠨ ᠬᠦᠮᠦᠰ᠃ | 9. 40 ᠨᠠᠰᠤ ᠶᠢ ᠳᠠᠪᠠᠭᠰᠠᠳ᠂ ᠨᠠᠰᠤ ᠠᠬᠠᠰᠢᠷᠠᠬᠤ ᠶᠢ ᠳᠠᠭᠠᠯᠳᠤᠨ ᠰᠢᠬᠢᠷ ᠰᠢᠵᠢᠩ ᠡᠪᠡᠳᠴᠢᠨ ᠳᠤ | ᠨᠡᠷᠪᠡᠭᠳᠡᠬᠦ ᠠᠶᠤᠯ ᠤᠯᠠᠮ ᠶᠡᠬᠡᠰᠦᠨᠠ᠃ | 10. ᠤᠷᠳᠤ ᠬᠤᠭᠤᠴᠠᠭ᠎ᠠ ᠪᠠᠷ ᠰᠢᠬᠢᠷ ᠤᠨ ᠬᠤᠷᠮᠤᠨ᠂ ᠰᠢᠭᠡᠬᠦ ᠶᠢ ᠰᠠᠶᠢᠵᠢᠷᠠᠭᠤᠯᠬᠤ ᠵᠡᠷᠭᠡ ᠡᠮ | ᠭᠡᠷᠡᠭᠯᠡᠭᠰᠡᠨ ᠬᠦᠮᠦᠰ᠃ | 11. ᠠᠩᠬᠠᠨ ᠤ ᠱᠠᠳᠤᠨ ᠤ ᠰᠢᠬᠢᠷ ᠰᠢᠵᠢᠩ ᠡᠪᠡᠳᠴᠢᠨ ᠢᠶᠠᠷ ᠳᠤᠳᠤᠯᠠᠭᠤᠯᠤᠭᠰᠠᠳ 2 ᠬᠡᠯᠪᠡᠷᠢ ᠶᠢᠨ | ᠰᠢᠬᠢᠷ ᠰᠢᠵᠢᠩ ᠡᠪᠡᠳᠴᠢᠲᠡᠨ ᠪᠤᠯᠵᠤ ᠬᠤᠪᠢᠷᠠᠬᠤ ᠠᠶᠤᠯ ᠨᠢ ᠨᠡᠩ ᠶᠡᠭᠡ᠃ |