ᠰᠠᠮᠤᠷ ᠵᠢᠮᠢᠰ ᠢᠯᠡᠬᠦᠦ ᠢᠳᠡᠪᠡᠯ ᠰᠢᠬᠢᠷ ᠰᠢᠵᠢᠩ ᠡᠪᠡᠳᠴᠢᠨ ᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2021/3/12
      ᠦᠭᠡᠬᠦ ᠭᠡᠵᠦ ᠶᠠᠷᠢᠮᠠᠭᠴᠠ ᠬᠦᠮᠦᠰ ᠶᠠᠭᠤᠨ ᠤ ᠡᠮᠦᠨ᠎ᠠ ᠮᠠᠷᠢᠶᠠᠯᠠᠬᠤ ᠶᠢ ᠰᠠᠨᠠᠵᠤ ᠤᠯᠳᠠᠭ᠂ ᠮᠠᠷᠢᠶᠠᠯᠠᠬᠤ ᠶᠢᠨ ᠤᠯᠠᠮ ᠢᠶᠠᠷ ᠡᠷᠡᠭᠦᠯ ᠮᠡᠨᠳᠦ ᠶᠢ ᠨᠦᠯᠤᠭᠡᠯᠡᠨ᠎ᠠ ᠭᠡᠳᠡᠭ ᠢ ᠰᠠᠨᠠᠵᠤ ᠤᠯᠳᠠᠭ᠃ ᠭᠡᠪᠡᠴᠦ ᠦᠭᠡᠬᠦ ᠬᠡᠮᠡᠬᠦ ᠰᠢᠮ᠎ᠠ ᠳᠡᠵᠢᠭᠡᠯ ᠤᠨ ᠡᠯᠧᠮᠧᠨ᠋ᠲ ᠬᠦᠮᠦᠨ ᠳᠤ ᠳᠤᠳᠠᠭᠳᠠᠵᠤ ᠪᠤᠯᠬᠤ ᠦᠭᠡᠢ ᠪᠠᠷ ᠪᠠᠷᠠᠬᠤ ᠦᠭᠡᠢ᠂ ᠵᠠᠷᠢᠮ ᠦᠭᠡᠬᠦ ᠶᠢᠨ ᠵᠦᠢᠯ ᠨᠢ ᠡᠷᠡᠭᠦᠯ ᠮᠡᠨᠳᠦ ᠳᠤ ᠤᠨᠴᠠᠭᠠᠢ ᠳᠤᠰᠠᠳᠠᠢ ᠪᠠᠶᠢᠳᠠᠭ ᠢ ᠴᠤ ᠮᠡᠳᠡᠬᠦ ᠴᠢᠬᠤᠯᠠᠲᠠᠢ᠃      ᠵᠢᠱᠢᠶᠡᠯᠠᠪᠡᠯ ᠤᠮᠧᠭ᠎ᠠ 6 ᠦᠭᠡᠬᠦᠨ ᠬᠦᠴᠢᠯ ᠭᠡᠬᠦ ᠮᠡᠳᠦ᠃ ᠠᠮᠧᠷᠢᠺᠠ ᠶᠢᠨ ᠲᠦᠹᠴ ᠶᠡᠭᠡ ᠰᠤᠷᠭᠠᠭᠤᠯᠢ᠂ ᠰᠢᠳ᠋ᠨᠢ ᠶᠢᠨ ᠵᠦᠷᠵ ᠪᠦᠬᠦ ᠪᠦᠮᠪᠦᠷᠴᠡᠭ ᠤᠨ ᠡᠷᠡᠭᠦᠯ ᠡᠩᠬᠡ ᠶᠢᠨ ᠰᠤᠳᠤᠯᠭᠠᠨ ᠤ ᠭᠠᠵᠠᠷ ᠵᠡᠷᠭᠡ ᠪᠠᠶᠢᠭᠤᠯᠤᠮᠵᠢ ᠶᠢᠨ ᠬᠠᠮᠤᠭ ᠤᠨ ᠰᠢᠨ᠎ᠠ ᠰᠤᠳᠤᠯᠭᠠᠨ ᠳᠤ᠂ ᠤᠮᠧᠭ᠎ᠠ 6 ᠬᠠᠨᠤᠮᠠᠯ ᠪᠤᠰᠤ ᠦᠭᠡᠬᠦᠨ ᠬᠦᠴᠢᠯ ᠨᠢ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠳᠤ ᠠᠰᠢᠬᠳᠠᠢ ᠭᠡᠳᠡᠭ ᠢ ᠢᠯᠡᠷᠡᠭᠦᠯᠦᠭᠰᠡᠨ ᠪᠠᠶᠢᠨ᠎ᠠ᠃ ᠤᠮᠧᠭ᠎ᠠ 6 ᠳᠤᠳᠠᠭᠤ ᠦᠭᠡᠬᠦᠨ ᠬᠦᠴᠢᠯ ᠨᠢ ᠨᠠᠷᠠᠨ ᠬᠤᠸᠠᠷ ᠤᠨ ᠦᠷ᠎ᠡ ᠵᠡᠷᠭᠡ ᠤᠯᠠᠨ ᠵᠦᠢᠯ ᠤᠨ ᠰᠠᠮᠤᠷ ᠵᠢᠮᠢᠰ ᠪᠠ ᠰᠢᠷ᠎ᠠ ᠪᠤᠷᠴᠠᠭ ᠲᠤ ᠠᠭᠤᠯᠳᠠᠭ᠃ ᠡᠨᠡ ᠲᠦᠷᠦᠯ ᠤᠨ ᠦᠭᠡᠭᠦᠨ ᠬᠦᠴᠢᠯ ᠤᠯᠠᠨ ᠵᠦᠢᠯ ᠪᠠᠶᠢᠳᠠᠭ᠂ ᠳᠤᠳᠠᠭᠤ ᠦᠭᠡᠬᠦᠨ ᠬᠦᠴᠢᠯ ᠪᠤᠯ ᠭᠤᠤᠯ ᠪᠤᠯᠬᠤ ᠨᠢᠭᠡ ᠵᠦᠢᠯ ᠨᠢ ᠪᠤᠯᠤᠨ᠎ᠠ᠃ ᠪᠤᠰᠤᠳ ᠦᠭᠡᠬᠦᠨ ᠬᠦᠴᠢᠯ ᠠᠴᠠ ᠢᠯᠭᠠᠭᠳᠠᠬᠤ ᠳᠠᠯ᠎ᠠ ᠨᠢ ᠭᠡᠪᠡᠯ᠂ ᠳᠤᠳᠠᠭᠤ ᠦᠭᠡᠬᠦᠨ ᠬᠦᠴᠢᠯ ᠨᠢ ᠬᠦᠮᠦᠨ ᠤ ᠪᠡᠶ᠎ᠡ ᠳᠤ ᠨᠡᠶᠢᠯᠡᠭᠵᠢᠨ ᠪᠦᠲᠦᠵᠦ ᠳᠡᠶᠢᠯᠳᠡᠭ ᠦᠭᠡᠢ᠂ ᠵᠦᠪᠬᠡᠨ ᠢᠳᠡᠭᠡᠨ ᠢᠶᠠᠷ ᠨᠦᠬᠦᠪᠦᠷᠢᠯᠡᠬᠦ ᠭᠡᠷᠡᠭ ᠲᠠᠢ ᠪᠠᠶᠢᠳᠠᠭ ᠪᠦᠭᠡᠳ ᠡᠷᠭᠡᠪᠰᠢ ᠨᠦᠬᠦᠪᠦᠷᠢᠯᠡᠬᠦ ᠴᠢᠬᠤᠯᠠᠳᠠᠢ ᠦᠭᠡᠬᠦᠨ ᠬᠦᠴᠢᠯ ᠪᠤᠯᠤᠨ᠎ᠠ᠃      ᠳᠡᠭᠡᠷ᠎ᠡ ᠳᠤᠷᠠᠳᠤᠭᠰᠠᠨ ᠰᠤᠳᠤᠯᠭᠠᠨ ᠨᠢ ᠪᠦᠬᠦ ᠪᠦᠮᠪᠦᠷᠴᠡᠭ ᠤᠨ 10 ᠤᠯᠤᠰ ᠤᠨ 20 ᠳᠦᠷᠦᠯ ᠤᠨ ᠦᠷᠭᠡᠨ ᠬᠡᠪᠴᠢᠶ᠎ᠠ ᠪᠦᠬᠦᠢ ᠰᠤᠳᠤᠯᠭᠠᠨ ᠤ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠪᠠᠶᠢᠨ᠎ᠠ᠂ ᠡᠳᠡᠭᠡᠷ ᠳᠤᠭ᠎ᠠ ᠪᠠᠷᠢᠮᠳᠠ ᠶᠢ ᠭᠠᠷᠭᠠᠬᠤ ᠳᠤ 4 ᠳᠦᠮᠡᠨ ᠡᠷᠡᠭᠦᠯ ᠬᠦᠮᠦᠨ ᠳᠤ ᠪᠠᠶᠢᠴᠠᠭᠠᠯᠳᠠ ᠬᠢᠭᠰᠡᠨ ᠪᠦᠭᠡᠳ ᠳᠡᠳᠡᠨ ᠤ ᠢᠳᠡᠭᠡᠨ ᠤᠮᠳᠠᠭᠠᠨ ᠤ ᠳᠠᠳᠬᠠᠯ ᠵᠡᠷᠭᠡ ᠳᠤ ᠶᠠᠮᠠᠷ ᠴᠤ ᠳᠤᠰᠬᠠᠢ ᠱᠠᠭᠠᠷᠳᠠᠯᠭ᠎ᠠ ᠳᠠᠯᠪᠢᠬᠰᠠᠨ ᠦᠭᠡᠢ ᠪᠠᠶᠢᠵᠠᠢ᠃ ᠰᠤᠳᠤᠯᠭᠠᠨ ᠢ ᠳᠠᠭᠤᠰᠬᠤ ᠪᠤᠯᠳᠠᠯ᠎ᠠ᠂ 4000 ᠭᠠᠷᠤᠢ ᠬᠦᠮᠦᠨ ᠨᠢ 2 ᠭᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠪᠠᠶᠢᠨ᠎ᠠ᠃ ᠳᠡᠭᠡᠭᠡᠳ ᠴᠢᠰᠦᠨ ᠳᠠᠬᠢ ᠳᠤᠳᠠᠭᠤ ᠦᠭᠡᠭᠦᠨ ᠬᠦᠴᠢᠯ ᠤᠨ ᠠᠭᠤᠯᠤᠭᠳᠠᠴᠠ ᠨᠢ ᠦᠨᠳᠦᠷ ᠬᠦᠮᠦᠰ ᠠᠴᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠨᠤᠷᠮ᠎ᠠ ᠨᠢ ᠴᠢᠰᠦᠨ ᠳᠠᠬᠢ ᠳᠤᠳᠠᠭᠤ ᠦᠭᠡᠭᠦᠨ ᠬᠦᠴᠢᠯ ᠤᠨ ᠠᠭᠤᠯᠤᠭᠳᠠᠴᠠ ᠨᠢ ᠳᠤᠤᠷ᠎ᠠ ᠪᠠᠶᠢᠭ᠎ᠠ ᠬᠦᠮᠦᠰ ᠤᠨ ᠬᠢ ᠠᠴᠠ 35% ᠳᠤᠤᠷ᠎ᠠ ᠪᠠᠶᠢᠭ᠎ᠠ ᠶᠢ ᠰᠤᠳᠤᠯᠭᠠᠳᠠᠳ ᠬᠤᠷᠢᠶᠠᠩᠭᠤᠢᠢᠯᠠᠵᠤ ᠭᠠᠷᠭᠠᠭᠰᠠᠨ ᠪᠠᠶᠢᠨ᠎ᠠ᠃      ᠳᠤᠰ ᠰᠤᠳᠤᠯᠭᠠᠨ ᠤ ᠦᠷ᠎ᠡ ᠳ᠋ᠦᠩ ᠢ ᠤᠢᠢᠷ᠎ᠠ ᠶᠢᠨ ᠬᠤᠭᠤᠴᠠᠭᠠᠨ ᠤ ︽ᠤᠳᠠᠨ ᠨᠠᠪᠴᠢᠨ ᠬᠢᠳᠤᠭ᠎ᠠ — ᠰᠢᠬᠢᠷ ᠰᠢᠵᠢᠩ ᠡᠪᠡᠳᠴᠢᠨ ᠪᠠ ᠳᠤᠳᠤᠭᠠᠳᠤ ᠱᠦᠭᠦᠷᠡᠯ ᠤᠨ ᠰᠤᠳᠤᠯᠭᠠᠨ︾ ᠰᠡᠳᠭᠦᠯ ᠳᠤ ᠨᠡᠶᠢᠳᠡᠯᠡᠵᠡᠢ᠃      ᠡᠯ᠎ᠠ ᠵᠦᠢᠯ ᠤᠨ ᠰᠠᠮᠤᠷ ᠵᠢᠮᠢᠰ᠂ ᠰᠢᠷ᠎ᠠ ᠪᠤᠷᠴᠠᠭ ᠵᠡᠷᠭᠡ ᠶᠢᠨ ᠳᠤᠳᠠᠭᠤ ᠦᠭᠡᠭᠦᠨ ᠬᠦᠴᠢᠯ ᠡᠯᠪᠡᠭ ᠠᠭᠤᠯᠤᠭᠰᠠᠨ ᠢᠳᠡᠭᠡᠨ ᠢᠯᠡᠭᠦᠦ ᠢᠳᠡᠵᠦ᠂ ᠬᠤᠭᠤᠯᠠ ᠬᠢᠬᠦ ᠳᠡᠭᠡᠨ ᠰᠢᠷ᠎ᠠ ᠪᠤᠷᠴᠠᠭ ᠤᠨ ᠳᠤᠰᠤ᠂ ᠨᠠᠷᠠᠨ ᠬᠤᠸᠠᠷ ᠤᠨ ᠦᠷ᠎ᠡ ᠶᠢᠨ ᠳᠤᠰᠤ ᠭᠡᠷᠡᠭᠯᠡᠵᠦ ᠪᠠᠶᠢᠪᠠᠯ ᠰᠢᠬᠢᠷ ᠰᠢᠵᠢᠩ ᠡᠪᠡᠳᠴᠢᠨ ᠢ ᠵᠤᠬᠢᠬᠤ ᠬᠡᠮᠵᠢᠶᠡᠨ ᠳᠤ ᠰᠡᠷᠭᠡᠶᠢᠯᠡᠵᠦ ᠳᠡᠶᠢᠯᠦᠨ᠎ᠠ ᠭᠡᠵᠦ ᠰᠤᠳᠤᠯᠭᠠᠳᠠᠳ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号