ᠲᠦᠯᠣᠬᠡᠯᠡᠭᠴᠢᠣᠠ ᠡ᠄ | ᠤᠳᠣ ᠪᠢ᠂ ᠬᠤᠰᠢᠭᠤ ᠵᠠᠰᠠᠭ ᠤᠨ ᠤᠷᠳᠣᠠ ᠢ ᠲᠦᠯᠦᠭᠡᠯᠡᠵᠦ ᠶᠠᠬᠡ ᠬᠤᠷᠠᠯ ᠳᠤ ᠠᠵᠢᠯ ᠤᠨ ᠢᠯᠠᠣᠠᠬᠡᠯ | ᠬᠢᠶ᠎ᠠ᠂ ᠬᠢᠨᠠᠠ ᠵᠦᠪᠯᠠᠬᠦ ᠪᠣᠯᠪᠠᠣ᠃ ᠤᠯᠣᠰ ᠲᠦᠷᠣ ᠶᠢᠨ ᠵᠦᠪᠯᠠᠯᠬᠡᠠ ᠤ ᠬᠡᠰᠢᠬᠦᠣᠠ ᠵᠢᠴᠢ ᠬᠤᠷᠠᠯ ᠳᠤ | ᠤᠷᠣᠯᠴᠬᠠᠰᠠᠣᠠ ᠰᠠᠨᠠᠯ ᠵᠦᠪᠯᠠᠯᠬᠡ ᠪᠠᠨ ᠲᠠᠪᠰᠢᠬᠦᠯᠬᠦ ᠪᠣᠯᠪᠠᠣ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠤ | ᠠᠵᠢᠯ ᠤᠨ ᠡᠷᠭᠢᠴᠡᠭᠦᠯᠦᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ᠂ ᠮᠠᠨ ᠤ | ᠬᠤᠰᠢᠭᠤᠨ ᠤ ᠬᠦᠴᠢᠷ ᠪᠡᠷᠬᠡ ᠶᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠭᠰᠠᠨ ᠲᠠᠪᠤᠨ ᠵᠢᠯ ᠪᠣᠯᠤᠨ᠎ᠠ᠃ | ᠲᠠᠪᠤᠨ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ | ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠢ ᠨᠠᠶᠢᠳᠠᠪᠣᠷᠢᠵᠢᠭᠤᠯᠣᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ | ᠣᠶᠠᠯᠳᠣᠭᠤᠯᠣᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠣᠳᠬᠠᠵᠣ᠂ ᠡᠷᠡᠰ ᠰᠢᠭᠤᠷᠬᠠᠶ ᠪᠠᠷ ᠣᠷᠣᠭᠰᠢᠯᠠᠨ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠦᠯᠦᠪᠵᠢᠬᠦᠯᠵᠣ᠂ | ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠣᠨ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠰᠠᠶᠢᠳᠣᠷ | ᠪᠡᠶᠡᠯᠡᠭᠦᠯᠪᠡ᠃ | ᠲᠠᠪᠤᠨ ᠵᠢᠯ ᠤᠨ ᠲᠤᠷᠰᠢ᠂ ᠪᠢᠳᠡ ᠭᠦᠭᠵᠢᠯᠲᠡ ᠶᠢ ᠠᠬᠢᠭᠤᠯᠵᠣ᠂ ᠶᠡᠷᠦᠩᠬᠡᠶᠢᠯᠡᠭᠰᠡᠨ ᠪᠣᠳᠠᠲᠤ ᠬᠦᠴᠦᠨ | ᠯᠠᠪᠳᠠᠭᠤᠨ ᠢᠶᠠᠷ ᠨᠡᠮᠡᠭᠳᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠳᠤ᠂ ᠪᠦᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 264.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ | ᠳᠤᠮᠳᠠᠴᠢ ᠪᠠᠷ 3.5% ᠪᠠᠷ ᠨᠡᠮᠡᠭᠳᠡᠨ᠂ ᠬᠥᠮᠦᠨ ᠪᠦᠷᠢ ᠶᠢᠨ ᠳᠤᠮᠳᠠᠴᠢ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠳᠡᠭ 11.4% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 90 | ᠳ᠋ᠦᠩᠰᠢᠭᠤᠷ ᠲᠥᠭᠦᠷᠢᠭ ᠲᠤ ᠬᠦᠷᠴᠦ᠂ 500 ᠲᠦᠮᠡᠨ ᠲᠥᠭᠦᠷᠢᠭ ᠠᠴᠠ ᠳᠡᠭᠡᠭᠰᠢᠬᠢ 143 ᠭᠤᠣᠯᠳᠠᠯᠭ᠎ᠠ ᠲᠠᠢ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ︔ ᠡᠳ᠋ ᠤᠨ ᠵᠠᠰᠠᠭ ᠤᠨ ᠣᠷᠣᠯᠭ᠎ᠠ ᠨᠡᠶᠢᠲᠡ 30.98 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠠᠷᠠᠭᠠᠯᠠᠨ ᠯᠠᠪᠳᠠᠭᠤᠨ ᠢᠶᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 78.26 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 4% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠪᠦᠷᠢ ᠶᠢᠨ ᠳᠤᠮᠳᠠᠴᠢ ᠲᠣᠬᠢᠷᠠᠭᠤᠯᠵᠣ ᠪᠣᠯᠬᠤᠶᠢᠴᠡ ᠣᠷᠣᠯᠭ᠎ᠠ ᠲᠣᠰᠪᠦᠷᠢ 42308 ᠲᠥᠭᠦᠷᠢᠭ ᠪᠠ | 34899 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4.84% ᠪᠠ 6.35% ᠪᠠᠷ ᠨᠡᠮᠡᠭᠳᠡᠵᠦ᠂ | ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠬᠤᠪᠢᠶᠠᠷᠢᠯᠠᠵᠤ ᠪᠣᠯᠬᠤᠶᠢᠴᠡ ᠣᠷᠣᠯᠭ᠎ᠠ | ᠦᠷᠭᠦᠯᠵᠢᠯᠡᠨ ᠪᠥᠬᠦ ᠣᠷᠣᠨ ᠤ ᠮᠠᠯᠵᠢᠬᠤ ᠬᠤᠰᠢᠭᠤ ᠰᠢᠶᠠᠨ ᠳᠤ ᠲᠦᠷᠦᠬᠦᠯᠡᠪᠡ᠃ | ᠲᠠᠪᠤᠨ ᠵᠢᠯ ᠤᠨ ᠲᠤᠷᠰᠢ᠂ ᠪᠢᠳᠡ ᠬᠦᠴᠢᠷ ᠪᠡᠷᠬᠡ ᠶᠢ ᠢᠯᠠᠨ ᠳᠠᠪᠠᠵᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠢᠯᠠᠯᠲᠠ ᠤᠯᠪᠠ᠃ ᠨᠡᠶᠢᠲᠡ 1.2 ᠳ᠋ᠦᠩᠰᠢᠭᠤᠷ ᠲᠥᠭᠦᠷᠢᠭ | ᠶᠠᠳᠠᠭᠤ ᠶᠢ ᠲᠡᠳᠬᠦᠬᠦ ᠪᠠᠯᠠ ᠮᠥᠩᠭᠦ ᠵᠠᠷᠣᠴᠠᠭᠤᠯᠵᠣ᠂ ᠣᠳᠣᠬᠢ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ 165 | ᠡᠷᠦᠬᠡ ᠶᠢᠨ 568 ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠵᠢᠯ ᠤᠨ ᠴᠡᠪᠡᠷ ᠣᠷᠣᠯᠭ᠎ᠠ 3 ᠲᠦᠮᠡ ᠭᠠᠷᠤᠢ ᠲᠥᠭᠦᠷᠢᠭ | ᠬᠥᠷᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠯᠭ᠎ᠠ ᠲᠡᠳᠬᠦᠬᠦ ᠲᠥᠷᠥ ᠶᠢᠨ | ᠪᠣᠳᠣᠯᠭ᠎ᠠ ᠶᠢ ᠨᠡᠶᠢᠳᠡᠮ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠰᠤᠷᠤᠭᠴᠢᠳ ᠰᠤᠷᠤᠯᠭ᠎ᠠ ᠵᠣᠭᠰᠣᠭᠰᠠᠨ ᠪᠠᠶᠢᠳᠠᠯ | ᠦᠭᠡᠢ᠂ ᠦᠨᠳᠦᠰᠦᠨ ᠡᠮ ᠡᠮᠨᠡᠯᠭᠡ᠂ ᠠᠶᠣᠯᠭᠦᠢ ᠣᠣᠭᠤᠬᠤ ᠣᠰᠣ᠂ ᠣᠷᠣᠨ ᠰᠠᠭᠤᠴᠠ ᠶᠢᠨ ᠪᠠᠲᠤᠯᠠᠭ᠎ᠠ ᠪᠦᠭᠦᠨ | ᠢᠶᠠᠷ ᠢᠶᠠᠨ ᠪᠠᠷᠢᠮᠵᠢᠶ᠎ᠠ ᠳᠤ ᠬᠦᠷᠪᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠤᠤᠯᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠳᠠᠭᠤᠷᠠᠯ ᠡᠭᠦᠰᠬᠦ ᠨᠣᠷᠮ᠎ᠠ ᠶᠢ ᠲᠡᠭ ᠪᠣᠯᠭᠠᠨ ᠳᠣᠷᠣᠭᠰᠢᠯᠠᠭᠤᠯᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠵᠣ᠂ ᠪᠦᠳᠦᠭᠡᠨ ᠪᠠᠶᠢᠭᠤᠯᠣᠯᠲᠠ | ᠶᠢᠨ ᠣᠷᠣᠨ ᠤ ᠨᠡᠭᠦᠷᠡᠰᠦ ᠰᠢᠲᠠᠭᠠᠬᠤ ᠵᠢᠵᠢᠭ ᠬᠦᠸᠧᠯᠦ ᠶᠢ ᠪᠦᠬᠦᠨ ᠢ ᠴᠡᠪᠡᠷᠯᠡᠵᠦ᠂ ᠵᠢᠵᠢᠭ᠂ ᠲᠠᠷᠠᠬᠠᠶ ᠪᠤᠲᠠᠷᠬᠠᠶ᠂ | ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ ᠠᠵᠤ ᠠᠬᠤᠶᠢᠯᠠᠯ ᠢ ᠪᠦᠬᠦᠨ ᠢ ᠴᠡᠪᠡᠷᠯᠡᠵᠦ᠂ ᠭᠤᠤᠯ ᠪᠣᠯᠬᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠵᠢᠯ ᠳᠠᠷᠠᠭᠠᠯᠠᠨ ᠪᠠᠭᠤᠷᠠᠭᠤᠯᠵᠤ᠂ ᠬᠠᠷᠢᠶ᠎ᠠ ᠣᠷᠣᠨ ᠤ ᠡᠳᠦᠷ ᠤᠨ ᠴᠡᠪᠡᠷ | ᠠᠭᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 98% ᠠᠴᠠ ᠳᠠᠪᠠᠭᠤᠯᠪᠠ᠃ ︽ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ︽ᠳᠥᠷᠪᠡᠨ | ᠪᠠᠶᠢᠳᠠᠯ ᠢ ᠴᠡᠪᠡᠷᠯᠡᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠤᠯ ᠮᠥᠷᠡᠨ ᠨᠠᠭᠤᠷ | ᠴᠥᠭᠦᠷᠥᠮ ᠢ ᠪᠠᠶᠢᠩᠭᠤ ᠲᠣᠭᠤᠷᠢᠨ ᠪᠠᠶᠢᠴᠠᠭᠠᠪᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠢᠨᠵᠧᠨᠧᠷᠢᠩ ᠢ ᠴᠢᠨᠠᠷᠯᠢᠭ ᠬᠡᠷᠡᠭᠵᠢᠭᠦᠯᠵᠦ᠂ ᠨᠡᠶᠢᠲᠡ 144.25 ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ 3. | 62 ᠲᠦᠮᠡᠨ ᠮᠥ ᠠᠭᠤᠷᠬᠠᠶ ᠶᠢᠨ ᠣᠷᠴᠢᠨ ᠲᠣᠭᠤᠷᠢᠨ ᠢ ᠵᠠᠰᠠᠵᠤ᠂ 27.5 ᠲᠦᠮᠡᠨ ᠮᠥ ᠲᠠᠴᠢᠷᠳᠠᠭᠰᠠᠨ ᠨᠤᠲᠤᠭ | ᠪᠡᠯᠴᠢᠭᠡᠷ ᠢ ᠰᠡᠷᠬᠦᠭᠡᠵᠣ᠂ 2 ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ᠂ 9 ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠪᠠᠶᠢᠭᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠯᠠᠪᠳᠠᠭᠤᠨ ᠪᠠᠲᠤᠲᠠᠶ ᠶᠠᠪᠤᠭᠳᠠᠪᠠ᠃ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ | ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠬᠦᠰᠬᠦ ᠦᠭᠡᠢ ᠪᠠᠶᠢᠬᠤ ᠶᠢ ᠪᠠᠳᠣᠯᠠᠵᠣ᠂ ᠨᠡᠶᠢᠲᠡ 32. | 79 ᠳ᠋ᠦᠩᠰᠢᠭᠤᠷ ᠲᠥᠭᠦᠷᠢᠭ ᠵᠠᠰᠠᠭ ᠤᠨ ᠣᠷᠳᠣᠨ ᠤ ᠥᠷᠢ ᠥᠭᠴᠡᠭᠡ ᠶᠢ ᠪᠣᠴᠠᠭᠠᠵᠣ᠂ 16.79 ᠳ᠋ᠦᠩᠰᠢᠭᠤᠷ | ᠲᠥᠭᠦᠷᠢᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠦᠭᠴᠡᠭᠡ ᠶᠢ | ᠪᠣᠴᠠᠭᠠᠵᠣ᠂ ᠮᠠᠷᠭᠤᠭᠠᠨ ᠦᠭᠡᠢ ᠳᠠᠩᠰᠠ ᠶᠢ ᠪᠦᠬᠦᠨ ᠢ ᠴᠡᠪᠡᠷᠯᠡᠪᠡ᠃ ᠠᠷᠠᠳ ᠤᠨ ᠳᠣᠮᠳᠠᠬᠢ ᠮᠥᠩᠭᠦᠨ | ᠭᠦᠢᠯᠭᠡᠭᠡᠨ ᠤ ᠡᠮᠬᠢ ᠳᠢᠭᠯᠢᠮ ᠢ ᠶᠡᠬᠡᠪᠡᠷ ᠴᠡᠭᠴᠡᠯᠡᠨ ᠵᠠᠰᠠᠵᠤ᠂ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ | ᠵᠢᠭᠡᠯᠡᠯᠭᠡ ᠶᠢᠨ ᠡᠷᠥᠭᠡ ᠪᠣᠯᠤᠨ ᠵᠣᠭᠤᠰ ᠤᠨ ᠲᠤᠭ᠎ᠠ ᠲᠣᠰᠪᠣᠷᠢ 91.5% ᠪᠠ 90.5% ᠪᠠᠷ ᠪᠠᠭᠤᠷᠠᠪᠠ᠃ | ᠲᠠᠪᠤᠨ ᠵᠢᠯ ᠤᠨ ᠲᠤᠷᠰᠢ᠂ ᠪᠢᠳᠡ ᠬᠦᠴᠦᠨ ᠢᠶᠠᠨ ᠲᠦᠪᠯᠡᠷᠡᠬᠦᠯᠵᠣ᠂ ᠠᠵᠤ ᠦᠢᠯᠡᠰ ᠤᠨ ᠬᠦᠭᠵᠢᠯᠲᠡ | ᠦᠭᠡᠷᠡᠴᠢᠯᠡᠯᠲᠡ ᠳᠣᠪᠣᠶᠢᠮ᠎ᠠ ᠦᠷ᠎ᠡ ᠪᠦᠳᠦᠮᠵᠢ ᠣᠯᠪᠠ᠃ ᠣᠳᠣᠬᠢᠴᠢᠯᠠᠭᠰᠠᠨ ᠮᠠᠯ ᠠᠵᠤ ᠠᠬᠤᠢ ᠲᠦᠷᠭᠡᠨ | ᠬᠥᠭᠵᠢᠪᠡ᠃ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠬᠤᠨᠢ ᠶᠢ ᠴᠥᠭᠡᠳᠬᠡᠨ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽3+2︾ ᠠᠵᠤ ᠦᠢᠯᠡᠰ ᠤᠨ | ᠬᠥᠭᠵᠢᠯᠲᠡ ᠶᠢᠨ ᠵᠠᠭᠪᠤᠷ ᠢᠶᠠᠷ ᠮᠠᠯ ᠠᠵᠤ ᠠᠬᠤᠶ ᠶᠢᠨ ᠴᠢᠨᠠᠷᠳᠠᠢ ᠬᠥᠭᠵᠢᠯᠲᠡ ᠶᠢ ᠬᠥᠲᠥᠯᠥᠨ ᠳᠠᠭᠠᠭᠤᠯᠬᠤ | ᠵᠠᠭᠪᠤᠷ ᠢ ᠪᠠᠶᠢᠭᠤᠯᠵᠣ᠂ ᠠᠩᠭᠢᠰ ᠮᠠᠯ ᠠᠵᠤ ᠠᠬᠤᠶ᠂ ᠴᠢᠨ ᠮᠥ ᠵᠡᠷᠭᠡ ᠣᠳᠣᠬᠢᠴᠢᠯᠠᠭᠰᠠᠨ ᠳᠠᠭᠠᠭᠤᠯᠣᠭᠴᠢ ᠠᠵᠤ | ᠠᠬᠤᠶᠢᠯᠠᠯ ᠢ 12 ᠪᠠᠶᠢᠭᠤᠯᠵᠣ᠂ ᠰᠠᠶᠢᠨ ᠡᠭᠦᠯᠳᠡᠷ ᠤᠨ ᠮᠢᠬᠠᠨ ᠦᠬᠡᠷ ᠳᠡᠵᠢᠭᠡᠨ ᠦᠷᠡᠵᠢᠬᠦᠯᠬᠦ ᠰᠠᠭᠤᠷᠢᠨ ᠭᠠᠵᠠᠷ | 10 ᠶᠢ ᠪᠠᠶᠢᠭᠤᠯᠵᠤ᠂ ᠮᠠᠯᠵᠢᠯ ᠤᠨ ᠣᠨ ᠤ ᠦᠬᠡᠷ ᠤᠨ ᠲᠤᠭ᠎ᠠ 15.75 ᠲᠦᠮᠡ ᠳᠤ ᠬᠦᠷᠴᠦ᠂ ︽ᠠᠷᠪᠠᠨ | ᠬᠤᠶᠠᠳᠣᠭᠠᠷ ᠲᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ 4.4% ᠪᠠᠷ ᠨᠡᠮᠡᠭᠳᠡᠵᠦ᠂ ᠳᠡᠭᠡᠳᠦ | ᠲᠠᠰ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠠᠶᠢᠮᠠᠭ ᠤᠨ ᠲᠦᠷᠦᠬᠦᠣ ᠡᠩᠨᠡᠭᠡᠨ ᠳᠤ ᠣᠷᠣᠪᠠ | ᠃ ᠣᠷᠣᠨ ᠨᠤᠲᠤᠭ ᠤᠨ ᠰᠢᠯᠢᠳᠡᠭ ᠡᠭᠦᠯᠳᠡᠷ ᠰᠣᠩᠭᠤᠨ ᠪᠣᠶᠢᠵᠢᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ | ᠦᠵᠦᠮᠦᠴᠢᠨ ᠬᠤᠨᠢᠨ ᠤ ᠭᠤᠣᠯᠳᠠᠯᠭᠠᠳᠣ ᠰᠦᠷᠦᠭ 270 ᠶᠢ ᠪᠠᠬᠢᠵᠢᠭᠦᠯᠵᠦ᠂ ᠪᠠᠷᠢᠮᠵᠢᠶᠠᠵᠢᠭᠰᠠᠨ ᠰᠦᠷᠦᠭ | 2600 ᠳᠤ ᠬᠦᠷᠴᠦ᠂ ᠪᠣᠳᠠ ᠪᠣᠭ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠪᠠ ᠰᠠᠶᠢᠨ ᠡᠭᠦᠯᠳᠡᠷ ᠤᠨ ᠡᠵᠡᠯᠡᠬᠦ | ᠬᠠᠷᠢᠴᠠᠯ ᠲᠣᠰᠪᠦᠷᠢ 92.5% ᠪᠠ 99.9% ᠳᠤ ᠬᠦᠷᠪᠡ︔ ᠠᠳᠤᠭᠤᠨ ᠤ ᠦᠢᠯᠡᠰ ᠪᠠ ᠤᠯᠠᠮᠵᠢᠯᠠᠯᠲᠤ ᠴᠠᠭᠠᠨ | ᠢᠳᠡᠭᠡᠨ ᠤ ᠦᠢᠯᠡᠰ ᠢ ᠬᠥᠭᠵᠢᠭᠦᠯᠵᠦ᠂ ᠰᠢᠷᠭ᠎ᠠ ᠠᠳᠤᠭᠤᠨ ᠤ ᠡᠭᠦᠯᠳᠡᠷ ᠢ ᠰᠠᠶᠢᠵᠢᠷᠠᠭᠤᠯᠬᠤ ᠰᠠᠭᠤᠷᠢᠨ ᠭᠠᠵᠠᠷ | 3 ᠶᠢ ᠪᠠᠶᠢᠭᠤᠯᠵᠤ᠂ ᠪᠦᠬᠦ ᠬᠤᠰᠢᠭᠤᠨ ᠤ ᠠᠳᠤᠭᠤᠨ ᠤ ᠲᠤᠭ᠎ᠠ 5.58 ᠲᠦᠮᠡ ᠳᠤ ᠬᠦᠷᠴᠦ᠂ ᠪᠠᠷᠢᠮᠵᠢᠶᠠᠵᠢᠭᠰᠠᠨ | ᠤᠯᠠᠮᠵᠢᠯᠠᠯᠲᠤ ᠴᠠᠭᠠᠨ ᠢᠳᠡᠭᠡ ᠡᠳ᠋ᠰᠢᠬᠦᠯᠦᠨ ᠪᠣᠯᠪᠠᠰᠣᠷᠠᠭᠤᠯᠬᠤ ᠦᠢᠯᠡᠳᠪᠦᠷᠢ ᠶᠢ ᠪᠠᠶᠢᠭᠤᠯᠤᠨ᠂ ︽ᠳᠤᠮᠳᠠᠳᠤ | ᠤᠯᠤᠰ ᠤᠨ ᠰᠢᠷᠭ᠎ᠠ ᠠᠳᠤᠭᠤᠨ ᠤ ᠨᠤᠲᠤᠭ︾ ᠢᠶᠠᠷ ᠦᠨᠡᠯᠡᠭᠳᠡᠪᠡ᠃ ᠠᠵᠤ ᠦᠢᠯᠡᠳᠪᠦᠷᠢ ᠶᠢᠨ ᠠᠵᠤ ᠦᠢᠯᠡᠰ ᠤᠨ | ᠪᠠᠶᠢᠷᠢᠯᠠᠭᠤᠯᠤᠯᠲᠠ ᠲᠠᠰᠤᠷᠠᠯᠲᠠ ᠦᠭᠡᠢ ᠰᠢᠯᠢᠳᠡᠭᠵᠢᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ 20 ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠨᠡᠶᠢᠲᠡ 67.83 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 1.4% ᠪᠠᠷ ᠨᠡᠮᠡᠭᠳᠡᠪᠡ᠃ | ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ | ᠲᠣᠭᠤᠷᠢᠭ ᠪᠠ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠢ ᠨᠢᠭᠡᠳᠬᠡᠵᠣ᠂ ᠥᠩᠭᠡᠲᠦ ᠲᠡᠮᠦᠷᠯᠢᠭ | ᠰᠣᠩᠭᠤᠨ ᠪᠣᠯᠪᠠᠰᠤᠷᠠᠭᠤᠯᠬᠤ᠂ ᠲᠣᠰᠣ ᠬᠡᠢ ᠨᠡᠭᠡᠭᠡᠨ ᠠᠰᠢᠭᠯᠠᠬᠤ᠂ ᠤᠯᠠᠭᠠᠨ ᠢᠳᠡᠭᠡᠨ ᠡᠳ᠋ᠰᠢᠭᠦᠯᠦᠨ | ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠬᠤᠸᠠᠨᠣᠳ ᠦᠩᠭᠡᠲᠦ | ᠲᠡᠮᠦᠷᠯᠢᠭ ᠤᠨ ᠠᠭᠤᠷᠬᠠᠢ ᠶᠢᠨ ᠰᠣᠩᠭᠤᠨ ᠪᠣᠯᠪᠠᠰᠤᠷᠠᠭᠤᠯᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ | ᠵᠦᠢᠯ ᠢ ᠠᠰᠢᠭᠯᠠᠯᠲᠠ ᠳᠤ ᠣᠷᠣᠭᠤᠯᠤᠨ᠂ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠴᠢᠳᠠᠪᠤᠷᠢ ᠵᠢᠯ ᠳᠤ | 360 ᠲᠦᠮᠡᠨ ᠲᠣᠨ ᠳᠤ ᠬᠦᠷᠴᠦ᠂ ᠴᠢᠯᠠᠭᠤᠨ ᠲᠣᠰᠣ ᠨᠡᠭᠡᠭᠡᠨ ᠠᠰᠢᠭᠯᠠᠬᠤ ᠴᠢᠳᠠᠪᠤᠷᠢ ᠵᠢᠯ ᠳᠤ 50 ᠲᠦᠮᠡᠨ | ᠲᠣᠨ ᠳᠤ ᠬᠦᠷᠴᠦ᠂ ᠠᠮᠢᠳᠤ ᠮᠠᠯ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ 160 ᠲᠦᠮᠡᠨ ᠬᠤᠨᠢᠴᠢᠯᠠᠭᠰᠠᠨ | ᠨᠢᠭᠡᠴᠢ ᠳᠤ ᠬᠦᠷᠪᠡ᠃ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ | ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ | ᠵᠢᠭᠤᠯᠴᠢᠯᠠᠯ ᠢ ᠵᠣᠬᠢᠴᠠᠭᠤᠯᠣᠨ ᠬᠥᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠢ ᠨᠢ ᠳᠠᠩ ᠴᠣᠯᠭᠤᠢ ᠲᠥᠪᠯᠡᠷᠡᠩᠭᠦᠢ ᠠᠴᠠ ᠤᠯᠠᠨ ᠳᠠᠯ᠎ᠠ ᠪᠠᠷ ᠲᠠᠷᠬᠠᠨ ᠬᠥᠭᠵᠢᠬᠦ ᠶᠢ | ᠪᠡᠶᠡᠯᠡᠬᠦᠯᠪᠡ᠃ ᠪᠣᠬᠢᠷᠲᠤᠯ ᠥᠬᠡᠶ ᠠᠮᠢ ᠠᠬᠤᠶ ᠶᠢᠨ ᠵᠢᠭᠤᠯᠴᠢᠯᠠᠯ᠂ ᠲᠠᠯ᠎ᠠ ᠨᠤᠲᠤᠭ ᠤᠨ ᠳᠥᠷᠪᠡᠨ ᠤᠯᠠᠷᠢᠯ ᠤᠨ | ᠵᠢᠭᠤᠯᠴᠢᠯᠠᠯ ᠵᠡᠷᠭᠡ ᠵᠢᠭᠤᠯᠴᠢᠯᠠᠯ ᠤᠨ ᠦᠢᠯᠡᠰ ᠲᠠᠰᠤᠷᠠᠯᠲᠠ ᠥᠬᠡᠶ ᠬᠦᠭᠵᠢᠵᠣ᠂ ︽ᠳᠥᠷᠪᠡᠨ ᠴᠠᠭ ᠤᠨ | ᠦᠵᠦᠮᠦᠴᠢᠨ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠲᠠᠰᠤᠷᠠᠯᠲᠠ ᠥᠬᠡᠶ ᠠᠯᠳᠠᠷᠰᠢᠨ᠂ ᠵᠤᠭᠠᠴᠠᠭᠰᠠᠳ | ᠤᠨ ᠲᠤᠭ᠎ᠠ ᠨᠡᠶᠢᠲᠡ 216.7 ᠲᠦᠮᠡᠨ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 36.52 | ᠳ᠋ᠦᠩᠰᠢᠭᠤᠷ ᠲᠥᠭᠦᠷᠢᠭ ᠲᠤ ᠬᠦᠷᠪᠡ᠃ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠮᠥᠩᠭᠦᠨ ᠭᠦᠢᠯᠭᠡᠭᠡᠨ | ᠳᠠᠭᠠᠳᠬᠠᠯ᠂ ᠡᠯᠧᠺᠲᠷᠣᠨ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠲᠣᠭᠳᠠᠯᠴᠠᠭ᠎ᠠ ᠡᠳᠦᠷ ᠢᠷᠡᠬᠦᠶ᠎ᠡ | ᠲᠡᠭᠦᠯᠳᠡᠷᠵᠢᠵᠦ᠂ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠨᠢ 2018 | — 2019 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠣᠩᠭᠤᠭᠳᠠᠵᠣ᠂ ᠰᠢᠨ᠎ᠡ ᠶᠢ ᠡᠬᠦᠳᠬᠦ ᠦᠢᠯᠡᠰ ᠪᠣᠰᠬᠠᠬᠤ ᠰᠠᠭᠤᠷᠢᠨ | ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠣᠴᠢᠯᠠᠨ ᠲᠦᠭᠡᠵᠣ ᠦᠢᠯᠡᠰ ᠪᠣᠰᠬᠠᠬᠤ | ᠰᠠᠭᠤᠷᠢᠨ ᠭᠠᠵᠠᠷ ᠢᠶᠠᠷ ᠦᠨᠡᠯᠡᠭᠳᠡᠵᠦ᠂ ᠲᠢᠶᠠᠨ ᠮᠤᠤ ᠠ ᠯᠢ ᠪᠠ ᠪᠠ ᠡᠯᠪᠡᠭ ᠬᠤᠷᠢᠶᠠᠯᠲᠠ ᠶᠢᠨ ᠬᠤᠳᠠᠯᠳᠤᠨ | ᠠᠪᠬᠤ ᠨᠠᠶᠢᠷ·ᠦᠵᠦᠮᠦᠴᠢᠨ ᠬᠤᠨᠢᠨ ᠮᠢᠬᠠᠨ ᠤ ᠨᠠᠶᠢᠷ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠦᠷᠳᠡᠭ 1.77 | ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠮᠠᠯᠵᠢᠬᠤ ᠣᠷᠣᠨ ᠳᠤ ᠬᠦᠷᠭᠡᠬᠦ ᠵᠢᠱᠢᠶ᠎ᠡ ᠦᠵᠡᠭᠦᠯᠬᠦ ᠬᠤᠰᠢᠭᠤᠨ ᠤ ᠦᠷ᠎ᠡ ᠪᠦᠳᠦᠮᠵᠢ ᠦᠷᠭᠦᠯᠵᠢᠯᠡᠨ ᠪᠠᠲᠤᠵᠢᠪᠠ᠃ | | ᠲᠠᠪᠤᠨ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠲᠠ ᠬᠥᠳᠡᠭᠡ ᠶᠢᠨ | ᠲᠦᠷᠢ ᠳᠦᠷᠬᠦ ᠡᠳᠦᠷ ᠢᠷᠡᠬᠦᠶ᠎ᠡ ᠰᠢᠨᠡᠳᠪᠡ᠃ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠬᠤᠲᠠ ᠪᠠᠯᠭᠠᠰᠤ ᠶᠢ ᠲᠡᠰ ᠳᠡᠪᠰᠢᠭᠦᠯᠬᠦ᠂ ᠮᠠᠯᠵᠢᠬᠤ ᠣᠷᠣᠨ ᠤ ᠴᠢᠨᠠᠷᠳᠠᠢ ᠬᠦᠭᠵᠢᠬᠦᠯᠬᠦ ᠶᠢ | ᠬᠦᠴᠦᠯᠡᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠨᠣᠷᠮ᠎ᠠ 56% ᠳᠤ ᠬᠦᠷᠪᠡ᠃ ᠨᠡᠶᠢᠲᠡ 21.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠬᠤᠲᠠ ᠪᠠᠯᠭᠠᠰᠤᠨ ᠤ ᠲᠠᠪᠤᠵᠢᠯᠲᠠ᠄ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠦᠭᠡᠷᠡᠴᠢᠯᠡᠬᠦ᠂ ᠤᠰᠤᠨ ᠤ ᠴᠢᠨᠠᠷ ᠢ ᠳᠡᠭᠡᠭᠰᠢᠯᠡᠭᠦᠯᠬᠦ᠂ ᠬᠤᠭ ᠨᠣᠪᠰᠢ ᠶᠢ | ᠰᠢᠢᠳᠪᠦᠷᠢᠯᠡᠬᠦ᠂ ᠵᠠᠰᠠᠮᠠᠯ ᠵᠠᠮ᠂ ᠭᠠᠵᠠᠷ ᠳᠣᠣᠷᠠᠬᠢ ᠬᠤᠭᠤᠯᠠᠶ ᠶᠢ ᠳᠡᠰ ᠳᠡᠪᠰᠢᠭᠦᠯᠬᠦ ᠵᠡᠷᠭᠡ ᠢᠨᠵᠧᠨᠧᠷᠢᠩ ᠢ | ᠴᠢᠨᠠᠷᠲᠠᠢ ᠬᠡᠷᠡᠭᠵᠢᠬᠦᠯᠵᠣ᠂ ᠬᠠᠭᠤᠴᠢᠨ ᠣᠷᠣᠨ ᠰᠠᠭᠤᠴᠠ ᠶᠢᠨ 3000 ᠡᠷᠦᠬᠡ ᠶᠢᠨ ᠰᠠᠭᠤᠭᠠᠯᠢ ᠠᠷᠠᠳ ᠢ | ᠯᠠᠪᠳᠠᠭᠤᠨ ᠢᠶᠠᠷ ᠲᠦᠪᠬᠢᠨᠡᠬᠦᠯᠵᠣ᠂ ᠠᠮᠢᠳᠤᠷᠠᠯ ᠤᠨ ᠬᠤᠭ ᠨᠣᠪᠰᠢ ᠵᠢᠴᠢ ᠬᠤᠭᠤᠯᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠣ᠂ 9 ᠴᠡᠴᠡᠷᠯᠢᠭ ᠪᠠ ᠲᠠᠯᠠᠪᠠᠢ ᠰᠢᠨᠡᠳᠭᠡᠨ | ᠪᠠᠶᠢᠭᠤᠯᠵᠣ᠂ ᠬᠤᠲᠠ ᠪᠠᠯᠭᠠᠰᠣᠨ ᠤ ᠰᠠᠭᠤᠷᠢ ᠪᠦᠲᠦᠭᠡᠨ ᠪᠠᠶᠢᠭᠤᠯᠣᠯᠲᠠ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠣᠮᠵᠢ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠬᠦᠯᠵᠣ᠂ ᠨᠣᠭᠤᠭᠠᠷᠠᠭᠤᠯᠤᠯᠲᠠ ᠶᠢᠨ | ᠪᠦᠷᠬᠦᠴᠡ᠂ ᠨᠣᠭᠤᠭᠠᠷᠠᠭᠤᠯᠣᠭᠰᠠᠨ ᠨᠤᠷᠮ᠎ᠠ᠂ ᠬᠥᠮᠦᠨ ᠪᠦᠷᠢ ᠶᠢᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠣᠯᠲᠠ | ᠶᠢᠨ ᠲᠠᠯᠠᠪᠠᠶ ᠲᠣᠰᠪᠦᠷᠢ 31.07%᠂ 32% ᠪᠠ 31.53 ᠲᠡᠭᠰᠢ ᠳᠥᠷᠪᠡᠯᠵᠢᠨ ᠮᠧᠲᠷ ᠲᠤ ᠬᠦᠷᠴᠦ᠂ | ᠬᠤᠭ ᠨᠣᠪᠰᠢ ᠶᠢ ᠮᠠᠰᠢᠨ ᠢᠶᠠᠷ ᠴᠡᠪᠡᠷᠯᠡᠬᠦ ᠨᠣᠷᠮ᠎ᠠ 84% ᠲᠤ ᠬᠦᠷᠴᠦ᠂ ᠭᠤᠣᠯ ᠵᠡᠭᠡᠯᠢ ᠲᠣᠭᠤᠷᠢᠭ᠂ ᠬᠤᠳᠠ | ᠲᠣᠭᠤᠷᠢᠭᠰᠠᠨ ᠵᠠᠮ᠂ ᠲᠦᠯᠦᠭᠡᠯᠡᠬᠦ ᠴᠢᠨᠠᠷᠲᠠᠶ ᠪᠠᠷᠢᠯᠭ᠎ᠠ ᠶᠢ ᠪᠦᠬᠦᠨ ᠢ ᠭᠡᠷᠡᠯᠳᠦᠬᠦᠯᠦᠨ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠣᠯᠠᠮ ᠳᠡᠭᠡᠭᠰᠢᠯᠡᠬᠦᠯᠪᠡ᠃ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ︽ᠵᠡᠭᠡᠯᠢ ᠶᠢᠨ ᠵᠠᠮ ᠤᠨ ᠳᠠᠷᠤᠭ᠎ᠠ ᠶᠢᠨ ᠳᠦᠷᠢᠮ︾ ᠤᠨ | ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠬᠦᠯᠵᠣ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠷᠠᠳ ᠲᠤ ᠳᠥᠭᠦᠮ ᠦᠵᠡᠭᠦᠯᠬᠦ ᠰᠡᠯᠡᠭᠦᠴᠡᠯ ᠠᠭᠤᠳᠠᠮ | ᠲᠠᠯᠠᠪᠠᠢ ᠶᠢ ᠪᠠᠶᠢᠭᠤᠯᠤᠨ᠂ ᠵᠡᠭᠡᠯᠢ ᠳᠠᠭᠠᠤ ᠶᠢᠨ ᠬᠤᠳᠠᠯᠳᠣᠭᠠᠴᠢᠳ ᠢ ᠪᠦᠬᠦᠨ ᠢ ᠲᠠᠯᠠᠪᠠᠢ ᠳᠤ ᠰᠢᠯᠵᠢᠬᠦᠯᠵᠣ᠂ ︽ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠲᠠᠰᠤᠷᠠᠯᠲᠠ ᠦᠭᠡᠢ ᠪᠠᠬᠢᠵᠢᠭᠦᠯᠦᠨ᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠶᠢᠨ ᠢᠷᠠᠭᠤ | ᠠᠯᠳᠠᠷ ᠢ ᠬᠦᠷᠲᠡᠪᠡ᠃ ᠮᠠᠯᠵᠢᠬᠤ ᠣᠷᠣᠨ ᠤ ᠰᠠᠭᠤᠷᠢ ᠪᠦᠲᠦᠭᠡᠨ ᠪᠠᠶᠢᠭᠤᠯᠣᠯᠲᠠ ᠶᠢᠨ ᠳᠣᠳᠠᠭᠳᠠᠯ ᠢ ᠴᠢᠷᠮᠠᠶᠢᠨ | ᠨᠥᠬᠦᠪᠥᠷᠢᠯᠡᠵᠦ᠂ 535 ᠠᠶᠣᠯᠬᠦᠢ ᠣᠣᠭᠤᠬᠤ ᠣᠰᠣᠨ ᠤ ᠬᠤᠳᠳᠤᠭ ᠢ ᠰᠢᠨ᠎ᠡ ᠪᠠᠷ ᠮᠠᠯᠳᠠᠵᠣ᠂ 8300 | ᠭᠠᠷᠣᠢ ᠠᠮᠢᠳᠣᠷᠠᠯ ᠤᠨ ᠬᠡᠷᠡᠭᠯᠡᠭᠡᠨ ᠤ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠵᠤ᠂ 810 ᠺᠢᠯᠣᠮᠧᠲᠷ | ᠴᠠᠬᠢᠯᠭᠠᠨ ᠣᠳᠠᠰᠣ ᠲᠠᠲᠠᠵᠤ᠂ 4G ᠳᠣᠬᠢᠶ᠎ᠠ ᠶᠢᠨ ᠪᠦᠷᠬᠦᠴᠡ ᠶᠢᠨ ᠨᠣᠷᠮ᠎ᠠ 65% ᠳᠤ ᠬᠦᠷᠴᠦ᠂ ᠮᠠᠯ | ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 76% ᠳᠤ ᠬᠦᠷᠴᠦ᠂ ᠤᠯᠤᠰ ᠤᠨ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠲᠦᠷᠦᠬᠦᠣ ᠪᠦᠯᠦᠭ ᠤᠨ ᠪᠦᠬᠦ ᠤᠯᠤᠰ ᠤᠨ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ | ᠳᠣᠭᠳᠠᠭᠠᠭᠳᠠᠪᠠ︔ 331᠂ 306 ᠨᠣᠮᠧᠷᠲᠦ ᠣᠯᠣᠰ ᠤᠨ ᠳᠡᠰ ᠤᠨ ᠵᠠᠰᠠᠮᠠᠯ ᠵᠠᠮ ᠵᠡᠷᠭᠡ ᠨᠢᠭᠡ ᠪᠦᠯᠦᠭ ᠤᠯᠤᠰ | ᠂ ᠮᠤᠵᠢ ᠶᠢᠨ ᠳᠡᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠠᠷᠠᠳ ᠤᠨ | ᠬᠡᠷᠡᠭᠯᠡᠭᠡᠨ ᠤ ᠨᠢᠰᠬᠡᠯ ᠤᠨ ᠲᠠᠯᠠᠪᠠᠢ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠤᠯᠢᠶᠠᠰᠤᠲᠠᠢ ᠠᠴᠠ | ᠡᠵᠢᠨᠠᠭᠤᠷ ᠬᠥᠷᠬᠦ ᠬᠡᠰᠡᠭ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠪᠣᠭᠳ᠋ᠬᠠᠭᠤᠯᠠ ᠠᠴᠠ ᠠᠷᠤ ᠨᠠᠭᠤᠷ ᠤᠨ | ᠪᠦᠳᠦᠭᠦᠨ ᠬᠥᠷᠬᠦ ᠬᠡᠰᠡᠭ ᠢ ᠦᠨᠳᠦᠰᠦᠨ ᠳᠡᠭᠡᠨ ᠠᠵᠢᠯ ᠳᠠᠭᠤᠰᠬᠠᠵᠤ᠂ ᠤᠯᠢᠶᠠᠰᠤᠲᠠᠢ ᠠᠴᠠ ᠵᠡᠭᠦᠨ ᠬᠠᠲᠠᠪᠴᠢ | ᠬᠥᠷᠬᠦ ᠬᠡᠰᠡᠭ ᠢ ᠪᠥᠬᠦ ᠱᠤᠭᠤᠮ ᠢᠶᠠᠷ ᠲᠡᠷᠭᠡ ᠨᠡᠪᠲᠡᠷᠡᠭᠦᠯᠵᠦ᠂ ᠪᠥᠬᠦ ᠬᠤᠰᠢᠭᠤᠨ ᠤ ᠵᠠᠰᠠᠮᠠᠯ ᠵᠠᠮ ᠤᠨ ᠪᠥᠬᠦ | ᠣᠷᠳᠣ 2708 ᠺᠢᠯᠣᠮᠧᠲᠷ ᠲᠤ ᠬᠦᠷᠴᠦ᠂ ᠭᠠᠴᠠᠭ᠎ᠠ ᠳᠤ ᠨᠠᠪᠳᠡᠷᠡᠬᠦ ᠵᠠᠮ ᠢ ᠪᠦᠬᠦᠨ ᠢ ᠬᠠᠳᠠᠭᠤᠷᠠᠭᠤᠯᠵᠣ᠂ | ᠠᠷᠠᠳ ᠤᠨ ᠬᠡᠷᠡᠭᠯᠡᠭᠡᠨ ᠤ ᠨᠢᠰᠬᠡᠯ ᠤᠨ ᠲᠠᠯᠠᠪᠠᠢ ᠶᠢᠨ ᠴᠡᠷᠢᠭ ᠠᠩᠭᠢ ᠪᠠ ᠣᠷᠣᠨ ᠨᠤᠲᠤᠭ ᠤᠨ ᠵᠥᠪᠳᠡᠯᠴᠡᠬᠡᠷ ᠨᠢ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠢᠨᠠᠨ ᠵᠦᠪᠰᠢᠶᠡᠷᠡᠯ ᠢ ᠣᠯᠵᠣ᠂ ᠴᠢᠨᠠᠷᠯᠢᠭ ᠬᠦᠭᠵᠢᠯᠲᠡ ᠳᠤ | ᠪᠠᠲᠤ ᠪᠠᠬᠢ ᠰᠠᠭᠤᠷᠢ ᠲᠠᠯᠪᠢᠪᠠ᠃ | ᠲᠠᠪᠤᠨ ᠵᠢᠯ ᠤᠨ ᠲᠤᠷᠰᠢ᠂ ᠪᠢᠳᠡ ᠬᠠᠭᠤᠴᠢᠨ ᠢ ᠥᠭᠡᠷᠡᠴᠢᠯᠡᠨ ᠰᠢᠨ᠎ᠡ ᠶᠢ ᠪᠠᠶᠢᠭᠤᠯᠵᠤ᠂ ᠥᠭᠡᠷᠡᠴᠢᠯᠡᠯᠲᠡ | ᠨᠡᠭᠡᠭᠡᠯᠲᠡ ᠠᠮᠢᠵᠢᠷᠠᠯ ᠤᠨ ᠬᠦᠴᠦᠨ ᠢᠶᠠᠷ ᠪᠢᠯᠬᠠᠪᠠ᠃ ᠶᠡᠷᠦᠩᠬᠡᠶ ᠱᠦᠵᠢ ᠠᠴᠠ ᠥᠪᠥᠷ ᠮᠣᠩᠭᠤᠯ ᠳᠤ | ᠨᠠᠶᠢᠳᠠᠭᠰᠠᠨ ︽ᠭᠤᠷᠪᠠᠨ ᠵᠦᠢᠯ ᠤᠨ ᠥᠭᠡᠷᠡᠴᠢᠯᠡᠯᠲᠡ ᠶᠢᠨ ᠡᠭᠦᠷᠭᠡ︾ ᠢᠳᠡᠪᠬᠢ ᠦᠷ᠎ᠡ ᠪᠦᠲᠦᠮᠵᠢ ᠣᠯᠵᠤ᠂ | ᠪᠥᠬᠦ ᠬᠤᠰᠢᠭᠤᠨ ᠤ 75.26% ᠶᠢᠨ ᠭᠠᠵᠠᠷ ᠰᠢᠷᠣᠢ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠳᠤ ᠣᠷᠣᠭᠤᠯᠵᠣ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠪᠠᠯ ᠬᠠᠷᠢᠭᠤᠴᠠᠯᠭ᠎ᠠ | ᠨᠡᠬᠡᠮᠵᠢᠯᠡᠬᠦ᠂ ᠠᠵᠤ ᠦᠢᠯᠡᠰ ᠤᠨ ᠵᠦᠪᠰᠢᠶᠡᠷᠡᠯ ᠵᠡᠷᠭᠡ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃ | ᠮᠠᠯᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠭᠰᠠᠨ ᠳᠣᠭᠳᠠᠴᠠ ᠶᠢ ᠪᠠᠶᠢᠭᠤᠯᠵᠣ᠂ | ᠮᠠᠯᠴᠢᠳ ᠤᠨ ᠬᠦᠮᠦᠨ ᠪᠦᠷᠢ ᠶᠢᠨ ᠳᠤᠮᠳᠠᠴᠢ ᠠᠵᠤ ᠦᠢᠯᠡᠰ ᠤᠨ ᠣᠷᠣᠯᠭ᠎ᠠ 8154 ᠲᠥᠭᠦᠷᠢᠭ ᠲᠤ ᠬᠦᠷᠪᠡ᠃ | ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠬᠠᠮᠳᠣᠷᠠᠯᠴᠠᠭᠠᠨ ᠤ ᠰᠢᠨ᠎ᠡ ᠵᠠᠭᠪᠣᠷ ᠢ ᠡᠭᠦᠳᠴᠦ᠂ ︽ᠰᠣᠷᠠᠭ | ᠵᠠᠩᠬᠢ ᠪᠠᠨ ᠬᠠᠷᠢᠯᠴᠠᠨ ᠰᠣᠯᠢᠯᠴᠠᠬᠤ᠂ ᠬᠢᠨᠠᠨ ᠬᠠᠮᠢᠶᠠᠷᠣᠯᠲᠠ ᠪᠠᠨ ᠬᠠᠷᠢᠯᠴᠠᠨ ᠮᠡᠳᠡᠷᠡᠬᠦ᠂ ᠬᠠᠣᠯᠢ ᠬᠡᠷᠡᠭᠵᠢᠬᠦᠯᠬᠦ | ᠳᠤ ᠬᠠᠷᠢᠯᠴᠠᠨ ᠲᠣᠰᠠᠯᠠᠬᠤ︾ ᠪᠣᠭᠤᠮᠲᠠ ᠶᠢᠨ ᠨᠡᠪᠳᠡᠷᠡᠯᠴᠡᠭᠡᠨ ᠤ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠂ | ᠮᠣᠩᠭᠤᠯ ᠤᠯᠤᠰ ᠯᠤᠭ᠎ᠠ ᠶᠢᠨ ᠠᠵᠤ ᠠᠬᠤᠶ᠂ ᠰᠣᠶᠣᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠣᠯᠠᠨ | ᠳᠠᠯ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠣᠯᠠᠨ ᠤᠯᠤᠰ ᠤᠨ ᠠᠷᠠᠯᠵᠢᠶᠠᠨ ᠤ ︽ | ᠭᠠᠭᠴᠠ ᠴᠣᠩᠬᠤᠪᠴᠢ︾ ᠶᠢᠨ ᠬᠡᠷᠡᠭᠯᠡᠯᠲᠡ ᠶᠢ ᠪᠠᠶᠢᠩᠭᠤᠵᠢᠭᠤᠯᠣᠨ᠂ ᠪᠥᠬᠦ ᠤᠯᠤᠰ ᠤᠨ ᠴᠣᠷ ᠤᠨ ᠭᠠᠭᠴᠠ | ᠬᠤᠰᠢᠭᠤ ᠰᠢᠶᠠᠨ ᠤ ᠳᠡᠰ ᠤᠨ ATA ᠦᠨᠡᠮᠯᠡᠯ ᠤᠨ ᠲᠤᠬᠠᠶᠢᠯᠠᠭᠰᠠᠨ ᠠᠵᠢᠯ ᠤᠨ ᠸᠢᠰᠠ ᠭᠦᠢᠴᠡᠳᠬᠡᠬᠦ | ᠪᠠᠶᠢᠭᠤᠯᠤᠮᠵᠢ ᠪᠣᠯᠪᠠ᠃ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ | ᠲᠡᠭᠦᠯᠳᠡᠷᠵᠢᠭᠦᠯᠦᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠡᠬᠡᠪᠡᠷ ᠳᠡᠭᠡᠭᠰᠢᠯᠡᠵᠦ᠂ ᠭᠠᠳᠠᠭᠠᠳᠤ ᠠᠴᠠ | ᠣᠷᠣᠭᠤᠯᠵᠤ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠣᠩᠭᠡᠢ ᠬᠡᠮᠵᠢᠶ᠎ᠡ 595.64 ᠲᠦᠮᠡᠨ ᠲᠣᠨ ᠳᠤ | ᠬᠦᠷᠴᠦ᠂ ᠪᠠᠷᠠᠭᠠᠨ ᠤ ᠥᠷᠲᠡᠭ 36.85 ᠳ᠋ᠦᠩᠰᠢᠭᠤᠷ ᠳ᠋ᠣᠯᠯᠠᠷ ᠲᠤ ᠬᠦᠷᠪᠡ᠃ ︽ᠪᠠᠭᠤᠯᠭᠠᠬᠤ᠂ ᠬᠠᠮᠢᠶᠠᠷᠬᠤ᠂ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠬᠤᠰᠢᠭᠤᠨ ᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 7796 ᠡᠷᠦᠬᠡ ᠳᠤ ᠬᠦᠷᠴᠦ᠂ | ᠳᠠᠩᠰᠠᠯᠠᠭᠤᠯᠤᠭᠰᠠᠨ ᠪᠡᠯᠡ ᠮᠥᠩᠭᠦ 142.87 ᠳ᠋ᠦᠩᠰᠢᠭᠤᠷ ᠲᠥᠭᠦᠷᠢᠭ ᠲᠤ ᠬᠦᠷᠪᠡ︔ ᠰᠢᠨ᠎ᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠠᠰᠢᠭᠯᠠᠯᠲᠠ ᠳᠤ ᠣᠷᠣᠭᠤᠯᠵᠤ᠂ 244 ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠵᠤ᠂ ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠢᠴᠡᠳᠬᠡᠬᠦ | ᠵᠦᠢᠯᠡᠰ ᠪᠠ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠳᠣᠰᠪᠦᠷᠢ 91% ᠪᠠ | 92% ᠲᠤ ᠬᠦᠷᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠪᠤᠰᠤᠳ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ | ᠲᠠᠪᠤᠨ ᠵᠢᠯ ᠤᠨ ᠲᠤᠷᠰᠢ᠂ ᠪᠢᠳᠠ ᠬᠠᠷᠢᠭᠤᠴᠠᠯᠭ᠎ᠠ ᠡᠭᠦᠷᠭᠡᠯᠡᠨ ᠠᠵᠢᠯᠯᠠᠵᠣ᠂ ᠠᠷᠠᠳ ᠤᠨ ᠠᠮᠢᠳᠤᠷᠠᠯ ᠤᠨ | ᠵᠣᠯ ᠵᠢᠷᠭᠠᠯ ᠢ ᠬᠦᠴᠦᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 61.1 ᠳ᠋ᠦᠩᠰᠢᠭᠤᠷ | ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70.77% ᠶᠢ ᠡᠵᠡᠯᠡᠪᠡ᠃ ᠠᠵᠢᠯ | ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠵᠤ᠂ ᠨᠡᠶᠢᠲᠡ 5314 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠦᠢᠯᠡᠰ ᠪᠣᠰᠬᠠᠬᠤ ᠳᠠᠭᠠᠭᠠᠯᠳᠠᠳᠣ ᠵᠢᠭᠡᠯᠡᠯᠭᠡ 4948 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠠᠪᠠ᠃ ᠦᠨᠳᠦᠰᠦᠨ | ᠨᠠᠰᠣᠵᠢᠯ ᠤᠨ ᠳᠠᠭᠠᠳᠬᠠᠯ ᠤᠨ ᠳᠣᠭᠳᠠᠯᠴᠠᠭ᠎ᠠ ᠶᠢ ᠬᠤᠳᠠ ᠬᠥᠳᠡᠭᠡ ᠳᠤ ᠪᠦᠷᠬᠦᠬᠦᠯᠵᠣ᠂ ᠡᠮ ᠡᠮᠨᠡᠯᠭᠡ ᠶᠢᠨ | ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠪᠠᠳᠣᠯᠠᠭ᠎ᠠ ᠪᠠ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠡᠳᠣᠷ ᠢᠷᠡᠬᠦᠶ᠎ᠡ ᠳᠡᠬᠦᠯᠳᠡᠷᠵᠢᠪᠡ︔ ᠰᠤᠷᠭᠠᠨ ᠬᠥᠮᠦᠵᠢᠯ ᠤᠨ ᠦᠢᠯᠡᠰ ᠡᠷᠡᠭᠦᠯ ᠢᠶᠠᠷ ᠬᠥᠭᠵᠢᠵᠦ᠂ | 173 ᠪᠠᠭᠰᠢ ᠡᠯᠰᠡᠵᠣ᠂ 8 ᠳᠣᠮᠳᠠ᠂ ᠪᠠᠭ᠎ᠠ ᠰᠤᠷᠭᠠᠭᠤᠯᠢ ᠶᠢᠨ ᠰᠠᠭᠤᠷᠢ ᠪᠦᠳᠦᠭᠡᠨ ᠪᠠᠶᠢᠭᠤᠯᠣᠯᠲᠠ ᠶᠢ ᠪᠦᠬᠦ | ᠲᠠᠯ᠎ᠠ ᠪᠠᠷ ᠲᠡᠰ ᠳᠡᠪᠰᠢᠭᠦᠯᠵᠦ᠂ 2 ᠰᠠᠤᠷᠢ ᠰᠤᠮᠤ ᠪᠠᠯᠭᠠᠰᠤᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠤᠨ᠂ ᠡᠯ᠎ᠡ ᠲᠥᠷᠥᠯ ᠤᠨ ᠰᠤᠷᠤᠯᠭ᠎ᠠ ᠶᠢᠨ ᠲᠡᠳᠬᠦᠮᠵᠢ ᠶᠢᠨ ᠪᠡᠯᠡ ᠮᠥᠩᠭᠦ ᠶᠢ 1.1 ᠳ᠋ᠦᠩᠰᠢᠭᠤᠷ | ᠲᠥᠭᠦᠷᠢᠭ ᠲᠠᠷᠬᠠᠭᠠᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ | ᠪᠠ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠭᠰᠠᠨ ᠨᠣᠷᠮ᠎ᠠ 100% ᠳᠤ ᠬᠦᠷᠴᠦ᠂ ᠦᠨᠳᠦᠷ ᠳᠣᠮᠳᠠᠳᠣ ᠳᠤ | ᠳᠠᠪᠰᠢᠭᠰᠠᠨ ᠪᠠ ᠶᠡᠭᠡ ᠰᠣᠷᠭᠠᠭᠤᠯᠢ ᠳᠤ ᠣᠷᠣᠭᠰᠠᠨ ᠨᠣᠷᠮ᠎ᠠ ᠦᠷᠭᠦᠯᠵᠢᠯᠡᠨ ᠳᠡᠭᠡᠭᠰᠢᠯᠡᠪᠡ᠃ ᠡᠮᠴᠢᠯᠡᠭᠡᠨ ᠤ ᠡᠬᠢ | ᠪᠠᠶᠠᠯᠢᠭ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ᠂ ᠠᠶᠠᠨ ᠮᠠᠯᠵᠢᠬᠤ ᠣᠷᠣᠨ ᠤ ᠨᠠᠰᠣᠳᠠᠶᠢᠴᠣᠳ | ᠢ ᠠᠰᠠᠷᠠᠬᠤ ᠬᠦᠷᠢᠶᠡᠯᠡᠩ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠶᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠠᠯᠭᠠᠰᠣᠨ ᠤ ᠡᠮᠨᠡᠯᠭᠡ ᠶᠢᠨ ᠬᠤᠷᠢᠶ᠎ᠠ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠲᠦᠬᠦᠭᠡᠷᠣᠮᠵᠢ ᠲᠠᠰᠤᠷᠠᠯᠲᠠ ᠥᠬᠡᠶ | ᠲᠡᠭᠦᠯᠳᠡᠷᠵᠢᠵᠦ᠂ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠣ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮᠴᠢᠯᠡᠭᠡᠨ ᠤ | ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠣᠨᠣᠰᠢᠯᠠᠨ ᠡᠮᠨᠡᠬᠦ ᠴᠢᠳᠠᠪᠤᠷᠢ ᠨᠡᠶᠢᠳᠡᠮ ᠳᠡᠭᠡᠭᠰᠢᠯᠡᠵᠣ᠂ ᠥᠪᠡᠷᠲᠡᠭᠡᠨ | ᠵᠠᠰᠠᠬᠤ ᠣᠷᠣᠨ ᠤ ︽ᠡᠷᠡᠭᠦᠯ ᠮᠡᠨᠳᠦ ᠶᠢ ᠠᠬᠢᠭᠤᠯᠬᠤ ᠬᠤᠰᠢᠭᠤ︾ ᠪᠠ ︽ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠲᠦᠷᠢᠮᠵᠢᠬᠦᠯᠦᠨ ᠠᠷᠭᠠᠴᠠᠬᠤ ᠬᠤᠰᠢᠭᠤ︾ ᠪᠠᠷ ᠦᠨᠡᠯᠡᠭᠳᠡᠪᠡ᠃ ᠰᠣᠶᠣᠯ ᠪᠡᠶ᠎ᠡ ᠲᠠᠮᠢᠷ ᠤᠨ ᠦᠢᠯᠡᠰ | ᠯᠠᠪᠳᠠᠭᠤᠨ ᠢᠶᠠᠷ ᠬᠥᠭᠵᠢᠵᠦ᠂ ᠪᠦᠬᠦ ᠠᠶᠢᠮᠠᠭ ᠤᠨ ᠠᠩᠬᠠᠳᠠᠭᠴᠢ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ | ᠪᠣᠯᠪᠠᠰᠤᠷᠠᠯ ᠤᠨ ᠰᠠᠭᠤᠷᠢᠨ ᠭᠠᠵᠠᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠲᠠᠮᠢᠷ ᠤᠨ | ᠣᠷᠳᠣᠨ ᠢ ᠪᠦᠬᠦ ᠲᠠᠯ᠎ᠠ ᠪᠠᠷ ᠥᠭᠡᠷᠡᠴᠢᠯᠡᠨ ᠪᠠᠶᠢᠭᠤᠯᠵᠣ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ | ᠨᠣᠮ ᠤᠨ ᠰᠠᠩ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ ᠰᠠᠶᠢᠵᠢᠷᠠᠭᠤᠯᠬᠤ ᠢᠨᠵᠧᠨᠧᠷᠢᠩ ᠢ ᠡᠮᠬᠢ | ᠴᠡᠭᠴᠡ ᠲᠠᠢ ᠠᠬᠢᠭᠤᠯᠵᠤ᠂ ᠪᠦᠬᠦ ᠣᠷᠣᠨ ᠤ ᠮᠣᠩᠭᠤᠯ ᠪᠥᠬᠡ ᠶᠢᠨ ᠴᠦᠷᠬᠦᠯᠡᠭᠡ ᠪᠠᠷᠢᠯᠳᠣᠭᠠᠨ ᠤ ᠰᠢᠢᠳᠪᠦᠷᠢᠲᠦ | ᠤᠷᠤᠯᠳᠤᠭᠠᠨ᠂《 ᠲᠦᠮᠡᠨ ᠠᠭᠲᠠ ᠶᠢᠨ ᠲᠦᠪᠡᠷᠭᠡᠨ》ᠲᠣᠮᠣ ᠬᠡᠯᠪᠡᠷᠢ ᠶᠢᠨ ᠭᠡᠷᠡᠯ ᠵᠢᠷᠤᠭ ᠠᠪᠬᠤ ᠠᠵᠢᠯᠯᠠᠭ᠎ᠠ | ᠵᠡᠷᠭᠡ ᠰᠢᠷᠢᠰ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠦ᠂ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠳᠤᠮᠳᠠᠳᠤ ᠮᠣᠩᠭᠤᠯ ᠣᠯᠣᠰ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 70 ᠵᠢᠯ ᠤᠨ ᠣᠢ᠂ ᠳᠥᠷᠪᠡᠨ ᠴᠠᠭ ᠤᠨ ᠦᠵᠦᠮᠦᠴᠢᠨ᠂ ᠤᠯᠠᠭᠠᠨᠮᠥ᠋ᠴᠢᠷ ᠦᠨᠳᠦᠰᠦᠨ | ᠱᠠᠲᠤᠨ ᠳᠤ ᠪᠠᠭᠤᠬᠤ ᠵᠡᠷᠭᠡ ᠰᠢᠷᠢᠰ ᠰᠣᠶᠣᠯ ᠤᠷᠠᠯᠢᠭ ᠤᠨ ᠠᠵᠢᠯᠯᠠᠭ᠎ᠠ ᠶᠢ ᠡᠷᠬᠢᠯᠡᠵᠦ᠂ ᠣᠯᠠᠨ ᠲᠦᠮᠡᠨ ᠤ ᠦᠵᠡᠯ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠠᠮᠤᠷ ᠠᠮᠣᠭᠤᠯᠠᠩ ᠵᠡᠭᠦᠨ ᠦᠵᠦᠮᠦᠴᠢᠨ᠂ ᠬᠠᠣᠯᠢ ᠪᠠᠷ | ᠵᠠᠰᠠᠬᠤ ᠵᠡᠬᠦᠨ ᠦᠵᠦᠮᠦᠴᠢᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠣ᠂ ᠡᠷᠡᠭᠦᠦ ᠶᠢᠨ ᠬᠡᠷᠡᠭ | ᠂ ᠠᠮᠤᠷ ᠲᠦᠪᠰᠢᠨ ᠤ ᠬᠡᠷᠡᠭ ᠵᠢᠯ ᠳᠠᠷᠠᠭᠠᠯᠠᠨ ᠪᠠᠭᠠᠰᠴᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠢ ᠭᠦᠨᠵᠡᠭᠡᠢ ᠬᠡᠷᠡᠭᠵᠢᠬᠦᠯᠵᠣ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠦᠷᠭᠦᠯᠵᠢᠯᠡᠨ ᠴᠢᠩᠭᠠᠷᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠴᠢᠳᠠᠪᠤᠷᠢ ᠢᠯᠡᠳᠲᠡ ᠳᠡᠭᠡᠭᠰᠢᠯᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠲᠣᠭᠲᠠᠭᠤᠨ ᠢ | ᠪᠠᠳᠣᠯᠠᠪᠠ᠃ | ᠲᠠᠪᠤᠨ ᠵᠢᠯ ᠤᠨ ᠲᠤᠷᠰᠢ᠂ ᠪᠢᠳᠠ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠣᠱᠯᠠᠭᠤᠯᠬᠤ ᠶᠢ ᠲᠡᠷᠢᠭᠦᠨ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠢᠮᠠᠭᠲᠠ ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠣᠨ ᠲᠦᠷᠢᠮᠵᠢᠬᠦᠯᠵᠣ᠂ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠣ᠂ ︽ | ᠳᠥᠷᠪᠡᠨ ᠤᠬᠠᠮᠰᠠᠷ︾ ᠢᠶᠠᠨ ᠳᠡᠭᠡᠭᠰᠢᠯᠡᠬᠦᠯᠵᠣ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠪᠡ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠶᠣᠰᠣᠴᠢ ᠴᠢᠨᠠᠷ ᠤᠨ | ᠬᠢᠨᠠᠨ ᠪᠠᠶᠢᠴᠠᠭᠠᠯᠲᠠ ᠵᠡᠷᠭᠡ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠴᠢᠬᠤᠯᠠ ᠰᠢᠢᠳᠪᠦᠷᠢᠲᠦ | ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠣᠯᠠᠨ ᠲᠦᠮᠡᠨ ᠪᠠ ᠶᠠᠷᠢᠶ᠎ᠠ | ᠬᠡᠯᠡᠯᠴᠡᠭᠡᠨ ᠤ ᠬᠢᠨᠠᠯᠳᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ | ᠪᠦᠯᠬᠦᠮ ᠤᠨ ᠰᠠᠨᠠᠯ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠠᠨᠠᠯ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 641 ᠬᠤᠪᠢ | ᠭᠦᠢᠴᠡᠳᠬᠡᠵᠦ᠂ ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠴᠦ᠂ ᠪᠥᠬᠦ ᠣᠷᠣᠨ ᠤ ᠬᠠᠣᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠬᠤᠰᠢᠭᠤ ᠪᠠᠷ ᠦᠨᠡᠯᠡᠭᠳᠡᠪᠡ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ | ᠭᠤᠣᠯᠳᠠᠯᠭᠠᠳᠣ ᠬᠦᠷᠢᠶ᠎ᠡ ᠬᠡᠪᠴᠢᠶ᠎ᠡ ᠪᠠ ᠭᠤᠭᠴᠤᠭ᠎ᠠ ᠳᠤ ᠬᠢᠨᠠᠯᠳᠠ ᠲᠠᠯᠪᠢᠬᠤ ᠶᠢ ᠦᠨᠡᠨᠬᠦ ᠴᠢᠩᠭᠠᠳᠬᠠᠵᠤ᠂ ᠵᠠᠰᠠᠭ | ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ | ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠪᠠ᠃ ᠲᠥᠪ ᠤᠨ ᠨᠠᠢᠮᠠᠨ ᠵᠦᠢᠯ ᠤᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ︽ᠲᠦᠷᠪᠡᠨ ᠰᠤᠷᠲᠠᠯ︾ ᠢ ᠴᠡᠭᠴᠡᠯᠡᠨ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ | ︽ᠭᠤᠷᠪᠠᠨ ᠵᠦᠢᠯ ᠤᠨ ᠠᠯᠪᠠᠨ ᠵᠠᠷᠤᠳᠠᠯ︾ ᠪᠣᠯᠤᠨ ᠡᠩ ᠤᠨ ᠴᠢᠨᠠᠷᠲᠠᠢ ᠵᠠᠷᠤᠯᠭ᠎ᠠ ᠦᠷᠭᠦᠯᠵᠢᠯᠡᠨ ᠪᠠᠭᠤᠷᠠᠪᠠ᠃ | ᠡᠭᠦᠨ ᠤ ᠬᠠᠮᠲᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠶᠠᠪᠣᠭᠳᠠᠭᠤᠯᠵᠣ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠦᠷᠭᠦᠯᠵᠢᠯᠡᠨ ᠴᠢᠩᠭᠠᠷᠠᠵᠤ᠂ ᠬᠢᠨᠠᠨ ᠪᠣᠳᠣᠬᠤ᠂ ᠲᠠᠩᠰᠠ | ᠡᠪᠬᠡᠮᠡᠯ᠂ ᠤᠯᠠᠭᠠᠨ ᠵᠠᠭᠠᠯᠮᠠᠶᠢᠲᠠᠨ᠂ ᠭᠠᠳᠠᠭᠠᠳᠤ ᠶᠠᠪᠤᠳᠠᠯ᠂ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ | ᠳᠠᠪᠰᠢᠯᠲᠠ ᠲᠠᠢ ᠪᠣᠯᠵᠣ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠳᠣ ᠬᠤᠷᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠪᠠ᠃ | ᠲᠥᠯᠥᠭᠡᠯᠡᠭᠴᠢᠳ ᠡ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠣᠰ ᠤᠨ ᠵᠢᠯ ᠪᠣᠯᠣᠨ᠎ᠠ᠃ ᠭᠡᠨᠡᠳᠲᠡ | ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠠᠵᠤ ᠠᠬᠤᠶ ᠶᠢᠨ | ᠪᠠᠭᠤᠷᠠᠯᠲᠠ ᠶᠢᠨ ᠬᠤᠣᠰ ᠳᠠᠷᠤᠯᠲᠠ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠬᠦᠨᠳᠦ ᠡᠭᠦᠷᠭᠡ ᠶᠢ ᠡᠭᠦᠷᠭᠡᠯᠡᠨ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠪᠠᠳᠣᠯᠠᠵᠣ᠂ | ᠨᠡᠶᠢᠭᠡᠮ ᠤᠨ ᠦᠨᠳᠦᠰᠦᠨ ᠪᠠᠶᠢᠳᠠᠯ ᠢ ᠳᠣᠭᠳᠠᠪᠣᠷᠢᠵᠢᠭᠤᠯᠣᠨ᠂ ᠪᠥᠬᠦ ᠬᠤᠰᠢᠭᠤᠨ ᠤ ᠠᠵᠤ ᠠᠬᠤᠶ ᠲᠣᠭᠲᠠᠭᠤᠨ ᠤ | ᠳᠤᠮᠳᠠ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ ᠢᠶᠠᠷ ᠭᠦᠭᠵᠢᠪᠡ᠃ | ᠨᠢᠭᠡ᠂ ︽ᠬᠤᠣᠰ ᠰᠡᠷᠭᠡᠶᠢᠯᠡᠯᠲᠡ︾ ᠶᠢ ᠪᠥᠬᠦ ᠬᠦᠴᠦᠨ ᠢᠶᠠᠷ ᠰᠠᠶᠢᠲᠤᠷ ᠬᠢᠵᠦ᠂ ᠬᠢᠵᠢᠭ ᠤᠨ | ᠰᠡᠷᠭᠡᠶᠢᠯᠡᠯᠲᠡ ᠢᠯᠡᠳᠲᠡ ᠦᠷ᠎ᠡ ᠪᠦᠲᠦᠮᠵᠢ ᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ | ᠱᠠᠲᠤᠨ ᠤ ᠵᠢᠯᠣᠭᠤᠳᠬᠤ ᠭᠠᠵᠠᠷ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ | ᠬᠤᠯᠤᠭᠠᠨ᠎ᠠ ᠶᠢᠨ ᠬᠢᠵᠢᠭ ᠢ ᠵᠡᠷᠭᠡᠪᠡᠷ ᠰᠡᠷᠭᠡᠶᠢᠯᠡᠨ ᠡᠵᠡᠮᠳᠡᠵᠣ᠂ ᠪᠥᠬᠦ ᠬᠤᠰᠢᠭᠤᠨ ᠤ ᠠᠷᠠᠳ ᠲᠦᠮᠡᠨ ᠢ | ᠳᠠᠶᠢᠴᠢᠯᠠᠨ ᠪᠦᠯᠬᠦᠮᠳᠡᠬᠦᠯᠵᠣ᠂ ᠪᠦᠬᠦ ᠬᠦᠴᠦᠨ ᠢᠶᠠᠷ ᠬᠢᠵᠢᠭ ᠲᠠᠢ ᠲᠡᠮᠡᠴᠡᠵᠦ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ᠂ ᠡᠮᠴᠢ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠴᠠᠭᠠᠨ ︵ᠨᠡᠶᠢᠭᠡᠮ | ᠲᠣᠭᠤᠷᠢᠭ︶ ᠤ ᠺᠠᠳ᠋ᠷ ᠡᠮᠦᠨ᠎ᠡ ᠡᠩᠨᠡᠭᠡᠨ ᠳᠤ ᠭᠠᠪᠰᠢᠭᠠᠶᠢᠯᠠᠵᠤ᠂ ᠡᠳᠦᠷ ᠰᠥᠨᠢ ᠥᠬᠡᠶ ᠠᠵᠢᠯᠯᠠᠵᠣ᠂ ᠥᠷᠭᠡᠨ | ᠣᠯᠠᠨ ᠰᠠᠶᠢᠨ ᠳᠤᠷᠠᠴᠤᠳ ᠶᠠᠳᠠᠷᠠᠯ ᠵᠦᠳᠡᠷᠡᠯ ᠢᠶᠠᠨ ᠬᠠᠶᠢᠬᠤᠷᠤᠯ ᠥᠬᠡᠶ᠂ ᠬᠠᠷᠠᠮ ᠥᠬᠡᠶ ᠵᠣᠷᠢᠭᠤᠯᠵᠤ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ | ᠂ ᠪᠢᠲᠡᠭᠦᠮᠵᠢᠯᠡᠭᠰᠡᠨ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠣᠭᠤᠮ ᠢ ᠪᠠᠶᠢᠭᠤᠯᠪᠠ᠃ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠣᠭᠳᠠᠯᠴᠠᠭ᠎ᠠ ᠪᠥᠬᠦ ᠲᠠᠯ᠎ᠠ ᠪᠠᠷ ᠴᠢᠩᠭᠠᠷᠠᠵᠤ | ᠂ ᠪᠠᠯᠠ ᠮᠥᠩᠭᠦ᠂ ᠡᠳ᠋ ᠪᠣᠳᠠᠰ ᠢ ᠴᠠᠭ ᠲᠤᠬᠠᠶ ᠳᠤᠨᠢ ᠭᠦᠢᠴᠡᠳ ᠪᠠᠲᠤᠯᠠᠵᠤ᠂ ᠬᠤᠰᠢᠭᠤ ᠡᠮᠨᠡᠯᠭᠡ ᠶᠢᠨ ᠬᠤᠷᠢᠶ᠎ᠠ | ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠲᠤᠷᠰᠢᠯᠲᠠ ᠶᠢᠨ ᠲᠠᠰᠤᠭ ᠢ ᠪᠠᠶᠢᠭᠤᠯᠣᠨ ᠬᠤᠶᠠᠳᠤᠭᠠᠷ ᠳᠡᠰ ᠤᠨ ᠠᠮᠢᠳᠤ ᠪᠣᠳᠠᠰ ᠤᠨ ᠠᠮᠤᠷ ᠲᠦᠪᠰᠢᠨ ᠤ | ᠲᠤᠷᠰᠢᠯᠲᠠ ᠶᠢᠨ ᠲᠠᠰᠤᠭ ᠤᠨ ᠪᠠᠷᠢᠮᠵᠢᠶ᠎ᠠ ᠳᠤ ᠬᠦᠷᠭᠡᠵᠣ᠂ ᠬᠠᠲᠠᠪᠴᠢ ᠶᠢᠨ ᠬᠡᠭᠡᠷ᠎ᠡ ᠶᠢᠨ ᠬᠤᠯᠤᠭᠠᠨ᠎ᠠ ᠶᠢᠨ | ᠬᠢᠵᠢᠭ ᠢ ᠬᠢᠨᠠᠨ ᠬᠡᠮᠵᠢᠬᠦ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ 180 ᠲᠦᠮᠡᠨ ᠮᠥ ᠨᠣᠳᠤᠭ ᠪᠡᠯᠴᠢᠭᠡᠷ ᠢ | ᠬᠢᠨᠠᠨ ᠪᠠᠶᠢᠴᠠᠭᠠᠵᠤ᠂ 233 ᠲᠦᠮᠡᠨ ᠮᠥ ᠨᠣᠳᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ | ᠵᠠᠰᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ | ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ ᠪᠠᠶᠢᠴᠠᠭᠠᠬᠤ᠂ ᠪᠠᠴᠢᠮ | ᠪᠠᠶᠢᠳᠠᠯ ᠢ ᠠᠷᠭᠠᠴᠠᠭᠠᠬᠤ᠂ ᠡᠳ᠋ ᠪᠣᠳᠠᠰ ᠤᠨ ᠪᠠᠲᠣᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠴᠢᠳᠠᠪᠤᠷᠢ | ᠢᠯᠡᠳᠲᠡ ᠳᠡᠭᠡᠭᠰᠢᠯᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠣᠨ᠂ ᠬᠢᠵᠢᠭ | ᠠᠴᠠ ᠰᠡᠷᠭᠡᠶᠢᠯᠡᠭᠰᠡᠨ ᠬᠢᠯᠪᠡᠷ ᠪᠣᠰᠣ ᠦᠷ᠎ᠡ ᠪᠦᠲᠦᠭᠡᠯ ᠢ ᠣᠯᠠᠮ ᠪᠠᠬᠢᠵᠢᠬᠦᠯᠪᠡ᠃ | ᠬᠤᠶᠠᠷ᠂ ᠬᠠᠷᠠᠯᠲᠠ ᠪᠠᠨ ᠪᠡᠶᠡᠯᠡᠬᠦᠯᠬᠦ ᠪᠠᠷ ᠬᠦᠴᠦᠯᠡᠨ ᠴᠢᠷᠮᠠᠶᠢᠵᠣ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠡᠯᠪᠡᠭ ᠦᠷ᠎ᠡ ᠪᠦᠲᠦᠭᠡᠯ ᠤᠯᠪᠠ᠃ ᠪᠥᠬᠦ ᠵᠢᠯ ᠤᠨ ᠡᠯ᠎ᠡ ᠲᠥᠷᠥᠯ ᠤᠨ ᠶᠠᠳᠠᠭᠤ ᠶᠢ ᠲᠡᠳᠬᠦᠬᠦ | ᠲᠤᠰᠬᠠᠶ ᠪᠠᠯᠠ ᠮᠥᠩᠭᠦ 1834 ᠲᠦᠮᠡᠨ ᠲᠥᠭᠦᠷᠢᠭ ᠲᠤ ᠬᠦᠷᠴᠦ᠂ ᠶᠠᠳᠠᠭᠤ ᠶᠢ ᠲᠡᠳᠬᠦᠬᠦ ᠠᠵᠤ ᠦᠢᠯᠡᠰ᠂ ᠡᠮ | ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠬᠤ᠂ ᠰᠤᠷᠤᠯᠭ᠎ᠠ ᠲᠡᠳᠬᠦᠬᠦ᠂ ᠨᠡᠶᠢᠭᠡᠮ ᠤᠨ ᠦᠨᠳᠦᠰᠦᠨ ᠵᠦᠢᠯ ᠢ | ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠭᠡᠷᠡᠭᠵᠢᠬᠦᠯᠵᠣ᠂ ᠨᠥᠬᠦᠴᠡᠯ ᠳᠤ ᠨᠡᠶᠢᠴᠡᠬᠦ | ᠲᠠᠩᠰᠠ ᠡᠪᠬᠡᠮᠡᠯ ᠪᠠᠶᠢᠭᠤᠯᠣᠭᠰᠠᠨ ᠶᠠᠳᠠᠭᠤ ᠬᠦᠴᠢᠷᠳᠡᠯᠲᠡᠶ ᠬᠥᠮᠦᠰ ᠢ ᠪᠦᠬᠦᠨ ᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠭᠤᠯᠵᠤ᠂ ᠡᠪᠡᠳᠴᠢᠨ᠂ ᠵᠡᠮᠳᠡᠭ ᠠᠴᠠ ᠪᠣᠯᠵᠣ ᠬᠥᠳᠡᠯᠮᠦᠷᠢᠯᠡᠬᠦ | ᠴᠢᠳᠠᠪᠤᠷᠢ ᠪᠠᠨ ᠠᠯᠳᠠᠭᠰᠠᠨ ᠬᠥᠮᠦᠰ ᠢ ᠪᠦᠬᠦᠨ ᠢ ᠮᠠᠯᠵᠢᠬᠤ ᠣᠷᠣᠨ ᠤ ᠨᠠᠭᠠᠳᠣ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠳᠤ ᠣᠷᠣᠭᠤᠯᠵᠤ᠂ ᠶᠠᠳᠠᠭᠤ ᠬᠦᠴᠢᠷᠳᠡᠯᠲᠡᠶ ᠬᠦᠮᠦᠰ ᠢ ᠪᠣᠳᠠᠰ ᠤᠨ ᠳᠡᠮᠵᠢᠯᠭᠡ ᠳᠤ ᠲᠦᠰᠢᠭᠯᠡᠵᠣ | ᠪᠠᠶᠢᠭᠰᠠᠨ ᠠᠴᠠ ᠣᠶᠣᠨ ᠤ ᠳᠡᠮᠵᠢᠯᠭᠡ ᠳᠤ ᠲᠦᠰᠢᠭᠯᠡᠬᠦ ᠳᠠᠰᠢ ᠠᠬᠢᠭᠤᠯᠪᠠ᠃ ᠡᠯ᠎ᠡ ᠲᠥᠷᠥᠯ ᠤᠨ ᠲᠤᠰᠬᠠᠶ ᠪᠠᠯᠠ | ᠮᠥᠩᠭᠦ ᠶᠢ 14.13 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠲᠡᠮᠳᠡᠭᠲᠦ ᠶᠢ 8.14 ᠳ᠋ᠦᠩᠰᠢᠭᠤᠷ ᠲᠥᠭᠦᠷᠢᠭ | ᠳᠡᠮᠡᠴᠡᠨ ᠣᠯᠵᠤ᠂ ᠴᠢᠬᠤᠯᠠ ᠦᠭᠡᠢ᠂ ᠭᠤᠤᠯᠳᠠᠯᠭ᠎ᠠ ᠲᠠᠢ ᠪᠢᠰᠢ ᠪᠠ ᠪᠠᠴᠢᠮ ᠬᠡᠷᠡᠭᠯᠡᠬᠦ ᠦᠭᠡᠢ ᠵᠡᠷᠭᠡ ᠡᠩ ᠤᠨ | ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠥᠩᠭᠡᠷᠡᠭᠰᠡᠨ ᠵᠢᠯ ᠤᠨ ᠲᠤᠰᠬᠠᠶ ᠲᠦᠷᠦᠯ ᠤᠨ ᠰᠢᠯᠵᠢᠭᠦᠯᠦᠨ | ᠣᠯᠭᠤᠭᠰᠠᠨ ᠦᠯᠡᠳᠡᠪᠦᠷᠢ ᠪᠡᠯᠡ ᠮᠦᠩᠭᠦ ᠶᠢ ᠴᠢᠯᠥᠭᠡᠲᠡᠶ ᠪᠣᠯᠭᠠᠨ᠂ ᠪᠥᠬᠦ ᠵᠢᠯ ᠳᠤ ᠵᠠᠰᠠᠭ ᠤᠨ ᠣᠷᠳᠣᠨ ᠤ ᠥᠷᠢ | ᠥᠭᠴᠡᠭᠡ ᠶᠢ 15.14 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 710% ᠪᠠᠷ ᠪᠡᠶᠡᠯᠡᠭᠦᠯᠵᠦ | ᠂ ᠥᠷᠢ ᠥᠭᠴᠡᠭᠡ ᠶᠢᠨ ᠨᠣᠷᠮ᠎ᠠ ᠶᠢ 59.4% ᠪᠠᠷ ᠪᠠᠭᠤᠷᠠᠭᠤᠯᠵᠤ᠂ ᠲᠦᠭᠰᠢᠭᠦᠷᠢ ᠶᠢᠨ ᠲᠠᠰ ᠢ ᠤᠯᠠᠪᠤᠷ | ᠥᠩᠭᠡ ᠠᠴᠠ ᠰᠢᠷ᠎ᠠ ᠥᠩᠭᠡ ᠪᠣᠯᠭᠠᠨ ᠪᠠᠭᠤᠷᠠᠭᠤᠯᠵᠤ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠳᠤᠮᠳᠠ ᠵᠢᠵᠢᠭ ᠠᠵᠤ ᠠᠬᠤᠶᠢᠯᠠᠯ ᠤᠨ ᠦᠭᠴᠡᠭᠡ ᠶᠢ4.97 ᠳ᠋ᠦᠩᠰᠢᠭᠤᠷ ᠲᠥᠭᠦᠷᠢᠭ ᠳᠥᠯᠥᠵᠦ᠂ ᠦᠪᠡᠷᠳᠡᠭᠡᠨ | ᠵᠠᠰᠠᠬᠤ ᠣᠷᠣᠨ ᠤ ᠦᠷᠢ ᠦᠭᠴᠡᠭᠡ ᠶᠢ ᠠᠷᠢᠯᠭᠠᠭᠰᠠᠨ ᠱᠠᠩᠨᠠᠯ ᠤᠨ ᠮᠦᠩᠭᠦ 1400 ᠲᠦᠮᠡᠨ ᠲᠦᠭᠦᠷᠢᠭ | ᠬᠦᠷᠳᠡᠪᠡ᠃ | ᠠᠵᠤ ᠦᠢᠯᠡᠳᠪᠦᠷᠢ ᠶᠢᠨ ᠵᠤᠤᠬ᠎ᠠ ᠶᠢ ᠴᠡᠭᠴᠡᠯᠡᠨ ᠵᠠᠰᠠᠬᠤ᠂ ᠨᠡᠭᠦᠷᠡᠰᠦ ᠰᠢᠲᠠᠭᠠᠬᠤ ᠭᠦᠸᠧᠯᠦ ᠶᠢ | ᠳᠠᠶᠠᠭᠳᠠᠭᠤᠯᠵᠣ᠂ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠵᠡᠷᠭᠡ ᠲᠤᠰᠬᠠᠶ ᠲᠦᠷᠦᠯ ᠤᠨ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢ ᠦᠨᠡᠯᠡᠨ ᠵᠢᠱᠢᠬᠦ᠂ ᠬᠤᠲᠠ | ᠪᠠᠯᠭᠠᠰᠣᠨ ᠤ ᠪᠣᠬᠢᠷ ᠤᠰᠤ ᠶᠢ ᠥᠭᠡᠷᠡᠴᠢᠯᠡᠬᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠴᠡᠭᠴᠡᠯᠡᠨ ᠵᠠᠰᠠᠬᠤ | ᠠᠵᠢᠯ ᠢ ᠢᠳᠡᠪᠬᠢᠲᠡᠶ ᠥᠷᠨᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠳᠠ ᠰᠢᠪᠳᠣᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | ᠭᠤᠷᠪᠠ᠂ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠦᠢᠯᠡᠰ ᠤᠨ | ᠬᠦᠭᠵᠢᠯᠲᠡ ᠦᠭᠡᠷᠡᠴᠢᠯᠡᠯᠲᠡ ᠶᠢᠨ ᠠᠯᠬᠤᠴᠠ ᠲᠦᠷᠭᠡᠳᠪᠡ᠃ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ | ᠴᠢᠨᠠᠷ ᠪᠠ ᠦᠷ᠎ᠡ ᠠᠰᠢᠭ ᠵᠡᠷᠭᠡᠪᠡᠷ ᠳᠡᠭᠡᠭᠰᠢᠯᠡᠪᠡ᠃ ᠪᠦᠬᠦ ᠵᠢᠯ ᠳᠤ᠂ 9616 ᠰᠢᠯᠢᠳᠡᠭ ᠡᠭᠦᠯᠳᠡᠷ ᠤᠨ ᠮᠢᠬᠠᠨ | ᠦᠬᠡᠷ ᠣᠷᠣᠭᠤᠯᠤᠨ᠂ ᠠᠶᠢᠮᠠᠭ ᠤᠨ ᠲᠡᠰ ᠤᠨ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ | ᠰᠦᠷᠦᠭ 24 ᠬᠦᠷᠴᠦ᠂ ᠦᠵᠦᠮᠦᠴᠢᠨ ᠬᠤᠨᠢᠨ ᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠳᠡᠰ ᠳᠡᠪᠰᠢᠭᠦᠯᠦᠨ᠂ | 18 ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠵᠤ᠂ 270 ᠭᠤᠣᠯᠳᠠᠯᠭᠠᠲᠤ ᠰᠦᠷᠦᠭ᠂ 2600 | ᠪᠠᠷᠢᠮᠵᠢᠶᠠᠵᠢᠭᠰᠠᠨ ᠰᠦᠷᠦᠭ ᠢ ᠪᠠᠬᠢᠵᠢᠭᠦᠯᠵᠦ᠂ ︽ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠪᠠᠶᠢᠭᠤᠯᠤᠮᠵᠢ ᠶᠢᠨ ᠬᠢᠷᠢ ᠬᠡᠮ ᠢ ᠲᠣᠭᠲᠠᠭᠠᠬᠤ ᠪᠠ ᠪᠠᠶᠢᠭᠤᠯᠤᠮᠵᠢ ᠶᠢᠨ ᠬᠢᠨᠠᠨ | ᠰᠢᠯᠭᠠᠷᠠᠭᠤᠯᠤᠯᠲᠠ ᠶᠢᠨ ᠬᠤᠣᠰ ᠭᠡᠷᠡᠴᠢᠯᠡᠯ︾ ᠨᠢ ᠥᠪᠡᠷᠲᠡᠭᠡᠨ ᠵᠠᠰᠠᠬᠤ ᠣᠷᠣᠨ ᠤ ᠲᠤᠬᠠᠢ ᠶᠢᠨ ᠲᠠᠯᠠᠪᠠᠢ ᠶᠢᠨ | ᠬᠢᠨᠠᠨ ᠦᠨᠡᠯᠡᠯᠲᠡ ᠶᠢ ᠦᠩᠭᠡᠷᠡᠬᠦᠯᠪᠡ᠃ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠢ 1᠂ | ᠭᠤᠣᠯᠳᠠᠯᠭᠠᠲᠤ ᠰᠦᠷᠦᠭ 30 ᠶᠢ ᠥᠷᠭᠡᠳᠬᠡᠨ ᠪᠠᠶᠢᠭᠤᠯᠵᠤ᠂ ᠴᠡᠭᠡ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠢ | 2 ᠪᠠᠶᠢᠭᠤᠯᠪᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠵᠤ᠂ 78 ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠤᠨ᠂ 64 ᠣᠶᠤᠨᠴᠢ ᠭᠡᠷ ᠪᠦᠯᠢ ᠶᠢᠨ ᠮᠠᠯᠵᠢᠯ ᠤᠨ ᠲᠠᠯᠠᠪᠠᠢ | ᠪᠠᠶᠢᠭᠤᠯᠵᠤ᠂ ᠵᠣᠭᠰᠣᠩᠭᠤᠶᠢᠷᠠᠭᠰᠠᠨ 20 ᠬᠤᠷᠰᠢᠶᠠᠵᠢᠯ ᠢ ᠴᠡᠪᠡᠷᠯᠡᠨ᠂ ᠠᠶᠢᠮᠠᠭ ᠤᠨ ᠲᠡᠰ ᠤᠨ ᠠᠵᠤ | ᠦᠢᠯᠡᠰᠵᠢᠭᠰᠡᠨ ᠬᠤᠯᠪᠣᠭᠠᠲᠤ ᠴᠣᠭᠴᠠ ᠶᠢ 1 ᠶᠢ ᠪᠠᠶᠢᠭᠤᠯᠵᠤ᠂ ᠣᠶᠤᠨᠴᠢ ᠠᠮᠢ ᠠᠬᠤᠢ ᠶᠢᠨ ᠡᠭᠦᠯᠡᠨ | ᠪᠣᠳᠣᠯᠲᠠ ᠶᠢᠨ ᠲᠠᠪᠴᠠᠩ ᠪᠠ ᠪᠦᠬᠦ ᠣᠷᠣᠨ ᠤ ᠠᠩᠬᠠᠳᠠᠭᠴᠢ ᠬᠤᠰᠢᠭᠤ ᠲᠡᠰ ᠤᠨ ᠮᠣᠯᠧᠺᠦ᠋ᠯ ᠤᠨ ᠠᠮᠢᠳᠤ | ᠪᠣᠳᠠᠰ ᠤᠨ ᠰᠤᠳᠤᠯᠤᠯ ᠤᠨ ᠲᠤᠷᠰᠢᠯᠲᠠ ᠶᠢᠨ ᠲᠠᠰᠤᠭ ︵PCR︶ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ | ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ᠃ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 19.2 ᠳ᠋ᠦᠩᠰᠢᠭᠤᠷ | ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠣᠷᠮ᠎ᠠ᠂ ᠦᠢᠯᠡᠳᠪᠦᠷᠢᠯᠡᠯ | ᠪᠣᠷᠣᠯᠠᠭᠤᠯᠭ᠎ᠠ ᠶᠢᠨ ᠨᠣᠷᠮ᠎ᠠ 100% ᠪᠠ 96% ᠳᠤ ᠬᠦᠷᠴᠦ᠂ ᠨᠡᠭᠦᠷᠡᠰᠦ᠂ ᠥᠩᠭᠡᠲᠦ ᠲᠡᠮᠦᠷᠯᠢᠭ᠂ ᠴᠢᠯᠠᠭᠤᠨ | ᠲᠣᠰᠣ᠂ ᠮᠠᠯ ᠤᠨ ᠠᠰᠢᠭ ᠰᠢᠮ᠎ᠡ ᠡᠳ᠋ᠰᠢᠬᠦᠯᠦᠨ ᠪᠣᠯᠪᠠᠰᠣᠷᠠᠭᠤᠯᠬᠤ ᠵᠡᠷᠭᠡ ᠲᠤᠯᠭᠠᠭᠤᠷᠢ ᠠᠵᠤ ᠦᠢᠯᠡᠰ ᠤᠨ ᠭᠤᠤᠯ | ᠪᠣᠷᠣᠯᠠᠭᠤᠯᠭ᠎ᠠ ᠶᠢᠨ ᠦᠢᠯᠡᠳᠬᠦᠨ ᠤ ᠭᠠᠷᠤᠯᠲᠠ ᠲᠣᠭᠲᠠᠭᠤᠨ ᠢᠶᠠᠨ ᠪᠠᠲᠤᠯᠠᠪᠠ᠃ ᠠᠵᠤ ᠠᠬᠤᠢᠢᠯᠠᠯ ᠢ ᠲᠤᠰᠠᠯᠠᠨ | ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 1.03 ᠳ᠋ᠦᠩᠰᠢᠭᠤᠷ | ᠲᠥᠭᠦᠷᠢᠭ ᠤᠨ ᠭᠠᠶᠢᠯᠢ᠂ 1554.45 ᠲᠦᠮᠡᠨ ᠲᠥᠭᠦᠷᠢᠭ ᠤᠨ ᠠᠵᠤ ᠠᠬᠤᠢᠢᠯᠠᠯ ᠤᠨ ᠨᠠᠰᠤᠵᠢᠯ ᠤᠨ | ᠳᠠᠭᠠᠳᠬᠠᠯ ᠤᠨ ᠮᠦᠩᠭᠦ ᠶᠢ ᠬᠡᠯᠲᠦᠷᠢᠭᠦᠯᠵᠦ᠂ ᠵᠢᠵᠢᠭ ᠠᠵᠤ ᠠᠬᠤᠢᠢᠯᠠᠯ ᠂ ᠮᠠᠯ ᠠᠵᠣ ᠠᠬᠤᠢ ᠶᠢ ᠳᠡᠮᠵᠢᠬᠦ | ᠵᠢᠭᠡᠯᠡᠯᠭᠡ ᠶᠢ 6628 ᠲᠦᠮᠡᠨ ᠲᠥᠭᠦᠷᠢᠭ ᠲᠠᠷᠬᠠᠭᠠᠪᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠦᠷᠭᠦᠯᠵᠢᠯᠡᠨ ᠰᠠᠶᠢᠵᠢᠷᠠᠪᠠ᠃ ᠭᠤᠷᠪᠠᠳᠤᠭᠠᠷ ᠠᠵᠤ ᠦᠢᠯᠡᠰ ᠤᠨ ᠦᠨᠳᠦᠰᠦᠨ ᠪᠠᠶᠢᠳᠠᠯ ᠢ ᠪᠥᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠶᠢᠨ ᠣᠷᠣᠯᠭ᠎ᠠ 6.62 ᠳ᠋ᠦᠩᠰᠢᠭᠤᠷ ᠲᠥᠭᠦᠷᠢᠭ ᠲᠤ ᠬᠦᠷᠴᠦ᠂ | ᠶᠡᠷᠦᠩᠬᠡᠶ ᠭᠠᠶᠢᠯᠢ ᠶᠢᠨ ᠣᠷᠣᠯᠭ᠎ᠠ ᠶᠢᠨ 89.5% ᠶᠢ ᠡᠵᠡᠯᠡᠪᠡ᠃ ᠵᠢᠭᠤᠯᠴᠢᠯᠠᠯ ᠤᠨ ᠡᠬᠢ ᠪᠠᠶᠠᠯᠢᠭ ᠤᠨ ᠳ᠋ᠠᠶᠢᠲ᠋ᠠ | ᠬᠥᠮᠥᠷᠭᠡ ᠶᠢ ᠪᠠᠶᠢᠭᠤᠯᠵᠤ᠂ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠢ ᠪᠠᠶᠢᠭᠤᠯᠵᠣ᠂ ᠡᠷᠲᠡᠨ ᠤ | ᠠᠮᠢᠳᠤ ᠪᠣᠳᠠᠰ ᠤᠨ ᠴᠢᠯᠠᠭᠤᠵᠢᠮᠠᠯ ᠤᠨ ᠦᠯᠡᠳᠡᠭᠳᠡᠯ ᠢ ᠮᠠᠯᠲᠠᠬᠤ ᠠᠵᠢᠯ ᠢ ᠤᠷᠤᠭᠰᠢᠲᠠᠢ ᠪᠡᠶᠡᠯᠡᠬᠦᠯᠪᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠠᠷᠠᠯᠵᠢᠶᠠᠨ ᠤ ᠦᠷᠳᠡᠭ 3600 | ᠭᠠᠷᠤᠶ ᠲᠦᠮᠡᠨ ᠲᠥᠭᠦᠷᠢᠭ ᠲᠤ ᠬᠦᠷᠴᠦ᠂ ᠰᠦᠯᠵᠢᠶ᠎ᠡ ᠪᠠᠷ ᠬᠤᠳᠠᠯᠳᠤᠨ ᠠᠪᠤᠭᠰᠠᠨ ᠬᠡᠮᠵᠢᠶ᠎ᠡ 1.8 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠭᠡᠨ ᠢᠯᠡᠭᠡᠯᠲᠡ ᠶᠢᠨ ᠭᠥᠯᠢᠶᠡᠨ ᠠᠪᠣᠭᠰᠠᠨ ᠪᠠ ᠶᠠᠪᠤᠭᠤᠯᠤᠭᠰᠠᠨ ᠵᠦᠢᠯ ᠤᠨ | ᠲᠤᠭ᠎ᠠ ᠲᠣᠰᠪᠦᠷᠢ 308 ᠲᠦᠮᠡ ᠪᠠ 30 ᠲᠦᠮᠡᠨ ᠬᠤᠪᠢ ᠬᠦᠷᠪᠡ᠃ | ᠳᠥᠷᠪᠡ᠂ ᠵᠣᠬᠢᠴᠠᠩᠭᠤᠶ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ ᠬᠥᠳᠡᠭᠡ ᠶᠢᠨ | ᠲᠦᠷᠢ ᠲᠦᠷᠬᠦ ᠲᠣᠭᠲᠠᠭᠤᠨ ᠢᠶᠠᠷ ᠰᠠᠶᠢᠵᠢᠷᠠᠪᠠ᠃ ᠪᠦᠬᠦ ᠵᠢᠯ ᠳᠤ 3.6 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 14 ᠵᠦᠢᠯ ᠤᠨ ᠬᠤᠲᠠ ᠶᠢᠨ ᠶᠠᠪᠤᠳᠠᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠬᠦᠯᠦᠨ᠂ | ᠤᠯᠤᠰ ᠤᠨ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠭᠡᠵᠣ᠂ ᠪᠠᠷᠢᠯᠭ᠎ᠠ ᠶᠢᠨ ᠬᠤᠭ ᠨᠣᠪᠰᠢ ᠪᠠ ᠦᠨᠡᠰᠦ | ᠪᠤᠯᠠᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ 24 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠴᠡᠪᠡᠷᠰᠢᠬᠦᠯᠦᠭᠰᠡᠨ ᠣᠰᠣᠨ ᠤ ᠨᠠᠭᠤᠷ | ᠴᠡᠴᠡᠷᠯᠢᠭ᠂ ᠠᠷᠠᠳ ᠤᠨ ᠴᠡᠴᠡᠷᠯᠢᠭ ᠵᠡᠷᠭᠡ ᠣᠨᠴᠠᠯᠢᠭᠲᠤ ᠰᠡᠯᠡᠭᠦᠴᠡᠯ ᠴᠡᠴᠡᠷᠯᠢᠭ ᠪᠠ ᠲᠦᠯᠦᠭᠡᠯᠡᠬᠦ ᠴᠢᠨᠠᠷᠲᠠᠢ | ᠪᠠᠷᠢᠯᠭ᠎ᠠ ᠶᠢ ᠲᠦᠯᠦᠪᠵᠢᠬᠦᠯᠦᠨ ᠪᠠᠶᠢᠭᠤᠯᠵᠣ᠂ ᠪᠦᠬᠦ ᠵᠢᠯ ᠳᠤ 76.9 ᠾᠧᠺᠲ᠋ᠠᠷ ᠭᠠᠵᠠᠷ ᠢ ᠨᠣᠭᠤᠭᠠᠷᠠᠭᠤᠯᠣᠭᠰᠠᠨ | ᠪᠣᠶᠣ ᠥᠭᠡᠷᠡᠴᠢᠯᠡᠨ ᠵᠠᠰᠠᠵᠤ᠂ 10 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠰᠣᠯᠠ ᠭᠠᠷᠭᠠᠵᠤ᠂ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠦᠯᠪᠡ᠃ | ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽1 + 6︾ | ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠦᠬᠦ ᠵᠢᠯ ᠳᠤ 112 ᠬᠤᠳᠳᠤᠭ ᠰᠢᠨ᠎ᠡ ᠪᠠᠷ ᠮᠠᠯᠲᠠᠵᠤ᠂ | 7700 ᠢᠵᠢ ᠤᠰᠤ ᠴᠡᠪᠡᠷᠰᠢᠬᠦᠯᠬᠦ ᠲᠥᠬᠦᠭᠡᠷᠦᠮᠵᠢ ᠤᠭᠰᠠᠷᠠᠨ᠂ 200 ᠺᠢᠯᠦᠮᠧᠲᠷ ᠮᠠᠯᠵᠢᠬᠤ ᠣᠷᠣᠨ ᠤ ᠵᠠᠰᠠᠮᠠᠯ | ᠵᠠᠮ ᠢ ᠰᠢᠨ᠎ᠡ ᠪᠠᠷ ᠵᠠᠰᠠᠵᠣ᠂ 2090 ᠡᠷᠦᠬᠡ ᠶᠢᠨ ᠵᠣᠷᠯᠣᠩ ᠢ ᠦᠭᠡᠷᠡᠴᠢᠯᠡᠵᠣ᠂ ᠷᠠᠳᠢᠣ᠋ ᠲᠧᠯᠸᠢᠰ ᠤᠨ ᠮᠡᠳᠡᠭᠡ | ᠵᠠᠩᠭᠢᠵᠢᠯᠲᠠ ᠶᠢᠨ ᠢᠨᠵᠧᠨᠧᠷᠢᠩ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠯᠣᠭᠤᠳᠬᠤ ᠲᠥᠪ ᠢ | ᠠᠰᠢᠭᠯᠠᠯᠲᠠ ᠳᠤ ᠣᠷᠣᠭᠤᠯᠪᠠ᠃ | ᠲᠠᠪᠤ᠂ ᠠᠮᠢ ᠠᠬᠤᠢ ᠶᠢᠨ ᠬᠠᠯᠬᠠᠪᠴᠢ ᠶᠢ ᠪᠦᠬᠦ ᠬᠦᠴᠦᠨ ᠢᠶᠠᠷ ᠪᠠᠬᠢᠵᠢᠭᠦᠯᠵᠦ᠂ ᠣᠷᠴᠢᠨ ᠲᠣᠭᠤᠷᠢᠨ ᠤ | ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ | ᠳᠦᠷᠢᠮ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ | ᠪᠠᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢ ᠨᠤᠲᠠᠯᠠᠨ ᠳᠠᠩᠰᠠᠯᠠᠬᠤ᠂ ᠡᠯᠡᠰᠦᠷᠬᠡᠭ ᠭᠠᠵᠠᠷ ᠲᠤ ᠬᠤᠨᠢ ᠮᠠᠯᠵᠢᠬᠤ ᠶᠢ ᠴᠠᠭᠠᠵᠠᠯᠠᠬᠤ ᠵᠡᠷᠭᠡ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠮᠦᠩᠭᠦ ᠪᠠ ᠨᠡᠶᠢᠲᠡ ᠶᠢᠨ | ᠠᠰᠠᠷᠠᠮᠵᠢ ᠶᠢᠨ ᠣᠶ ᠶᠢᠨ ᠨᠥᠬᠦᠪᠥᠷᠢ ᠶᠢ 1.96 ᠳ᠋ᠦᠩᠰᠢᠭᠤᠷ ᠲᠥᠭᠦᠷᠢᠭ ᠲᠠᠷᠬᠠᠭᠠᠪᠠ᠃ ᠤᠯᠠᠭᠠᠶ ᠭᠤᠤᠯ ᠤᠨ | ᠤᠰᠤᠨ ᠰᠤᠷᠪᠤᠯᠵᠢ ᠶᠢᠨ ᠣᠶ᠂ ᠪᠡᠭᠡᠵᠢᠩ ᠲᠢᠶᠠᠨᠵᠢᠨ ᠤ ᠡᠯᠡᠰᠦᠨ ᠰᠣᠷᠪᠣᠯᠵᠢ ᠶᠢ ᠵᠠᠰᠠᠬᠤ᠂ ᠲᠠᠴᠢᠷᠳᠠᠭᠰᠠᠨ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ ᠠᠮᠢ ᠠᠬᠤᠶ ᠶᠢᠨ ᠲᠥᠷᠥᠯ ᠵᠦᠢᠯ ᠢ ᠶᠡᠬᠡᠪᠡᠷ | ᠬᠡᠷᠡᠭᠵᠢᠭᠦᠯᠵᠦ᠂ 3.25 ᠲᠦᠮᠡᠨ ᠮᠥ ᠰᠢᠨ᠎ᠡ ᠪᠠᠷ ᠣᠶᠢᠵᠢᠭᠤᠯᠵᠣ᠂ ᠮᠠᠨᠳᠣᠬᠤᠪᠣᠯᠠᠭ ᠤᠨ ᠲᠠᠴᠢᠷᠳᠠᠭᠰᠠᠨ ᠨᠤᠲᠤᠭ | ᠪᠡᠯᠴᠢᠭᠡᠷ ᠲᠤ ᠬᠥᠮᠦᠨ ᠤ ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ | ᠲᠥᠷᠥᠯ ᠵᠦᠢᠯ ᠢ 14.5 ᠲᠦᠮᠡᠨ ᠮᠥ᠂ ᠡᠵᠢᠨᠠᠭᠤᠷ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠬᠦ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠲᠥᠷᠥᠯ ᠵᠦᠢᠯ ᠢ 13 ᠲᠦᠮᠡᠨ ᠮᠥ ᠭᠡᠷᠡᠭᠵᠢᠬᠦᠯᠵᠣ᠂ | ᠪᠢᠳᠡᠬᠦᠮᠵᠢᠯᠡᠨ ᠣᠷᠭᠤᠭᠤᠯᠬᠤ ᠲᠦᠷᠦᠯ ᠵᠦᠢᠯ ᠢ 15 ᠲᠦᠮᠡᠨ ᠮᠥ ᠭᠡᠷᠡᠭᠵᠢᠬᠦᠯᠵᠣ᠂ ᠡᠪᠡᠰᠦ ᠪᠡᠯᠴᠢᠭᠡᠷ ᠤᠨ | ᠳᠤᠮᠳᠠᠴᠢ ᠥᠨᠳᠥᠷ ᠤᠨ ᠬᠡᠮᠵᠢᠶ᠎ᠡ᠂ ᠪᠦᠷᠬᠦᠴᠡ ᠶᠢᠨ ᠬᠡᠮᠵᠢᠶ᠎ᠡ᠂ ᠤᠨᠠᠯᠲᠠ ᠶᠢᠨ ᠬᠡᠮᠵᠢᠶ᠎ᠡ ᠶᠢ ᠠᠳᠠᠯᠢ | ᠬᠤᠭᠤᠴᠠᠭᠠᠨ ᠤ ᠬᠢ ᠠᠴᠠ 39%᠂ 26% ᠪᠠ 67% ᠪᠠᠷ ᠨᠡᠮᠡᠭᠳᠡᠬᠦᠯᠪᠡ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠪᠠᠶᠢᠷᠢᠯᠠᠭᠤᠯᠵᠤ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠪᠠ ᠪᠥᠬᠦ | ᠬᠤᠰᠢᠭᠤᠨ ᠤ 62 ᠭᠠᠴᠠᠭᠠᠨ ᠤ ᠲᠥᠷᠥᠯ ᠬᠤᠪᠢᠶᠠᠨ ᠪᠠᠶᠢᠷᠢᠰᠢᠭᠤᠯᠬᠤ ᠲᠥᠯᠥᠪᠵᠢᠭᠦᠯᠭᠡ ᠶᠢ ᠪᠡᠶᠡᠯᠡᠭᠦᠯᠵᠦ᠂ 6 | ᠵᠢᠵᠢᠭ᠂ ᠰᠣᠯᠠ᠂ ᠲᠠᠷᠠᠬᠠᠶ ᠪᠤᠲᠠᠷᠬᠠᠶ ᠬᠠᠶᠢᠷ ᠴᠢᠯᠠᠭᠤᠨ ᠠᠭᠤᠷᠬᠠᠶ ᠶᠢ ᠵᠣᠭᠰᠣᠭᠠᠵᠣ᠂ ᠨᠤᠭᠤ ᠭᠠᠵᠠᠷ ᠤᠨ | ᠬᠠᠮᠠᠭᠠᠯᠠᠯᠲᠠ ᠶᠢᠨ ᠣᠷᠣᠨ ᠤ ᠵᠠᠭᠠᠭ ᠢ ᠳᠣᠭᠳᠠᠭᠠᠪᠠ᠃ ᠠᠭᠤᠷᠬᠠᠢ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠠᠵᠢᠯ ᠢ ᠡᠷᠴᠢᠮ ᠲᠠᠢ ᠥᠷᠨᠢᠭᠦᠯᠵᠦ᠂ 2.54 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2.2 | ᠲᠦᠮᠡᠨ ᠮᠤ᠋ ᠲᠠᠯᠠᠪᠠᠢ ᠶᠢ ᠵᠠᠰᠠᠨ ᠰᠠᠶᠢᠵᠢᠷᠠᠭᠤᠯᠵᠤ᠂ ᠠᠷᠣᠬᠠᠳᠠ ᠠᠭᠤᠷᠬᠠᠢ ᠶᠢᠨ ᠦᠢᠯᠡᠰ ᠨᠢ ᠪᠦᠬᠦ ᠠᠶᠢᠮᠠᠭ ᠤᠨ | ᠠᠩᠬᠠᠳᠠᠭᠴᠢ 5 G ᠦᠩᠭᠡᠳᠦ ᠲᠡᠮᠦᠷᠯᠢᠭ ᠤᠨ ᠠᠭᠤᠷᠬᠠᠢ ᠶᠢᠨ ᠠᠵᠤ ᠠᠬᠤᠶᠢᠯᠠᠯ ᠪᠣᠯᠪᠠ᠃ | ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠬᠦᠴᠦᠨ ᠢᠶᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠬᠦᠳᠡᠯᠭᠡᠭᠴᠢ ᠡᠨᠧᠷᠭᠢ ᠶᠢ ᠪᠦᠲᠦᠮᠵᠢᠲᠡᠢ ᠬᠦᠭᠵᠢᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ | ᠰᠢᠯᠢᠳᠡᠭᠵᠢᠭᠦᠯᠵᠦ᠂ ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 43 ᠪᠠᠶᠢᠭᠤᠯᠭ᠎ᠠ ᠨᠢᠭᠡᠴᠡ | ᠶᠢ ᠣᠷᠣᠭᠤᠯᠵᠣ᠂ 493 ᠵᠦᠢᠯ ᠢ ᠭᠦᠢᠴᠡᠳᠭᠡᠨ᠂ ᠰᠤᠮᠤ ᠪᠠᠯᠭᠠᠰᠤᠨ ᠤ ᠨᠠᠮ ᠪᠠ ᠣᠯᠠᠨ ᠲᠦᠮᠡᠨ ᠳᠤ | ᠦᠢᠯᠡᠴᠢᠯᠡᠬᠦ ᠲᠥᠪ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠪᠦᠬᠦᠨ ᠢ | ᠪᠦᠷᠬᠦᠭᠦᠯᠵᠦ᠂ ᠮᠠᠯᠵᠢᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠣᠷᠴᠢᠨ ᠦᠷᠭᠦᠯᠵᠢᠯᠡᠨ | ᠰᠢᠯᠢᠳᠡᠭᠵᠢᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠡᠭᠡᠷ᠎ᠡ ᠱᠠᠲᠤᠨ ᠠᠴᠠ ᠪᠠᠭᠤᠯᠭᠠᠭᠰᠠᠨ 41 ᠵᠦᠢᠯ ᠢ ᠬᠦᠯᠢᠶᠡᠨ ᠠᠪᠴᠤ᠂ 76 ᠵᠦᠢᠯ ᠤᠨ ᠡᠯ᠎ᠡ ᠲᠥᠷᠥᠯ ᠤᠨ | ᠭᠡᠷᠡᠴᠢ ᠪᠠᠷᠢᠮᠲᠠ ᠶᠢ ᠴᠡᠪᠡᠷᠯᠡᠨ ᠲᠦᠷᠢᠮᠵᠢᠬᠦᠯᠵᠣ᠂ ᠢᠨᠵᠧᠨᠧᠷᠢᠩ ᠢ ᠬᠢᠨᠠᠨ ᠵᠥᠪᠰᠢᠶᠡᠷᠡᠬᠦ ᠴᠠᠭ ᠢ 87 ᠠᠵᠢᠯᠯᠠᠬᠤ | ᠡᠳᠦᠷ᠂ ᠠᠵᠤ ᠠᠬᠤᠶᠢᠯᠠᠯ ᠡᠷᠬᠢᠯᠡᠬᠦ ᠭᠠᠷᠳᠠᠮ ᠭᠦᠢᠴᠡᠳᠭᠡᠬᠦ ᠴᠠᠭ ᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ | ᠂ 41% ᠪᠠᠷ ᠪᠣᠭᠤᠨᠢᠰᠬᠠᠪᠠ᠃ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ ᠶᠢᠨ ᠬᠢᠵᠠᠭᠠᠷᠯᠠᠭᠰᠠᠨ ᠣᠷᠣᠨ ᠤ ᠣᠶᠤᠨᠴᠢ ᠬᠠᠮᠢᠶᠠᠷᠤᠨ ᠡᠵᠡᠮᠳᠡᠬᠦ | ᠰᠢᠰᠲ᠋ᠧᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠨ᠂ ᠬᠤᠯᠪᠣᠭᠠᠯᠠᠨ | ᠪᠠᠶᠢᠴᠠᠭᠠᠬᠤ ᠲᠣᠭᠤᠷᠢᠭ ᠤᠨ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ | ᠪᠠᠷᠠᠭ᠎ᠠ ᠲᠡᠭᠡᠭᠡᠪᠦᠷᠢᠯᠡᠬᠦ ᠵᠠᠮ᠂ ᠤᠶᠤᠨᠲᠤ ᠪᠠᠶᠢᠴᠠᠭᠠᠯᠲᠠ ᠶᠢᠨ ᠭᠠᠵᠠᠷ ᠪᠠ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠲᠣᠭᠤᠷᠢᠭ ᠵᠡᠷᠭᠡ ᠲᠥᠷᠥᠯ ᠵᠦᠢᠯ ᠢ ᠤᠷᠤᠭᠰᠢᠲᠠᠶ ᠭᠡᠷᠡᠭᠵᠢᠬᠦᠯᠵᠣ᠂ ᠲᠡᠮᠦᠷ ᠵᠠᠮ ᠤᠨ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠳᠤ ᠠᠮᠵᠢᠯᠲᠠ ᠲᠠᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠲᠥᠰᠦᠯ ᠢ ᠵᠥᠪᠰᠢᠶᠡᠷᠡᠭᠦᠯᠬᠦ ᠪᠠᠷ ᠮᠡᠳᠡᠬᠦᠯᠵᠣ᠂ ᠪᠣᠭᠤᠮᠲᠠ ᠶᠢᠨ ᠴᠢᠳᠠᠮᠵᠢ ᠡᠳᠦᠷ ᠢᠷᠡᠬᠦᠶ᠎ᠡ | ᠲᠡᠭᠦᠯᠳᠡᠷᠵᠢᠪᠡ᠃ | ᠳᠣᠯᠤᠭ᠎ᠠ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠪᠥᠬᠦ ᠬᠦᠴᠦᠨ ᠢᠶᠠᠷ ᠨᠡᠮᠡᠭᠳᠡᠬᠦᠯᠵᠣ᠂ ᠣᠯᠠᠨ | ᠲᠦᠮᠡᠨ ᠤ ᠬᠦᠰᠡᠯ ᠡᠷᠡᠮᠡᠯᠵᠡᠯ ᠢ ᠴᠢᠷᠮᠠᠶᠢᠨ ᠭᠦᠢᠴᠡᠳᠭᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦ ᠵᠢᠯ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ 15. | 32 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ | 70% ᠶᠢ ᠡᠵᠡᠯᠡᠪᠡ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠃ 8124 ᠠᠵᠢᠯ ᠤᠨ ᠪᠠᠶᠢᠷᠢ ᠴᠤᠭᠯᠠᠭᠤᠯᠵᠤ᠂ | ᠬᠤᠲᠠ ᠪᠠᠯᠭᠠᠰᠤᠨ ᠤ 981 ᠬᠥᠮᠦᠨ ᠳᠤ ᠰᠢᠨ᠎ᠡ ᠪᠠᠷ ᠠᠵᠢᠯ ᠣᠯᠭᠤᠨ᠂ 2500 ᠮᠠᠯᠴᠢᠳ ᠢ ᠰᠢᠯᠵᠢᠭᠦᠯᠦᠨ | ᠠᠵᠢᠯ ᠣᠯᠭᠤᠵᠤ᠂ 3214 ᠲᠦᠮᠡᠨ ᠲᠥᠭᠦᠷᠢᠭ ᠤᠨ ᠦᠢᠯᠡᠰ ᠪᠣᠰᠬᠠᠬᠤ ᠳᠠᠭᠠᠭᠠᠯᠳᠠᠳᠣ ᠵᠢᠭᠡᠯᠡᠯᠭᠡ ᠲᠠᠷᠬᠠᠭᠠᠪᠠ᠃ | ᠪᠥᠬᠦ ᠵᠢᠯ ᠳᠤ 2.79 ᠳ᠋ᠦᠩᠰᠢᠭᠤᠷ ᠲᠥᠭᠦᠷᠢᠭ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠵᠤ᠂ 2000 | ᠲᠦᠮᠡᠨ ᠲᠥᠭᠦᠷᠢᠭ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠨᠥᠬᠦᠪᠥᠷᠢ ᠲᠠᠷᠬᠠᠭᠠᠪᠠ᠃ ᠬᠤᠶᠠᠷ ᠢ | ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠳᠠᠷᠠᠭᠠᠯᠠᠨ 10 ᠤᠳᠠᠭ᠎ᠠ ᠥᠪᠡᠷᠲᠡᠭᠡᠨ ᠵᠠᠰᠠᠬᠤ | ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ᠦᠨᠡᠯᠡᠭᠳᠡᠪᠡ᠃ ᠨᠡᠶᠢᠭᠡᠮ ᠤᠨ ᠠᠵᠢᠯ ᠦᠢᠯᠡᠰ ᠤᠨ | ᠲᠠᠯ᠎ᠠ ᠪᠠᠷ᠃ ᠮᠣᠩᠭᠤᠯ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠢ | ᠠᠰᠢᠭᠯᠠᠯᠲᠠ ᠳᠤ ᠣᠷᠣᠭᠤᠯᠤᠨ᠂ ᠤᠯᠢᠶᠠᠰᠤᠲᠠᠢ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠵᠤ᠂ ᠡᠯ᠎ᠡ ᠳᠣᠮᠳᠠ ᠪᠠᠭ᠎ᠠ ᠰᠣᠷᠭᠠᠭᠤᠯᠢ ᠵᠢᠴᠢ ᠴᠡᠴᠡᠷᠯᠢᠭ ᠤᠨ ᠰᠠᠭᠤᠷᠢ ᠪᠦᠳᠦᠭᠡᠨ ᠪᠠᠶᠢᠭᠤᠯᠣᠯᠲᠠ ᠪᠦᠬᠦ | ᠳᠠᠯ᠎ᠠ ᠪᠠᠷ ᠳᠡᠰ ᠳᠡᠪᠰᠢᠪᠡ᠃ 56 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠵᠣ᠂ ᠪᠦᠬᠦ | ᠬᠤᠰᠢᠭᠤᠨ ᠤ ᠴᠡᠴᠡᠷᠯᠢᠭ ᠤᠨ ᠱᠠᠳᠣᠨ ᠤ ᠰᠣᠷᠭᠠᠭᠤᠯᠢ ᠳᠤ ᠰᠠᠭᠤᠭᠰᠠᠨ ᠨᠣᠷᠮ᠎ᠠ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠳᠤ ᠰᠠᠭᠤᠭᠰᠠᠨ ᠨᠣᠷᠮ᠎ᠠ ᠪᠦᠷ 100% ᠳᠤ ᠬᠦᠷᠴᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠰᠠᠭᠤᠭᠰᠠᠨ ᠨᠣᠷᠮ᠎ᠠ 97.3% ᠳᠤ | ᠬᠦᠷᠴᠦ᠂ ᠶᠡᠭᠡ ᠰᠣᠷᠭᠠᠭᠤᠯᠢ ᠳᠤ ᠣᠷᠣᠭᠰᠠᠨ ᠨᠣᠷᠮ᠎ᠠ 100% ᠳᠤ ᠬᠦᠷᠴᠦ᠂ ᠥᠨᠳᠥᠷ ᠳᠤᠮᠳᠠᠳᠤ ᠳᠤ | ᠳᠠᠪᠰᠢᠬᠤ ᠰᠢᠯᠭᠠᠯᠲᠠ ᠳᠤ ᠨᠡᠷᠡᠲᠦ ᠰᠤᠷᠭᠠᠭᠤᠯᠢ ᠳᠤ ᠡᠯᠰᠡᠭᠳᠡᠭᠰᠡᠨ ᠨᠣᠷᠮ᠎ᠠ ᠪᠦᠬᠦ ᠠᠶᠢᠮᠠᠭ ᠲᠤ ᠲᠡᠷᠢᠭᠦᠯᠡᠪᠡ᠃ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠪᠦᠬᠦ | ᠬᠦᠴᠦᠨ ᠢᠶᠠᠷ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠬᠢᠷᠢ ᠲᠦᠪᠰᠢᠨ ᠢ ᠤᠯᠠᠮ ᠴᠢᠩᠭᠠᠳᠬᠠᠪᠠ᠃ | ᠮᠣᠩᠭᠤᠯ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠠᠶᠠᠨ ᠮᠠᠯᠵᠢᠬᠤ ᠣᠷᠣᠨ ᠤ | ᠨᠠᠰᠣᠳᠠᠶᠢᠴᠣᠳ ᠢ ᠠᠰᠠᠷᠠᠬᠤ ᠬᠦᠷᠢᠶᠡᠯᠡᠩ ᠢ ᠪᠦᠬᠦ ᠲᠠᠯ᠎ᠠ ᠪᠠᠷ ᠠᠬᠢᠭᠤᠯᠵᠤ᠂ 4 ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠡᠮᠴᠢ ᠠᠵᠢᠯᠲᠠᠨ ᠢ 15 ᠨᠡᠮᠡᠭᠳᠡᠬᠦᠯᠵᠣ᠂ ᠦᠨᠳᠦᠰᠦᠨ ᠱᠠᠲᠤᠨ ᠤ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ᠃ | ︽ᠠᠮᠤᠷ ᠠᠮᠣᠭᠤᠯᠠᠩ ᠵᠡᠭᠦᠨ ᠦᠵᠦᠮᠦᠴᠢᠨ︾ ᠤ ᠪᠠᠶᠢᠭᠤᠯᠤᠯᠲᠠ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠬᠦ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠥᠪᠡᠷᠲᠡᠭᠡᠨ | ᠵᠠᠰᠠᠬᠤ ᠣᠷᠣᠨ ᠤ ᠪᠠᠷᠢᠮᠵᠢᠶ᠎ᠠ ᠪᠠᠷ ᠨᠢᠭᠡᠳᠦᠭᠡᠷ ᠳᠡᠰ ᠤᠨ ᠬᠠᠣᠯᠢ ᠴᠠᠭᠠᠵᠠ ᠶᠢᠨ ᠭᠠᠵᠠᠷ ᠢ 4 ᠪᠠᠶᠢᠭᠤᠯᠵᠤ᠂ ᠣᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠤᠳᠠᠭ᠎ᠠ ᠪᠠ ᠬᠥᠮᠦᠨ ᠤ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ | 22% ᠪᠠ 6% ᠪᠠᠷ ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠶᠣᠰᠣᠭᠠᠷ ᠲᠥᠷᠥᠯ | ᠬᠤᠪᠢᠶᠠᠨ ᠰᠢᠢᠳᠪᠦᠷᠢᠯᠡᠭᠰᠡᠨ ᠨᠣᠷᠮ᠎ᠠ 97% ᠠᠴᠠ ᠳᠠᠪᠠᠪᠠ᠃ ᠠᠶᠤᠯᠭᠦᠢ ᠦᠢᠯᠡᠳᠪᠦᠷᠢᠯᠡᠯ ᠪᠠ ᠭᠠᠮᠰᠢᠭ ᠢ | ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠲᠠᠪᠴᠢ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠳᠤᠮᠳᠠ ᠠᠩᠭᠢ ᠶᠢ ᠰᠢᠨ᠎ᠡ ᠪᠠᠷ ᠪᠠᠶᠢᠭᠤᠯᠵᠤ᠂ | ᠰᠢᠯᠢᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠣᠶᠤᠨᠴᠢ ᠪᠠᠷ ᠬᠢᠨᠠᠨ ᠬᠡᠮᠵᠢᠬᠦ | ᠲᠠᠪᠴᠠᠩ ᠢ ᠪᠠᠶᠢᠭᠤᠯᠵᠤ᠂ ︽ᠠᠬᠤᠢ ᠲᠠᠯᠠᠪᠠᠢ ᠶᠢᠨ ᠬᠢᠨᠠᠯᠲᠠ + ᠠᠯᠤᠰ ᠡᠵᠡᠮᠰᠢᠯ ᠤᠨ ᠬᠢᠨᠠᠯᠲᠠ︾ ᠬᠤᠣᠰ | ᠴᠢᠭᠯᠡᠯᠲᠦ ᠬᠢᠨᠠᠯᠲᠠ ᠬᠠᠮᠢᠶᠠᠷᠤᠯᠲᠠ ᠶᠢ ᠪᠡᠶᠡᠯᠡᠬᠦᠯᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠵᠠᠰᠠᠭ ᠵᠠᠬᠢᠷᠭ᠎ᠠ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ | ᠵᠠᠰᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠳᠠᠭᠤᠰᠬᠠᠪᠠ᠃ | ᠲᠥᠯᠥᠭᠡᠯᠡᠭᠴᠢᠳ ᠡ᠂ ᠲᠠᠪᠤᠨ ᠵᠢᠯ ᠤᠨ ᠲᠡᠮᠡᠴᠡᠯ ᠳᠤ ᠬᠦᠴᠢᠷ ᠪᠡᠷᠬᠡᠰᠢᠶᠡᠯ ᠣᠯᠠᠨᠳᠠ ᠳᠣᠯᠭᠠᠷᠠᠵᠣ᠂ | ᠬᠦᠭᠵᠢᠯᠲᠡ ᠶᠢᠨ ᠠᠮᠵᠢᠯᠲᠠ ᠪᠦᠲᠦᠮᠵᠢ ᠬᠢᠯᠪᠠᠷ ᠪᠣᠰᠣ ᠶᠤᠮ᠃ ᠡᠳᠡᠭᠡᠷ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠪᠠᠷ ᠬᠥᠲᠥᠯᠦᠨ ᠳᠠᠭᠠᠭᠤᠯᠤᠭᠰᠠᠨ ᠤ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶ᠎ᠠ ᠠᠴᠠ ᠪᠥᠬᠦ | ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ | ᠡᠯ᠎ᠡ ᠡᠲᠡᠭᠡᠳ ᠤᠨ ᠬᠦᠴᠢᠷ ᠪᠡᠷᠬᠡᠰᠢᠶᠡᠯ ᠢ ᠬᠠᠮᠲᠤᠪᠠᠷ ᠳᠤᠭᠤᠯᠵᠤ᠂ ᠴᠢᠩᠭ᠎ᠠ ᠬᠦᠴᠦᠲᠡᠶ ᠳᠡᠮᠵᠢᠭᠰᠡᠨ ᠤ ᠦᠷ᠎ᠡ | ᠳ᠋ᠦᠩ ᠮᠥᠨ᠂ ᠬᠤᠰᠢᠭᠤ ᠳᠠᠶᠠᠭᠠᠷ ᠬᠠᠮᠳᠣᠪᠡᠷ ᠴᠢᠷᠮᠠᠶᠢᠵᠣ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ | ᠡᠬᠦᠨ ᠳᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ | ᠨᠡᠮᠡᠷᠢ ᠦᠵᠡᠭᠦᠯᠦᠭᠰᠡᠨ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠪᠡᠷ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠤᠮᠳᠠ ᠣᠮᠲᠣᠭᠠᠶᠢᠯᠠᠵᠤ ᠪᠣᠯᠤᠰᠢ ᠦᠭᠡᠢ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠤ ᠲᠠᠨᠢᠬᠤ | ᠬᠡᠷᠡᠭᠲᠡᠢ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ | ᠲᠣᠭᠲᠠᠪᠤᠷᠢ ᠦᠭᠡᠢ ᠴᠢᠨᠠᠷ ᠣᠷᠣᠰᠢᠵᠤ᠂ ᠠᠵᠤ ᠠᠬᠤᠢ ᠶᠢᠨ ᠰᠠᠭᠤᠷᠢ ᠬᠠᠷᠠᠬᠠᠨ ᠪᠠᠲᠤ ᠪᠠᠬᠢ ᠪᠣᠰᠣ︔ ᠠᠵᠤ | ᠦᠢᠯᠡᠰ ᠤᠨ ᠬᠥᠭᠵᠢᠯᠲᠡ ᠶᠢᠨ ᠳᠡᠰ ᠳᠠᠪᠬᠤᠷᠭ᠎ᠠ ᠥᠨᠳᠥᠷ ᠪᠢᠰᠢ᠂ ᠤᠯᠠᠮᠵᠢᠯᠠᠯᠲᠤ ᠠᠵᠤ ᠦᠢᠯᠡᠰ ᠤᠨ | ᠪᠠᠷᠢᠮᠵᠢᠶᠠᠵᠢᠭᠰᠠᠨ ᠬᠡᠮᠵᠢᠶ᠎ᠡ ᠲᠣᠣᠷ᠎ᠠ᠂ ᠲᠤᠯᠭᠠᠭᠤᠷᠢ ᠠᠵᠤ ᠦᠢᠯᠡᠰ ᠤᠨ ᠪᠦᠲᠦᠴᠡ ᠳᠠᠩ ᠴᠤᠯᠭᠤᠶ᠂ ᠰᠢᠨ᠎ᠡ ᠪᠠᠷ | ᠮᠠᠨᠳᠣᠭᠰᠠᠨ ᠠᠵᠤ ᠦᠢᠯᠡᠰ ᠤᠨ ᠬᠥᠭᠵᠢᠯᠲᠡ ᠨᠡᠯᠢᠶᠡᠳ ᠤᠳᠠᠭᠠᠨ ᠪᠠᠶᠢᠭᠰᠠᠭᠠᠷ︔ ᠠᠷᠠᠯᠵᠢᠶᠠᠴᠢᠨ ᠣᠷᠢᠬᠤ | ᠲᠦᠷᠦᠯ ᠵᠦᠢᠯ ᠢ ᠨᠠᠶᠢᠳᠠᠪᠣᠷᠢᠵᠢᠭᠤᠯᠣᠭᠰᠠᠨ ᠢᠶᠠᠷ ᠬᠦᠷᠦᠯᠴᠡᠬᠦ ᠦᠭᠡᠢ᠂ ᠲᠠᠲᠠᠬᠤ ᠬᠦᠴᠦᠨ ᠢᠶᠠᠷ ᠴᠢᠩᠭ᠎ᠠ ᠲᠣᠮᠣ | ᠲᠥᠷᠥᠯ ᠵᠦᠢᠯ᠂ ᠰᠠᠶᠢᠨ ᠲᠥᠷᠥᠯ ᠵᠦᠢᠯ ᠴᠥᠭᠡᠨ᠂ ᠨᠡᠶᠢᠭᠡᠮ ᠤᠨ ᠪᠡᠯᠡ ᠣᠷᠣᠭᠤᠯᠤᠯᠲᠠ ᠪᠠᠷ ᠳᠤᠲᠠᠮᠠᠭ︔ | ᠡᠷᠬᠡᠪᠰᠢ ᠪᠠᠳᠣᠯᠠᠬᠤ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ᠂ ︽ᠭᠤᠷᠪᠠ ᠶᠢ ᠪᠠᠲᠤᠯᠠᠬᠤ︾ ᠪᠠ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠠᠷᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷᠡᠬᠢ ᠣᠷᠣᠨ ᠨᠤᠲᠤᠭ ᠤᠨ | ᠬᠡᠷᠡᠭᠯᠡᠵᠦ ᠪᠣᠯᠬᠤ ᠡᠳ᠋ ᠤᠨ ᠬᠦᠴᠦᠨ ᠳᠣᠳᠠᠮᠠᠭ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ | ᠲᠤᠪᠤᠶᠢᠮ᠎ᠠ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ | ᠬᠦᠷᠦᠯᠴᠡᠬᠦ ᠦᠭᠡᠢ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠪᠠᠭᠤᠷᠠᠢ | ᠭᠤᠭᠴᠤᠭ᠎ᠠ ᠣᠷᠣᠰᠢᠵᠤ᠂ ᠰᠠᠭᠤᠷᠢ ᠲᠥᠬᠦᠭᠡᠷᠦᠮᠵᠢ ᠳᠤ ᠪᠠᠰᠠ ᠨᠡᠯᠢᠶᠡᠳ ᠶᠡᠭᠡ ᠳᠣᠳᠠᠭᠳᠠᠯ ᠣᠷᠣᠰᠢᠵᠤ ᠪᠠᠶᠢᠨ᠎ᠠ︔ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠨᠢ ᠠᠵᠤ ᠠᠬᠤᠶᠢᠯᠠᠯ ᠪᠠ ᠤᠯᠠᠨ ᠲᠦᠮᠡᠨ ᠤ ᠬᠦᠰᠡᠯ | ᠡᠷᠡᠮᠡᠯᠵᠡᠯ ᠲᠠᠢ ᠵᠦᠷᠢᠶ᠎ᠡ ᠣᠷᠣᠰᠢᠵᠣ᠂ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠬᠦ | ᠴᠢᠬᠤᠯᠠᠲᠠᠢ᠂ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠮᠥᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠶᠢᠮᠣ | ᠠᠴᠠ ᠪᠢᠳᠡ ᠠᠰᠠᠭᠤᠳᠠᠯ ᠪᠠ ᠥᠷᠢᠰᠥᠯᠳᠦᠭᠡᠨ ᠳᠤ ᠵᠦᠪ ᠢᠶᠠᠷ ᠬᠠᠨᠳᠤᠵᠤ᠂ ᠤᠬᠠᠮᠰᠠᠷ ᠠᠴᠠ ᠪᠠᠨ ᠬᠠᠷᠢᠭᠤᠴᠠᠯᠭ᠎ᠠ | ᠡᠭᠦᠷᠭᠡᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ ᠰᠢᠢᠳᠪᠦᠷᠢᠯᠡᠬᠦ ᠭᠡᠷᠡᠭᠲᠠᠢ᠃ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠦᠯᠦᠪᠵᠢᠭᠦᠯᠭᠡ ᠶᠢᠨ ᠬᠤᠭᠤᠴᠠᠭ᠎ᠠ ᠵᠢᠴᠢ 2021 ᠣᠨ | ᠤ ᠠᠵᠢᠯ ᠤᠨ ᠪᠠᠶᠢᠷᠢᠯᠠᠭᠤᠯᠤᠯᠲᠠ | 《 ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠰᠠᠨᠠᠭᠤᠯᠭ᠎ᠠ 》ᠶᠣᠰᠣᠭᠠᠷ᠂ | ᠪᠢᠳᠡ《 ᠵᠡᠭᠦᠨ ᠦᠵᠦᠮᠦᠴᠢᠨ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ | ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ ( ᠲᠥᠰᠦᠯ ) 》 ᠶᠢ ᠲᠣᠭᠲᠠᠭᠠᠵᠣ᠂ ᠠᠵᠤ ᠠᠬᠤᠶ ᠶᠢᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ | ᠨᠡᠶᠢᠭᠡᠮ ᠤᠨ ᠪᠣᠯᠪᠠᠰᠤᠨ᠂ ᠠᠮᠢ ᠠᠬᠤᠶ ᠶᠢᠨ ᠪᠣᠯᠪᠠᠰᠤᠨ᠂ ᠠᠷᠠᠳ ᠤᠨ ᠠᠮᠢᠳᠤᠷᠠᠯ᠂ ᠵᠠᠰᠠᠯᠲᠠ ᠶᠢᠨ ᠦᠷ᠎ᠡ | ᠪᠦᠲᠦᠮᠵᠢ ᠵᠡᠷᠭᠡ ᠵᠢᠷᠭᠤᠭᠠᠨ ᠲᠠᠯ᠎ᠠ ᠠᠴᠠ《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠵᠣ᠂ | ᠬᠥᠭᠵᠢᠯᠲᠡ ᠶᠢ ᠲᠤᠯᠭᠠᠭᠤᠷᠢᠯᠠᠬᠤ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠣ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠪᠠᠲᠣᠯᠠᠭᠤᠯᠤᠨᠠ᠃ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ 2035 ᠣᠨ ᠤ ᠠᠯᠤᠰ ᠤᠨ ᠬᠠᠷᠠᠯᠲᠠ ᠶᠢ ᠵᠣᠷᠢᠵᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠳᠠᠪᠠᠭᠤᠯᠢᠭ ᠣᠨᠴᠠᠯᠢᠭ ᠲᠠᠭᠠᠨ ᠰᠠᠭᠤᠷᠢᠯᠠᠨ᠂ ᠪᠣᠬᠢᠷᠲᠤᠯ ᠥᠬᠡᠶ | ᠬᠥᠭᠵᠢᠯᠲᠡ ᠶᠢᠨ ᠠᠷᠭ᠎ᠠ ᠶᠢ ᠡᠭᠦᠳᠴᠦ᠂ ᠲᠣᠲᠠᠭᠳᠠᠯ ᠢᠶᠠᠨ ᠨᠥᠬᠦᠪᠥᠷᠢᠯᠡᠨ᠂ ᠦᠶᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠦᠨ᠂ ᠠᠵᠤ ᠠᠬᠤᠶ ᠶᠢᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠭᠠᠵᠠᠷ | ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠳᠤᠮᠳᠠᠴᠢ ᠪᠠᠷ 5% ᠣᠷᠴᠢᠮ ᠨᠡᠮᠡᠭᠳᠡᠭᠦᠯᠤᠨ᠎ᠠ᠃ | 2025 ᠣᠨ ᠪᠣᠯᠬᠤ ᠳᠤ᠂ ᠮᠠᠨ ᠤ ᠬᠤᠰᠢᠭᠤ ᠪᠠᠨ ᠣᠳᠣᠬᠢᠴᠢᠯᠠᠭᠰᠠᠨ ᠰᠠᠭᠤᠷᠢ ᠨᠥᠬᠦᠴᠡᠯ ᠲᠠᠢ ᠪᠦᠬᠦ | ᠤᠯᠤᠰ ᠤᠨ ᠲᠠᠯ᠎ᠠ ᠨᠤᠲᠤᠭ ᠤᠨ ᠠᠮᠢ ᠠᠬᠤᠶᠢᠴᠢ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠪᠣᠯᠭᠠᠵᠤ᠂ | ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃ | ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠠᠶᠢᠮᠠᠭ ᠤᠨ ᠵᠠᠬᠢᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ | ᠶᠣᠰᠣᠭᠠᠷ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠤᠯᠠᠮ ᠬᠤᠪᠢᠷᠠᠭᠤᠯᠵᠤ᠂ ᠠᠵᠤ ᠠᠬᠤᠶ ᠶᠢᠨ ᠪᠦᠲᠦᠴᠡ ᠶᠢ | ᠰᠢᠯᠢᠳᠡᠭᠵᠢᠭᠦᠯᠦᠨ᠂ ᠬᠦᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠡᠷᠳᠡᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠨ᠎ᠠ᠃ | ——ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ | ᠪᠠᠷᠢᠮᠲᠠᠯᠠᠨ᠎ᠠ᠃ ᠬᠥᠭᠵᠢᠯᠲᠡ ᠶᠢᠨ ᠵᠣᠷᠢᠯᠲᠠ ᠪᠠ ᠵᠣᠭᠰᠣᠴᠠ ᠪᠠᠨ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ | ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠠᠵᠢᠯ ᠣᠯᠭᠤᠬᠤ᠂ ᠣᠷᠣᠯᠭ᠎ᠠ ᠶᠢ ᠨᠡᠮᠡᠭᠳᠡᠭᠦᠯᠬᠦ | ᠶᠢ ᠲᠣᠪᠣᠶᠢᠮ᠎ᠠ ᠠᠳᠬᠤᠵᠤ᠂ ᠨᠠᠩ ᠭᠦᠶᠴᠡᠳ᠂ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠣᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠢ ᠲᠡᠩᠴᠡᠭᠦᠷᠢᠰᠢᠭᠦᠯᠬᠦ ᠬᠡᠮᠵᠢᠶ᠎ᠡ ᠶᠢ ᠪᠦᠬᠦ ᠣᠷᠣᠨ ᠤ ᠳᠤᠮᠳᠠᠴᠢ ᠬᠡᠮᠵᠢᠶ᠎ᠡ ᠳᠤ ᠬᠦᠷᠦᠭᠦᠯᠵᠤ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠨᠠᠰᠤᠵᠢᠯ ᠤᠨ ᠦᠢᠯᠡᠴᠢᠯᠡᠭᠡᠨ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ | ᠡᠮᠡᠭᠲᠡᠶᠢᠴᠦᠳ ᠬᠡᠦᠬᠡᠳ ᠵᠢᠴᠢ ᠵᠡᠮᠳᠡᠭᠴᠦᠳ ᠤᠨ ᠦᠢᠯᠡᠰ ᠢ ᠪᠦᠬᠦ ᠲᠠᠯ᠎ᠠ ᠪᠠᠷ ᠳᠠᠪᠰᠢᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ | ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠵᠤ᠂ ᠬᠤᠲᠠ ᠪᠠᠯᠭᠠᠰᠤᠵᠢᠯᠲᠠ | ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠪᠦᠬᠦ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ | ᠪᠦᠬᠦ ᠣᠷᠣᠨ᠂ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠭᠤᠯᠵᠤ᠂ ᠪᠦᠬᠦ ᠬᠤᠰᠢᠭᠤᠨ ᠤ ᠦᠨᠳᠦᠰᠦᠲᠡᠨ | ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ | ᠤ ᠲᠥᠷᠥᠭᠳᠡᠯ ᠢ ᠨᠡᠮᠡᠭᠳᠡᠭᠦᠯᠦᠨ᠎ᠡ᠃ | ——ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠠᠮᠢ ᠠᠬᠤᠢ ᠶᠢᠨ ᠪᠣᠬᠢᠷᠲᠤᠯ ᠥᠬᠡᠶ ᠬᠥᠭᠵᠢᠯᠲᠡ ᠪᠠᠷ ᠬᠠᠷᠠᠯᠲᠠ | ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠪᠣᠬᠢᠷᠲᠤᠯ | ᠥᠬᠡᠶ ᠳᠠᠪᠠᠭᠤᠯᠢᠭ ᠲᠠᠯ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠬᠤᠲᠠ ᠪᠠᠯᠭᠠᠰᠣᠵᠢᠯᠳᠡ ᠶᠢᠨ | ᠭᠠᠵᠠᠷ ᠣᠷᠣᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ᠂ ᠠᠮᠢ ᠠᠬᠤᠢ | ᠶᠢᠨ ᠴᠢᠳᠠᠮᠵᠢᠲᠤ ᠣᠷᠣᠨ ᠵᠡᠷᠭᠡ ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠷᠢᠰᠢᠭᠤᠯᠵᠤ᠂《 ᠨᠢᠭᠡ ᠬᠠᠯᠬᠠᠪᠴᠢ᠂ ᠨᠢᠭᠡ ᠲᠥᠪ᠂ ᠬᠤᠶᠠᠷ ᠬᠦᠷᠢᠶᠡᠯᠡᠩ ( ᠲᠣᠭᠤᠷᠢᠭ ) | ᠂ ᠭᠤᠷᠪᠠᠨ ᠲᠡᠩᠭᠡᠯᠢᠭ᠂ ᠳᠥᠷᠪᠡᠨ ᠲᠣᠭᠤᠷᠢᠭ᠂ ᠣᠯᠠᠨ ᠴᠡᠭ 》 ᠤᠨ ᠦᠢᠯᠡᠳᠪᠦᠷᠢᠯᠡᠯ ᠤᠨ ᠬᠦᠴᠦᠨ ᠤ ᠣᠷᠣᠨ | ᠵᠠᠢ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠠᠮᠢ ᠠᠬᠤᠶ ᠶᠢᠨ | ᠪᠣᠯᠪᠠᠰᠤᠨ ᠤ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠬᠦᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠰᠢᠰᠲ᠋ᠧᠮ ᠢ ᠪᠠᠶᠢᠩᠭᠤᠵᠢᠭᠤᠯᠤᠨ ᠬᠠᠮᠠᠭᠠᠯᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ | ᠲᠦᠪᠰᠢᠨ ᠢ ᠤᠯᠠᠮ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠣᠬᠢᠷᠲᠤᠯ ᠢ ᠵᠠᠰᠠᠬᠤ ᠡᠷᠴᠢᠮ ᠢ ᠦᠷᠭᠦᠯᠵᠢᠯᠡᠨ | ᠴᠢᠩᠭᠠᠷᠠᠭᠤᠯᠣᠨ᠎ᠠ᠃ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ | ᠡᠯᠡᠰᠦ ᠮᠠᠩᠬᠠᠨ ᠤ ᠡᠯ᠎ᠡ ᠵᠦᠢᠯ ᠤᠨ ᠠᠮᠢ ᠠᠬᠤᠢ ᠶᠢᠨ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ | ᠴᠢᠨᠠᠷ ᠢ ᠮᠡᠳᠡᠭᠳᠡᠮ᠎ᠡ ᠰᠠᠶᠢᠵᠢᠷᠠᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠤ | ᠨᠢ ᠰᠠᠶᠢᠵᠢᠷᠠᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠵᠤ᠂ | ᠪᠣᠬᠢᠷᠲᠤᠯ ᠦᠭᠡᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ | ᠪᠣᠯᠭᠠᠨ᠎ᠠ᠃ | ——ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠨ᠎ᠠ᠃ | ᠠᠵᠤ ᠦᠢᠯᠡᠰ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠵᠤ ᠦᠢᠯᠡᠰ | ᠤᠨ ᠪᠣᠬᠢᠷᠲᠤᠯ ᠦᠭᠡᠶᠢᠵᠢᠬᠦᠯᠦᠨ ᠬᠤᠪᠢᠷᠠᠭᠤᠯᠬᠤ᠂ ᠰᠢᠨ᠎ᠡ ᠬᠡᠯᠪᠡᠷᠢᠵᠢᠬᠦᠯᠦᠨ ᠳᠠᠭᠠᠭᠤᠯᠬᠤ᠂ ᠳᠡᠭᠡᠳᠦ | ᠲᠡᠰᠵᠢᠬᠦᠯᠦᠨ ᠬᠦᠭᠵᠢᠬᠦᠯᠬᠦ ᠶᠢ ᠠᠬᠢᠭᠤᠯᠵᠣ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠣᠷᠭᠠᠨᠢᠭ | ᠰᠣᠯᠢᠭᠳᠠᠯ ᠢ ᠪᠡᠶᠡᠯᠡᠭᠦᠯᠦᠨ᠂ ᠠᠵᠤ ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠤ᠂《ᠲᠦᠷᠪᠡᠨ | ᠤᠯᠠᠨ ᠲᠦᠷᠪᠡᠨ ᠴᠥᠭᠡᠨ》 ᠤ ᠪᠠᠶᠢᠳᠠᠯ ᠢ ᠰᠠᠶᠢᠵᠢᠷᠠᠭᠤᠯᠤᠨ᠂ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ | ᠢ ᠢᠯᠡᠳᠲᠡ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠬᠡᠯᠪᠡᠷᠢ ᠶᠢᠨ ᠠᠵᠤ ᠦᠢᠯᠡᠰ ᠤᠨ | ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂《ᠬᠤᠶᠠᠷ ᠰᠠᠭᠤᠷᠢᠨ》 ᠤ ᠪᠦᠳᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠣ᠂ ᠣᠳᠣᠬᠢᠴᠢᠯᠠᠭᠰᠠᠨ ᠠᠵᠤ ᠠᠬᠤᠢ ᠶᠢᠨ ᠲᠣᠭᠲᠠᠯᠴᠠᠭ᠎ᠠ ᠶᠢ | ᠪᠠᠶᠢᠭᠤᠯᠵᠤ᠂ ᠭᠠᠵᠠᠷ ᠣᠷᠣᠨ ᠤ ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ᠂ | ᠦᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠤᠯᠠᠨ ᠡᠰᠢᠵᠢᠨ ᠬᠥᠭᠵᠢᠭᠰᠡᠨ᠂ | ᠤᠯᠠᠨ ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠲᠣᠭᠲᠠᠯᠴᠠᠭ᠎ᠠ ᠶᠢ | ᠪᠠᠶᠢᠭᠤᠯᠣᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠣᠭᠴᠢ ᠬᠦᠴᠦᠨ ᠢ ᠰᠠᠶᠢᠲᠤᠷ | ᠪᠠᠳᠠᠷᠠᠭᠤᠯᠵᠤ᠂ ᠴᠢᠬᠤᠯᠠ ᠣᠷᠣᠨ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ ᠴᠢᠬᠤᠯᠠ ᠦᠷ᠎ᠡ ᠪᠦᠲᠦᠮᠵᠢ ᠣᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ | ᠪᠣᠭᠤᠮᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠣᠭᠤᠮᠲᠠ ᠪᠠᠷ ᠨᠡᠪᠲᠡᠷᠡᠬᠦ ᠣᠷᠴᠢᠨ | ᠨᠦᠬᠦᠴᠡᠯ ᠢ ᠰᠠᠶᠢᠵᠢᠷᠠᠭᠤᠯᠵᠣ᠂ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠪᠥᠬᠦ ᠲᠠᠯ᠎ᠠ ᠪᠠᠷ | ᠴᠢᠩᠭᠠᠷᠠᠭᠤᠯᠣᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠷᠢ ᠰᠠᠭᠤᠷᠢ ᠶᠢ ᠭᠦᠶᠴᠡᠳ | ᠢᠯᠡᠷᠡᠭᠦᠯᠦᠨ᠎ᠡ᠃ | ——ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢ | ᠭᠤᠶᠢᠪᠢᠰᠢ ᠦᠭᠡᠢ ᠪᠠᠷᠢᠮᠲᠠᠯᠠᠨ᠎ᠠ᠃ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ | ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ | ᠬᠠᠤᠯᠢ ᠪᠠᠷ ᠵᠠᠰᠠᠬᠤ ᠵᠡᠭᠦᠨ ᠦᠵᠦᠮᠦᠴᠢᠨ ᠢ ᠢᠯᠡᠳᠲᠡ ᠠᠬᠢᠭᠤᠯᠵᠤ᠂ ᠠᠮᠤᠷ ᠠᠮᠤᠭᠤᠯᠠᠩ ᠵᠡᠭᠦᠨ ᠦᠵᠦᠮᠦᠴᠢᠨ ᠤ | ᠪᠦᠲᠦᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠭᠡᠵᠦ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠭᠦᠢᠴᠡᠳ ᠢᠯᠡᠷᠡᠭᠦᠯᠦᠨ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ | ᠪᠠ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠡᠭᠡ | ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠤᠯᠤᠰ ᠤᠨ ᠨᠡᠶᠢᠭᠡᠮ ᠤᠨ ᠵᠠᠰᠠᠯᠲᠠ ᠶᠢᠨ | ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠤᠳᠠ ᠶᠢᠨ ᠨᠡᠶᠢᠭᠡᠮ | ᠤᠨ ᠵᠠᠰᠠᠯᠲᠠ ᠶᠢᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠵᠣ᠂ ᠡᠯ᠎ᠡ ᠲᠥᠷᠥᠯ ᠤᠨ ᠠᠶᠤᠯ ᠲᠦᠭᠰᠢᠭᠦᠷᠢ | ᠬᠢᠭᠡᠳ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠤᠯᠤᠰ ᠲᠥᠷᠥ ᠶᠢᠨ ᠠᠮᠤᠷ ᠲᠦᠪᠰᠢᠨ ᠢ | ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠪᠠᠲᠣᠯᠠᠬᠤ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠴᠢᠳᠠᠪᠤᠷᠢ ᠶᠢ ᠢᠯᠡᠳᠲᠡ | ᠴᠢᠩᠭᠠᠷᠠᠭᠤᠯᠵᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠣᠨᠴᠠᠭᠠᠶᠢᠯᠠᠨ ᠦᠨᠳᠦᠰᠦᠨ ᠱᠠᠲᠤᠨ ᠤ ᠶᠣᠰᠣ | ᠰᠤᠷᠲᠠᠬᠤᠨ ᠢᠶᠠᠷ ᠵᠠᠰᠠᠬᠤ᠂ ᠬᠠᠤᠯᠢ ᠪᠠᠷ ᠵᠠᠰᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠡᠬᠡ ᠤᠯᠤᠰ | ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠨ᠎ᠠ᠃ | ᠲᠥᠯᠥᠭᠡᠯᠡᠭᠴᠢᠳ ᠡ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠦᠯᠦᠪᠵᠢᠭᠦᠯᠭᠡ ᠶᠢᠨ ᠠᠤᠭ᠎ᠠ | ᠲᠥᠰᠦᠪ ᠢ ᠨᠢᠭᠡᠨᠲᠡ ᠵᠢᠷᠤᠭᠯᠠᠪᠠ᠃ ᠢᠷᠡᠭᠡᠳᠦᠢ ᠪᠠᠨ ᠪᠠᠷᠠᠯᠠᠬᠤᠶ᠎ᠠ᠂ ᠡᠭᠦᠷᠭᠡ ᠬᠦᠨᠳᠦ᠂ ᠵᠠᠮ ᠬᠤᠯᠠ᠂ ᠪᠢᠳᠡ | ᠵᠠᠪᠠᠯ ᠢᠯᠠᠨ ᠳᠠᠪᠠᠭ᠋ᠤ ᠢᠲᠡᠭᠡᠯ ᠵᠣᠷᠢᠭ ᠢᠶᠠᠨ ᠬᠦᠪᠴᠢᠯᠡᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠵᠤᠷᠢᠭᠳᠠᠢ | ᠣᠭᠲᠣᠵᠣ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠤ ᠵᠡᠭᠦᠨ ᠦᠵᠦᠮᠦᠴᠢᠨ ᠬᠤᠰᠢᠭᠤᠨ ᠤ ᠠᠮᠢ ᠠᠬᠤᠢ ᠰᠠᠶᠢᠵᠢᠷᠠᠵᠤ ᠪᠠᠶᠠᠵᠢᠨ ᠴᠢᠨᠡᠭᠡᠯᠢᠭᠵᠢᠬᠦ ᠶᠢ ᠬᠠᠮᠲᠤ ᠪᠠᠷ | ᠪᠡᠶᠡᠯᠡᠭᠦᠯᠬᠦ ᠰᠢᠨ᠎ᠡ ᠬᠠᠭᠤᠳᠠᠰᠤ ᠶᠢ ᠪᠢᠴᠢᠭᠯᠡᠶ᠎ᠡ᠃ | ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠪᠣᠯᠤᠨ᠎ᠠ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ | ᠶᠢᠨ ᠵᠢᠯ ᠪᠣᠯᠤᠨ᠎ᠠ᠂ ᠪᠠᠰᠠᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠪᠣᠯᠤᠨ᠎ᠠ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ | ᠤᠨ ᠴᠢᠬᠤᠯᠠ ᠶᠤᠮ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 % ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 3 % ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠠᠳᠠᠯᠢ ᠲᠥᠷᠥᠯ ᠤᠨ ᠣᠷᠣᠯᠭ᠎ᠠ ᠶᠢ 6.1 % ᠣᠷᠴᠢᠮ ᠨᠡᠮᠡᠭᠳᠡᠭᠦᠯᠦᠨ᠎ᠡ︔ ᠨᠡᠶᠢᠭᠡᠮ | ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 4 % ᠣᠷᠴᠢᠮ ᠨᠡᠮᠡᠭᠳᠡᠭᠦᠯᠦᠨ᠎ᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠤᠪᠢᠶᠠᠷᠢᠯᠠᠵᠣ ᠪᠣᠯᠬᠤᠶᠢᠴᠠ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ | ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ | ᠨᠢᠭᠡ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠤᠨ᠎ᠠ᠃ ᠬᠢᠵᠢᠭ ᠤᠨ | ᠪᠠᠶᠢᠳᠠᠯ ᠤᠨ ᠠᠵᠤ ᠠᠬᠤᠶ ᠳᠠᠬᠢ ᠬᠦᠨᠳᠦ ᠨᠣᠴᠢᠲᠠᠶ ᠲᠠᠭᠠᠷᠢᠯᠲᠠ ᠶᠢ ᠡᠷᠡᠰ ᠢᠯᠡᠨ ᠳᠠᠪᠠᠵᠤ᠂《ᠵᠢᠷᠭᠤᠭ᠎ᠠ ᠶᠢ | ᠲᠣᠭᠲᠠᠪᠤᠷᠢᠵᠢᠭᠤᠯᠬᠤ 》ᠠᠵᠢᠯ ᠢ ᠰᠠᠶᠢᠲᠤᠷ ᠬᠢᠬᠦ᠂《ᠵᠢᠷᠭᠤᠭ᠎ᠠ ᠶᠢ ᠪᠠᠲᠤᠯᠠᠬᠤ 》ᠡᠭᠦᠷᠭᠡ ᠶᠢ | ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠠᠵᠤ ᠠᠬᠤᠶ ᠶᠢᠨ ᠨᠡᠮᠡᠭᠳᠡᠯ ᠢ ᠪᠥᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ᠃ ᠨᠢᠭᠡ ᠳᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ | ᠴᠢᠩᠭᠠᠳᠬᠠᠨ᠎ᠠ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠢ ᠶᠢᠨ ᠦᠷ᠎ᠡ ᠠᠰᠢᠭ ᠢᠶᠠᠷ | ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠠᠭᠤᠴᠢᠨ ᠢ ᠡᠪᠳᠡᠨ ᠰᠢᠨᠡᠴᠢᠯᠡᠬᠦ᠂ ᠵᠠᠬ᠎ᠠ ᠳᠡᠯᠭᠡᠭᠦᠷ ᠲᠠᠢ᠂ ᠦᠷ᠎ᠡ | ᠠᠰᠢᠭ ᠲᠠᠢ᠂ ᠳᠠᠯᠳᠠ ᠬᠦᠴᠦᠨ ᠲᠠᠢ ᠵᠠᠷᠢᠮ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ | ᠳᠡᠪᠰᠢᠬᠦ ᠶᠢ ᠵᠣᠷᠢᠭᠵᠢᠭᠤᠯᠤᠨ᠎ᠠ︔ ᠬᠥᠷᠥᠩᠭᠡ ᠨᠢ ᠥᠷᠢ ᠳᠡᠭᠡᠨ ᠬᠦᠷᠬᠦ ᠥᠬᠡᠶ᠂ ᠵᠢᠯ ᠳᠠᠷᠠᠭᠠᠯᠠᠨ ᠠᠯᠳᠠᠭᠳᠠᠯ ᠲᠠᠢ | ᠂ ᠠᠯᠳᠠᠭᠳᠠᠯ ᠢᠶᠠᠨ ᠬᠤᠪᠢᠷᠠᠭᠤᠯᠬᠤ ᠪᠣᠯᠤᠮᠵᠢ ᠥᠬᠡᠶ《ᠦᠬᠦᠰᠢᠷᠡᠮᠡᠯ》ᠠᠵᠤ ᠠᠬᠤᠶᠢᠯᠠᠯ ᠢ ᠬᠠᠤᠯᠢ ᠶᠣᠰᠣᠭᠠᠷ | ᠵᠠᠬ᠎ᠠ ᠳᠡᠯᠭᠡᠭᠦᠷ ᠠᠴᠠ ᠴᠡᠪᠡᠷᠯᠡᠨ ᠭᠠᠷᠭᠠᠨ᠎ᠠ︔ ᠠᠮᠢᠵᠢᠷᠠᠯ ᠤᠨ ᠬᠦᠴᠦᠨ ᠲᠠᠢ᠂ ᠬᠦᠭᠵᠢᠯᠲᠡ ᠶᠢᠨ ᠢᠷᠡᠭᠡᠳᠦᠶ ᠲᠠᠢ | ᠳᠤᠮᠳᠠ᠂ ᠵᠢᠵᠢᠭ ᠠᠵᠤ ᠠᠬᠤᠶᠢᠯᠠᠯ ᠤᠨ ᠬᠦᠴᠦᠨ ᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠭᠦᠯᠤᠨ᠎ᠠ᠃ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠪᠦᠬᠦ ᠬᠦᠴᠦᠨ ᠢᠶᠠᠷ ᠢᠶᠠᠨ ᠠᠵᠢᠯᠯᠠᠬᠤ ᠶᠢ ᠭᠤᠣᠯᠳᠠᠯᠭ᠎ᠠ | ᠲᠠᠢ ᠰᠠᠶᠢᠲᠤᠷ ᠠᠳᠬᠤᠵᠤ᠂ ᠭᠤᠣᠯ ᠪᠣᠯᠬᠤ ᠦᠢᠯᠡᠳᠬᠦᠨ ᠤ ᠭᠠᠷᠤᠯᠲᠠ ᠶᠢ ᠠᠳᠠᠯᠢ ᠬᠤᠭᠤᠴᠠᠭᠠᠨ ᠤ ᠲᠦᠪᠰᠢᠨ | ᠠᠴᠠ ᠥᠨᠳᠥᠷ ᠪᠠᠶᠢᠯᠭᠠᠬᠤ ᠶᠢ ᠪᠠᠲᠤᠯᠠᠨ᠎ᠠ᠃ ᠬᠤᠶᠠᠷ ᠲᠤ᠂ ᠪᠦᠲᠦᠮᠵᠢᠲᠡᠢ ᠪᠡᠯᠡ ᠣᠷᠣᠭᠤᠯᠤᠯᠲᠠ ᠶᠢ | ᠥᠷᠭᠡᠳᠬᠡᠨ᠎ᠡ᠃ ᠲᠥᠷᠥᠯ ᠵᠦᠶᠯ ᠤᠨ ᠳᠠᠶᠢᠴᠢᠯᠠᠬᠤ ᠦᠶᠯᠡᠳᠦᠯ ᠢ ᠳᠣᠪᠣᠶᠢᠯᠭᠠᠵᠤ᠂ ᠷᠦᠩ ᠭᠤᠸᠠᠨ ᠠᠭᠤᠷᠬᠠᠶ | ᠶᠢᠨ ᠦᠶᠯᠡᠰ ᠤᠨ ᠰᠢᠭᠠᠷᠤᠭ ᠤᠨ ᠬᠥᠮᠥᠷᠭᠡ ᠶᠢᠨ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠬᠡᠮᠵᠢᠶ᠎ᠡ ᠶᠢ | ᠥᠷᠭᠡᠳᠬᠡᠬᠦ᠂ ᠲᠠᠯ᠎ᠠ ᠨᠣᠲᠤᠭ ᠤᠨ ᠲᠠᠢ ᠶᠠᠩ ᠮᠢᠬᠠᠨ ᠦᠶᠯᠡᠰ ᠤᠨ ᠦᠬᠡᠷ ᠬᠤᠨᠢᠨ ᠮᠢᠬᠠᠨ ᠤ ᠪᠤᠯᠭᠤᠭᠰᠠᠨ | ᠢᠳᠡᠭᠡᠨ᠂ ᠪᠣᠭᠤᠮᠲᠠ ᠶᠢᠨ ᠨᠡᠭᠦᠷᠡᠰᠦᠨ ᠤ ᠲᠣᠭᠤᠰᠣ ᠳᠠᠷᠤᠬᠤ ᠦᠶᠯᠡᠳᠪᠦᠷᠢ ᠶᠢᠨ ᠲᠠᠰᠤᠭ᠂ ᠦᠩᠲᠦ ᠨᠡᠭᠦᠷᠡᠰᠦ | ᠬᠠᠳᠠᠭᠠᠯᠠᠬᠤ ᠬᠥᠮᠥᠷᠭᠡ ᠵᠡᠷᠭᠡ ᠲᠥᠷᠥᠯ ᠵᠦᠶᠯ ᠤᠨ ᠭᠠᠷᠳᠠᠮ ᠢ ᠭᠦᠶᠴᠡᠳᠬᠡᠵᠣ᠂ ᠵᠢᠯ ᠳᠤ ᠠᠵᠢᠯ ᠡᠬᠢᠯᠡᠬᠦᠯᠦᠨ᠎ᠡ᠃ | ᠤᠯᠢᠶᠠᠰᠤᠲᠠᠢ ᠠᠵᠤ ᠦᠶᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠢ 5 ᠰᠠᠷ᠎ᠠ ᠳᠤ | ᠪᠠᠷᠢᠯᠭ᠎ᠠ ᠡᠬᠢᠯᠡᠭᠦᠯᠵᠣ᠂ 331 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ ᠪᠣᠭᠳ᠋ᠬᠠᠭᠤᠯᠠ ᠠᠴᠠ ᠠᠷᠤ | ᠨᠠᠭᠤᠷ ᠤᠨ ᠪᠦᠳᠦᠭᠦᠨ ᠬᠦᠷᠬᠦ ᠬᠡᠰᠡᠭ᠂ ᠤᠯᠢᠶᠠᠰᠤᠲᠠᠢ ᠠᠴᠠ ᠡᠵᠢᠨᠠᠭᠤᠷ ᠬᠦᠷᠬᠦ ᠬᠡᠰᠡᠭ ᠢ ᠠᠵᠢᠯ ᠳᠠᠭᠤᠰᠬᠠᠵᠣ | ᠲᠡᠷᠭᠡ ᠨᠡᠪᠳᠡᠷᠡᠭᠦᠯᠦᠨ᠂ 331 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ ᠠᠷᠤ ᠨᠠᠭᠤᠷ ᠤᠨ ᠪᠦᠳᠦᠭᠦᠨ | ᠠᠴᠠ ᠤᠯᠢᠶᠠᠰᠤᠲᠠᠢ ᠬᠦᠷᠬᠦ ᠬᠡᠰᠡᠭ ᠪᠣᠯᠤᠨ ᠠᠯᠲᠠᠨᠬᠢᠯᠢ ᠠᠴᠠ ᠥᠯᠵᠡᠶᠢᠲᠦ ᠣᠪᠣᠭ᠎ᠠ ᠬᠦᠷᠬᠦ ᠬᠡᠰᠡᠭ ᠤᠨ ᠬᠢᠯᠢ ᠶᠢᠨ | ᠬᠠᠮᠠᠭᠠᠯᠠᠯᠲᠠ ᠶᠢᠨ ᠵᠠᠰᠠᠮᠠᠯ ᠵᠠᠮ ᠢ ᠠᠵᠢᠯ ᠡᠬᠢᠯᠡᠭᠦᠯᠦᠨ᠂ 306 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ | ᠤᠨ ᠤᠯᠢᠶᠠᠰᠤᠲᠠᠢ ᠠᠴᠠ ᠪᠠᠯᠭᠠᠷᠭᠤᠤᠯ ᠬᠦᠷᠬᠦ ᠬᠡᠰᠡᠭ ᠢ ᠪᠠᠷᠢᠯᠭ᠎ᠠ ᠡᠬᠢᠯᠡᠭᠦᠯᠵᠤ᠂ 221ᠨᠣᠮᠧᠷᠲᠤ ᠮᠤᠵᠢ ᠶᠢᠨ | ᠲᠡᠰ ᠤᠨ ᠵᠠᠰᠠᠮᠠᠯ ᠵᠠᠮ ᠤᠨ ᠡᠵᠢᠨᠠᠭᠤᠷ ᠠᠴᠠ ᠲᠠᠪᠤᠨ ᠪᠠᠶᠢᠰᠢᠩ ᠬᠦᠷᠬᠦ ᠬᠠᠷᠢᠯᠴᠠᠨ ᠨᠡᠪᠲᠡᠷᠡᠬᠦ ᠬᠡᠰᠡᠭ ᠢ ᠲᠥᠷᠦᠯ | ᠵᠦᠢᠯ ᠲᠣᠭᠲᠠᠭᠠᠵᠦ᠂ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠦᠯ ᠵᠦᠢᠯ ᠤᠨ ᠪᠣᠯᠣᠮᠵᠢᠲᠤ ᠰᠣᠳᠣᠯᠭᠠᠨ ᠤ ᠮᠡᠳᠡᠬᠦᠯᠦᠯᠲᠡ ᠶᠢ ᠬᠢᠨᠠᠨ ᠪᠠᠶᠢᠴᠠᠭᠠᠵᠣ | ᠮᠡᠳᠡᠭᠦᠯᠦᠨ ᠵᠥᠪᠰᠢᠶᠡᠷᠡᠭᠦᠯᠦᠨ᠎ᠡ᠃ ᠭᠤᠷᠪᠠ ᠳᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠲᠥᠪ ᠤᠨ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ | ᠣᠨᠣᠪᠴᠢᠲᠠᠶ ᠡᠵᠡᠮᠰᠢᠵᠦ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠮᠠᠷᠭᠤᠭᠠᠨ ᠲᠠᠢ | ᠥᠭᠴᠡᠭᠡ ᠶᠢ ᠴᠡᠪᠡᠷᠯᠡᠬᠦ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠠᠬᠢᠭᠤᠯᠤᠨ᠎ᠠ᠃ ᠡᠯ᠎ᠡ ᠲᠦᠷᠦᠯ ᠤᠨ | ᠲᠦᠷᠢᠮ ᠠᠴᠠ ᠵᠥᠷᠢᠴᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠶᠢ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠠᠶᠢᠯᠢ ᠰᠦᠢᠳᠬᠡᠯ ᠪᠠᠭᠤᠷᠠᠭᠤᠯᠬᠤ ᠦᠷ᠎ᠡ ᠠᠰᠢᠭ ᠢ ᠭᠦᠨᠵᠡᠭᠡᠢ | ᠠᠭᠤᠳᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠢ ᠬᠥᠪᠴᠢᠯᠡᠨ᠎ᠡ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ | ᠤᠯᠠᠮᠵᠢᠯᠠᠯᠲᠤ ᠦᠶᠯᠡᠴᠢᠯᠡᠭᠡᠨ ᠤ ᠦᠶᠯᠡᠰ ᠤᠨ ᠲᠠᠰ ᠳᠡᠪᠰᠢᠬᠦ ᠶᠢ ᠰᠠᠶᠢᠲᠤᠷ ᠠᠳᠬᠤᠵᠤ᠂ ᠣᠲᠣ ᠦᠶ᠎ᠡ ᠶᠢᠨ | ᠦᠶᠯᠡᠴᠢᠯᠡᠭᠡᠨ ᠤ ᠦᠶᠯᠡᠰ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠣᠯᠠᠨ ᠠᠷᠭ᠎ᠠ ᠬᠡᠮᠵᠢᠶ᠎ᠡ | ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢᠨ《ᠰᠡᠷᠭᠦᠯᠲᠡ》 ᠶᠢ ᠳᠠᠶᠢᠴᠢᠯᠠᠨ᠎ᠠ᠃ ᠳᠥᠷᠪᠡ ᠳᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠯ ᠳᠤ ᠠᠵᠤ ᠠᠬᠤᠶᠢᠯᠠᠯ ᠡᠷᠭᠢᠯᠡᠬᠦ ᠭᠠᠷᠳᠠᠮ | ᠬᠦᠢᠴᠡᠳᠭᠡᠬᠦ ᠪᠥᠬᠦ ᠶᠠᠪᠤᠴᠠ ᠶᠢᠨ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠴᠠᠭ ᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠠᠷᠢᠯᠭ᠎ᠠ ᠶᠢᠨ | ᠵᠥᠪᠰᠢᠶᠡᠷᠡᠯ ᠤᠨ ᠭᠦᠢᠴᠡᠳᠬᠡᠬᠦ ᠴᠠᠭ ᠢ 65 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠠᠰᠠᠭ ᠤᠨ ᠣᠷᠳᠣᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ | ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠬᠦ | ᠵᠦᠢᠯᠡᠰ ᠢ ᠨᠡᠮᠡᠭᠳᠡᠬᠦᠯᠵᠣ᠂《ᠨᠢᠭᠡ ᠴᠣᠭᠴᠠᠵᠢᠭᠤᠯᠣᠭᠰᠠᠨ ᠲᠠᠪᠴᠠᠩ 》 ᠤᠨ ᠬᠡᠷᠡᠭᠯᠡᠯᠲᠡ ᠶᠢ ᠳᠡᠯᠭᠡᠷᠡᠭᠦᠯᠦᠨ᠂ 6 | ᠰᠠᠷ᠎ᠠ ᠶᠢᠨ ᠰᠡᠭᠦᠯᠴᠢ ᠠᠴᠠ ᠡᠮᠦᠨ᠎ᠡ ᠠᠶᠢᠮᠠᠭ᠂ ᠬᠤᠰᠢᠭᠤ᠂ ᠰᠤᠮᠤ ᠪᠠᠯᠭᠠᠰᠤ ᠭᠤᠷᠪᠠᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠵᠦ᠂ ᠭᠠᠴᠠᠭ᠎ᠠ ( ᠨᠡᠶᠢᠭᠡᠮ ᠲᠣᠭᠤᠷᠢᠭ ) ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ | ᠴᠡᠭ ᠢ ᠨᠡᠶᠢᠳᠡᠮ ᠪᠦᠷᠬᠦᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ | ᠤᠯᠤᠰ ᠤᠨ ᠠᠵᠤ ᠦᠢᠯᠡᠰ ᠤᠨ ᠲᠥᠷᠦ ᠶᠢᠨ ᠪᠣᠳᠣᠯᠭ᠎ᠠ ᠳᠤ ᠨᠡᠶᠢᠴᠡᠭᠰᠡᠨ᠂ ᠪᠡᠯᠡ ᠣᠷᠣᠭᠤᠯᠤᠯᠲᠠ ᠶᠢᠨ ᠬᠡᠪᠴᠢᠶ᠎ᠡ | ᠨᠢ ᠶᠡᠭᠡ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠨᠢ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ | ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠨᠢᠭᠡ ᠪᠦᠯᠦᠭ ᠲᠤᠮᠤ ᠲᠥᠷᠥᠯ ᠵᠦᠢᠯ ᠢ ᠢᠳᠡᠪᠬᠢᠲᠡᠢ | ᠤᠷᠢᠨ ᠣᠷᠣᠭᠤᠯᠵᠤ᠂ ᠤᠯᠢᠶᠠᠰᠤᠲᠠᠢ ᠠᠵᠤ ᠦᠶᠯᠡᠳᠪᠦᠷᠢ ᠶᠢᠨ ᠲᠣᠭᠤᠷᠢᠭ᠂ ᠪᠣᠭᠤᠮᠲᠠ ᠶᠢᠨ ᠣᠯᠠᠨ ᠤᠯᠤᠰ ᠤᠨ | ᠪᠣᠳᠠᠰ ᠤᠨ ᠭᠦᠢᠯᠭᠡᠭᠡᠨ ᠤ ᠲᠣᠭᠤᠷᠢᠭ ᠤᠨ ᠲᠥᠯᠥᠪᠵᠢᠭᠦᠯᠭᠡ ᠶᠢ ᠵᠢᠯ ᠤᠨ ᠳᠣᠲᠣᠷ᠎ᠠ ᠵᠥᠪᠰᠢᠶᠡᠷᠡᠭᠦᠯᠵᠦ᠂ ᠠᠵᠤ | ᠠᠬᠤᠶᠢᠯᠠᠯ ᠳᠤ ᠪᠦᠬᠦ ᠲᠠᠯ᠎ᠠ ᠶᠢᠨ ᠬᠥᠭᠵᠢᠯᠲᠡ ᠶᠢᠨ ᠲᠠᠪᠴᠠᠩ ᠬᠠᠩᠭᠠᠨ᠎ᠠ᠃ | ᠬᠤᠶᠠᠷ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ | ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠣᠨᠣᠪᠴᠢᠲᠠᠶ ᠡᠵᠡᠮᠳᠡᠵᠦ᠂ ᠠᠵᠤ ᠦᠶᠯᠡᠰ ᠤᠨ | ᠬᠥᠭᠵᠢᠯᠲᠡ ᠶᠢᠨ ᠭᠤᠤᠯᠳᠠᠯᠭ᠎ᠠ ᠶᠢ ᠣᠨᠣᠪᠴᠢᠲᠠᠶ ᠲᠣᠭᠲᠠᠭᠠᠵᠤ᠂ ᠠᠵᠤ ᠦᠶᠯᠡᠰ ᠤᠨ ᠪᠦᠲᠦᠴᠡ ᠶᠢ | ᠲᠣᠬᠢᠷᠠᠭᠤᠯᠵᠤ᠂ ᠠᠵᠤ ᠦᠶᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠨᠢᠭᠡ ᠳᠤ᠂ ᠰᠠᠭᠤᠷᠢ ᠠᠵᠤ | ᠦᠢᠯᠡᠰ ᠢ ᠰᠢᠯᠢᠳᠡᠭᠵᠢᠭᠦᠯᠦᠨ᠎ᠡ᠃《ᠠᠮᠢ ᠠᠬᠤᠶ ᠶᠢ ᠬᠠᠮᠠᠭᠠᠯᠠᠬᠤ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠶᠠᠰᠤ | ᠴᠢᠨᠠᠷ ᠢ ᠳᠡᠭᠡᠭᠰᠢᠯᠡᠭᠦᠯᠬᠦ 》ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ《 ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ 》ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠠᠯᠵᠢᠯ ᠤᠨ ᠣᠨ ᠤ ᠬᠤᠨᠢᠨ ᠤ ᠲᠤᠭ᠎ᠠ ᠶᠢ 264 ᠲᠦᠮᠡ ᠣᠷᠴᠢᠮ ᠳᠤ ᠲᠣᠭᠲᠠᠭᠤᠨ | ᠪᠠᠶᠢᠯᠭᠠᠬᠤ ᠶᠢ ᠦᠨᠡᠨᠬᠦ ᠪᠠᠲᠤᠯᠠᠵᠤ᠂ ᠦᠬᠡᠷ ᠪᠠ ᠠᠳᠣᠭᠤᠨ ᠤ ᠲᠤᠭ᠎ᠠ ᠶᠢ 20 ᠲᠦᠮᠡ ᠪᠠ 5 ᠲᠦᠮᠡ ᠶᠢᠨ | ᠳᠣᠲᠣᠷ᠎ᠠ ᠬᠢᠵᠠᠭᠠᠷᠯᠠᠨ᠎ᠠ᠃ ᠦᠷ᠎ᠡ ᠶᠢᠨ ᠮᠠᠯ ᠤᠨ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠵᠢᠯ ᠤᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠲᠡᠰ ᠤᠨ ᠦᠷ᠎ᠡ ᠶᠢᠨ ᠮᠠᠯ ᠤᠨ ᠲᠠᠯᠠᠪᠠᠢ 2 ᠢ ᠪᠣᠶᠢᠵᠢᠭᠤᠯᠵᠤ᠂ 500 ᠲᠣᠯᠣᠭᠠᠢ | ᠠᠴᠠ ᠳᠡᠭᠡᠭᠰᠢᠬᠢ ᠬᠡᠪᠴᠢᠶ᠎ᠡ ᠲᠠᠢ ᠪᠣᠷᠳᠣᠨ ᠲᠠᠷᠭᠤᠯᠠᠭᠤᠯᠬᠤ ᠲᠠᠯᠠᠪᠠᠢ 3 ᠶᠢ ᠭᠤᠣᠯᠳᠠᠯᠭ᠎ᠠ ᠲᠠᠢ ᠲᠡᠳᠬᠦᠨ᠂ ᠮᠢᠬᠠᠨ | ᠬᠤᠨᠢ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ 1 ᠶᠢ ᠪᠣᠶᠢᠵᠢᠭᠤᠯᠵᠤ᠂ ᠤᠯᠤᠰ ᠤᠨ ᠲᠡᠰ ᠤᠨ ᠮᠢᠬᠠᠨ | ᠬᠤᠨᠢᠨ ᠤ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ 1 ᠶᠢ ᠪᠠᠶᠢᠭᠤᠯᠤᠨ᠎ᠠ᠃ ᠮᠣᠩᠭᠤᠯ ᠠᠳᠤᠭᠤᠨ ᠤ | ᠡᠭᠦᠯᠳᠡᠷ ᠬᠠᠮᠠᠭᠠᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠵᠢᠯ ᠤᠨ | ᠳᠣᠲᠣᠷ᠎ᠠ ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ 30 ᠶᠢ ᠪᠠᠬᠢᠵᠢᠭᠦᠯᠵᠦ᠂ 8 ᠰᠠᠭᠤᠷᠢ ᠡᠭᠦᠯᠳᠡᠷ ᠤᠨ | ᠬᠠᠮᠠᠭᠠᠯᠠᠯᠲᠠ ᠶᠢᠨ ᠲᠤᠷᠰᠢᠯᠲᠠ ᠶᠢᠨ ᠴᠢᠭ ᠢ ᠳᠡᠰ ᠳᠡᠪᠰᠢᠭᠦᠯᠦᠨ᠎ᠡ᠃ ᠡᠪᠡᠰᠦᠨ ᠤ ᠠᠵᠤ ᠦᠢᠯᠡᠰ ᠪᠠ | ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠢᠯ ᠤᠨ ᠳᠣᠲᠣᠷ᠎ᠠ ᠡᠪᠡᠰᠦᠨ | ᠤ ᠦᠢᠯᠡᠰ ᠤᠨ ᠰᠠᠭᠤᠷᠢᠨ ᠭᠠᠵᠠᠷ 1 ᠶᠢ ᠪᠠᠶᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠨᠢ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ SC ᠶᠢᠨ ᠭᠡᠷᠡᠴᠢᠯᠡᠯ | ᠳᠤ ᠬᠢᠷᠢ ᠲᠡᠩᠴᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠨᠡᠷᠡᠲᠦ ᠲᠡᠮᠳᠡᠭ ᠢ | ᠡᠭᠦᠳᠬᠦ ᠠᠵᠢᠯ ᠢ ᠠᠬᠢᠭᠤᠯᠵᠤ᠂ ᠦᠵᠦᠮᠦᠴᠢᠨ ᠬᠤᠨᠢᠨ ᠤ ᠤᠯᠤᠰ ᠤᠨ ᠠᠮᠢ ᠠᠬᠤᠢ ᠶᠢᠨ ᠤᠭ ᠭᠠᠷᠤᠯᠲᠠ ᠶᠢᠨ | ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠲᠦᠷᠦᠯ ᠢ ᠡᠬᠢᠯᠡᠨ ᠡᠷᠡᠮᠡᠯᠵᠡᠯᠡᠨ᠎ᠡ᠃《 ᠰᠢᠨᠵᠢᠯᠡᠭᠡ ᠮᠡᠷᠭᠡᠵᠢᠯ ᠢᠶᠠᠷ | ᠮᠠᠯ ᠠᠵᠤ ᠠᠬᠤᠢ ᠶᠢ ᠬᠥᠭᠵᠢᠭᠦᠯᠬᠦ 》 ᠶᠢ ᠪᠠᠷᠢᠮᠲᠠᠯᠠᠵᠤ᠂ ᠵᠢᠯ ᠤᠨ ᠳᠣᠲᠣᠷ᠎ᠠ ᠮᠠᠯ ᠡᠮᠨᠡᠯᠭᠡ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠣᠶᠤᠨᠴᠢ ᠮᠠᠯᠵᠢᠯ ᠤᠨ | ᠲᠠᠯᠠᠪᠠᠢ 40 ᠶᠢ ᠪᠠᠶᠢᠭᠤᠯᠵᠤ᠂ ᠣᠶᠤᠨᠴᠢ ᠠᠮᠢ ᠠᠬᠤᠢ ᠶᠢᠨ ᠡᠭᠦᠯᠡᠨ ᠲᠠᠪᠴᠠᠩ ᠠᠰᠢᠭᠯᠠᠯᠲᠠ ᠳᠤ ᠣᠷᠣᠬᠤ ᠶᠢ | ᠠᠬᠢᠭᠤᠯᠵᠤ᠂ ᠪᠦᠬᠦ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠪᠠ ᠵᠣᠬᠢᠰᠲᠠᠢ | ᠠᠰᠢᠭᠯᠠᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠬᠤᠶᠠᠷ ᠲᠤ᠂ ᠪᠣᠬᠢᠷᠲᠤᠯ ᠥᠬᠡᠶ ᠠᠵᠤ | ᠦᠶᠯᠡᠰ ᠢ ᠪᠣᠶᠢᠵᠢᠭᠤᠯᠤᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠮᠡᠷᠭᠡᠵᠢᠯ ᠣᠷᠣᠭᠤᠯᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ | ᠤᠨ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ ᠤᠯᠠᠮᠵᠢᠯᠠᠯᠲᠤ ᠠᠵᠤ | ᠦᠶᠯᠡᠰ ᠢ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠥᠬᠡᠶᠢᠳᠡᠭᠦᠯᠬᠦ ᠳᠠᠰᠢ ᠲᠠᠰ ᠳᠡᠪᠰᠢᠭᠦᠯᠬᠦ ᠶᠢ | ᠲᠦᠷᠭᠡᠳᠬᠡᠵᠦ᠂ ᠨᠠᠷᠢᠯᠢᠭ ᠡᠳ᠋ᠰᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ | ᠳᠡᠭᠡᠭᠰᠢᠯᠡᠭᠦᠯᠬᠦ ᠶᠢ ᠶᠡᠬᠡᠪᠡᠷ ᠬᠥᠭᠵᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ ᠢ | ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠴᠢᠩᠭ᠎ᠠ ᠬᠢᠵᠠᠭᠠᠷᠯᠠᠯ ᠪᠣᠯᠭᠠᠵᠤ᠂ ᠡᠨᠧᠷᠭᠢ ᠬᠡᠷᠡᠭᠯᠡᠬᠦ ᠲᠥᠰᠦᠪ | ᠤᠨ ᠬᠠᠮᠢᠶᠠᠷᠤᠯᠲᠠ ᠪᠠ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠡ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ ᠬᠠᠮᠤᠭ ᠤᠨ | ᠴᠢᠩᠭ᠎ᠠ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠵᠢᠯ ᠤᠨ ᠳᠣᠲᠣᠷ᠎ᠠ ᠭᠠᠵᠠᠷ ᠣᠷᠣᠨ ᠤ | ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠢ 0.4 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠢᠵᠠᠭᠠᠷᠯᠠᠵᠤ᠂ | ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ | 3% ᠪᠠᠷ ᠪᠠᠭᠤᠷᠠᠭᠤᠯᠤᠨ᠎ᠠ᠃ ᠭᠤᠷᠪᠠ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠪᠤᠵᠠᠭᠠᠶᠢᠷᠠᠭᠤᠯᠤᠨ᠎ᠠ᠃ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ | ᠣᠯᠠᠨ ᠨᠡᠶᠢᠲᠡ ᠶᠢᠨ ᠦᠶᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠳᠡᠭᠡᠷ᠎ᠡ ᠬᠠᠭᠠᠰ | ᠵᠢᠯ ᠳᠤ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠢ ᠠᠰᠢᠭᠯᠠᠯᠲᠠ ᠳᠤ ᠣᠷᠣᠭᠤᠯᠤᠨ᠂ ᠥᠪᠥᠷ | ᠮᠣᠩᠭᠤᠯ ᠤᠨ ᠪᠣᠭᠳ᠋ᠬᠠᠭᠤᠯᠠ ᠤᠯᠤᠰ ᠤᠨ ᠳᠡᠰ ᠤᠨ ᠣᠢ ᠰᠢᠭᠤᠶ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ | ᠶᠢ ᠵᠢᠯ ᠤᠨ ᠳᠣᠲᠣᠷ᠎ᠠ ᠵᠥᠪᠰᠢᠶᠡᠷᠡᠭᠦᠯᠵᠦ᠂ ᠤᠯᠤᠰ ᠤᠨ ᠣᠢ ᠰᠢᠭᠤᠶ ᠶᠢᠨ ᠴᠡᠴᠡᠷᠯᠢᠭ ᠤᠨ ᠬᠠᠮᠠᠭᠠᠯᠠᠨ | ᠠᠰᠢᠭᠯᠠᠬᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠣᠯᠬᠤ ᠪᠠᠷ ᠢᠳᠡᠪᠬᠢᠯᠡᠨ | ᠴᠢᠷᠮᠠᠶᠢᠵᠤ᠂ ᠣᠨᠴᠠᠯᠢᠭᠲᠤ ᠵᠢᠵᠢᠭ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠦᠨ᠂ ᠪᠣᠭᠤᠮᠲᠠ ᠶᠢᠨ ᠤᠯᠤᠰ ᠤᠨ ᠡᠭᠦᠳᠡ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠡᠵᠢᠨᠠᠭᠤᠷ— ᠵᠡᠭᠦᠨ ᠬᠠᠲᠠᠪᠴᠢ ᠬᠢᠯᠢ ᠶᠢᠨ ᠪᠣᠭᠤᠮᠲᠠ— ᠨᠠᠷᠢᠨ ᠭᠤᠤᠯ— ᠪᠣᠭᠳ᠋ᠬᠠᠭᠤᠯᠠ — | ᠤᠯᠠᠭᠠᠶ ᠭᠤᠤᠯ ᠤᠨ ᠰᠠᠪᠠ ᠭᠠᠵᠠᠷ ᠵᠡᠷᠭᠡ ᠨᠢᠭᠡ ᠪᠦᠯᠦᠭ ᠵᠢᠭᠤᠯᠴᠢᠯᠠᠯ ᠤᠨ ᠰᠣᠳᠣᠨ ᠵᠠᠮ ᠱᠤᠭᠤᠮ ᠢ ᠴᠢᠷᠮᠠᠶᠢᠨ | ᠪᠤᠢ ᠪᠣᠯᠭᠠᠵᠤ᠂ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ᠂ ᠠᠮᠢ ᠠᠬᠤᠶ ᠶᠢ ᠪᠡᠶᠡᠴᠢᠯᠡᠨ ᠣᠶᠢᠯᠠᠭᠠᠬᠤ | ᠵᠢᠭᠤᠯᠴᠢᠯᠠᠯ ᠵᠡᠷᠭᠡ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠪᠥᠭᠡᠮ ᠢᠶᠠᠷ | ᠪᠣᠷᠣᠯᠠᠭᠤᠯᠬᠤ ᠪᠠ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠬᠤᠨᠤᠭ ᠪᠠᠭᠤᠳᠠᠯ᠂ ᠵᠠᠭᠤᠴᠢ ᠦᠶᠯᠡᠴᠢᠯᠡᠭᠡ | ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ | ᠤ ᠶᠠᠪᠤᠳᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠵᠡᠷᠭᠡ | ᠰᠢᠨ᠎ᠡ ᠬᠡᠯᠪᠡᠷᠢ ᠶᠢᠨ ᠦᠶᠯᠡᠴᠢᠯᠡᠭᠡᠨ ᠤ ᠦᠶᠯᠡᠰ ᠢ ᠦᠷᠭᠦᠯᠵᠢᠯᠡᠨ ᠠᠬᠢᠭᠤᠯᠵᠤ᠂ ᠦᠶᠯᠡᠳᠬᠦᠨ ᠢ ᠳᠡᠭᠡᠭᠰᠢᠯᠡᠭᠦᠯᠬᠦ | ᠪᠠᠷ ᠳᠠᠮᠵᠢᠭᠤᠯᠤᠨ᠂ ᠪᠠᠷᠠᠭᠠᠨ ᠤ ᠭᠦᠶᠯᠭᠡᠭᠡᠨ ᠢ ᠰᠢᠯᠣᠭᠤᠳᠬᠠᠵᠣ᠂ ᠪᠣᠷᠣᠯᠠᠭᠤᠯᠭ᠎ᠠ ᠶᠢ ᠥᠷᠭᠡᠳᠬᠡᠨ᠂ ᠡᠯᠧᠺᠲᠷᠣᠨ | ᠬᠤᠳᠠᠯᠳᠤᠭᠠᠨ ᠤ ᠠᠵᠤ ᠦᠶᠯᠡᠰ ᠤᠨ ᠲᠣᠭᠤᠷᠢᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ | ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ | ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂《 ᠪᠣᠬᠢᠷᠲᠤᠯ ᠦᠭᠡᠢ | 》ᠭᠡᠬᠦ ᠡᠨᠡᠬᠦ ᠬᠠᠮᠤᠭ ᠤᠨ ᠶᠡᠭᠡ ᠡᠳ᠋ ᠪᠠᠶᠠᠯᠢᠭ᠂ ᠬᠠᠮᠤᠭ ᠤᠨ ᠶᠡᠭᠡ ᠳᠠᠪᠠᠭᠤᠯᠢᠭ ᠪᠣᠯᠤᠨ ᠬᠠᠮᠤᠭ ᠤᠨ ᠶᠡᠭᠡ | ᠲᠦᠷᠦᠯ ᠲᠡᠮᠳᠡᠭ ᠢ ᠦᠨᠡᠨᠬᠦ ᠰᠠᠶᠢᠲᠤᠷ ᠬᠠᠮᠠᠭᠠᠯᠠᠨ ᠠᠰᠢᠭᠯᠠᠵᠤ᠂ ᠲᠩᠷᠢ ᠶᠢ ᠨᠡᠩ ᠴᠡᠯᠮᠡᠭ᠂ ᠠᠭᠤᠯᠠ ᠶᠢ ᠨᠡᠩ | ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠲᠣᠭᠤᠷᠢᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ | ᠦᠷᠭᠦᠯᠵᠢᠯᠡᠬᠦᠶᠢᠴᠡ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ᠃ ᠨᠢᠭᠡ ᠳᠤ᠂ ᠠᠮᠢ ᠠᠬᠤᠢ ᠶᠢᠨ | ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠶᠡᠭᠡ | ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ 0.7 ᠲᠦᠮᠡᠨ ᠮᠥ ᠣᠶᠢᠵᠢᠭᠤᠯᠬᠤ ᠪᠠ 22.55 | ᠲᠦᠮᠡᠨ ᠮᠥ ᠨᠥᠬᠦᠵᠦ ᠳᠠᠷᠢᠵᠤ ᠣᠶᠢᠵᠢᠭᠤᠯᠬᠤ ᠡᠭᠦᠷᠭᠡ ᠶᠢ ᠴᠢᠨᠠᠷᠯᠢᠭ ᠪᠡᠶᠡᠯᠡᠭᠦᠯᠦᠨ᠎ᠡ᠃ ᠤᠯᠠᠭᠠᠶ ᠨᠤᠭᠤ ᠭᠠᠵᠠᠷ | ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠴᠢᠳᠠᠮᠵᠢᠲᠤ ᠣᠷᠣᠨ ᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠤᠨ ᠰᠢᠯᠢᠳᠡᠭᠵᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠤᠨ | ᠠᠮᠢ ᠠᠬᠤᠶ ᠶᠢ ᠰᠡᠷᠭᠦᠭᠡᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠡᠮᠡᠴᠡᠨ ᠣᠯᠵᠤ᠂ | ᠮᠠᠨᠳᠣᠬᠤᠪᠣᠯᠠᠭ ᠪᠠ ᠡᠵᠢᠨᠠᠭᠤᠷ ᠤᠨ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠲᠤᠷᠰᠢᠯᠲᠠ ᠶᠢᠨ ᠴᠡᠭ ᠤᠨ | ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠨᠦᠬᠦᠪᠦᠷᠢ ᠱᠠᠩᠨᠠᠯ᠂ ᠡᠯᠡᠰᠦᠷᠬᠡᠭ ᠭᠠᠵᠠᠷ ᠲᠤ ᠬᠤᠨᠢ ᠢᠮᠠᠭ᠎ᠠ | ᠮᠠᠯᠵᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ᠂ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠳᠤ ᠨᠥᠬᠦᠪᠥᠷᠢ | ᠥᠭᠬᠦ ᠲᠦᠷᠢᠮ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠡᠪᠡᠰᠦ ᠬᠠᠳᠤᠵᠤ ᠨᠥᠭᠡᠴᠡᠯᠡᠬᠦ ᠠᠵᠢᠯᠯᠠᠭ᠎ᠠ ᠶᠢ | ᠵᠢᠷᠤᠮᠵᠢᠭᠤᠯᠤᠨ᠂ ᠣᠶ ᠰᠢᠭᠤᠶ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠤᠷᠯᠠᠨ ᠬᠦᠷᠢᠶᠡᠯᠡᠬᠦ ᠶᠢ | ᠪᠠᠭᠠᠰᠬᠠᠨ᠂ ᠨᠤᠲᠤᠭ ᠪᠡᠯᠴᠢᠭᠡᠷ ᠤᠨ《 ᠬᠡᠰᠡᠭ ᠪᠤᠰᠠᠭ 》ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ | ᠶᠢ ᠠᠬᠢᠭᠤᠯᠤᠨ᠎ᠠ᠃ ᠤᠯᠠᠭᠠᠶ ᠭᠤᠣᠯ ᠤᠨ ᠰᠠᠪᠠ ᠭᠠᠵᠠᠷ ᠤᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠶ | ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠤᠯᠠᠭᠠᠶ ᠭᠤᠣᠯ ᠤᠨ ᠣᠷᠣᠰᠬᠠᠯ ᠢ | ᠨᠡᠪᠲᠡᠷᠡᠭᠦᠯᠬᠦ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠵᠦ᠂ ᠤᠯᠠᠭᠠᠶ ᠭᠤᠣᠯ ᠤᠨ ᠤᠰᠤᠨ ᠤ ᠡᠬᠢ ᠰᠤᠷᠪᠤᠯᠵᠢ | ᠶᠢ ᠨᠥᠬᠦᠪᠥᠷᠢᠯᠡᠬᠦ ᠶᠢ ᠪᠠᠲᠤᠯᠠᠨ᠎ᠠ᠃ ᠬᠤᠶᠠᠷ ᠲᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ | ᠶᠢ ᠬᠦᠴᠦ ᠪᠠᠨ ᠲᠥᠪᠯᠡᠷᠡᠭᠦᠯᠦᠨ ᠠᠬᠢᠭᠤᠯᠤᠨ᠎ᠠ᠃ ᠵᠠᠳᠠᠭᠠᠶ ᠠᠭᠤᠷᠬᠠᠶ ᠶᠢᠨ ᠵᠠᠰᠠᠯᠲᠠ ᠶᠢᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂《 ᠭᠤᠷᠪᠠᠨ ᠣᠷᠣᠨ ᠬᠤᠶᠠᠷ | ᠱᠤᠭᠤᠮ 》 ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠯᠡᠳᠡᠭᠳᠡᠯ ᠠᠰᠠᠭᠤᠳᠠᠯ ᠢ ᠰᠢᠶᠳᠪᠦᠷᠢᠯᠡᠨ᠂ | ᠥᠩᠭᠡᠷᠡᠭᠰᠡᠨ ᠤ ᠳᠤᠲᠠᠭᠳᠠᠯ ᠢᠶᠠᠨ ᠨᠥᠬᠦᠪᠥᠷᠢᠯᠡᠵᠦ᠂ ᠶᠡᠷᠦᠩᠬᠡᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ᠂ ᠵᠢᠯ ᠤᠨ ᠳᠣᠲᠣᠷ᠎ᠠ 5 ᠠᠭᠤᠷᠬᠠᠶ ᠶᠢᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ | ᠤᠨ ᠪᠣᠬᠢᠷᠲᠤᠯ ᠥᠬᠡᠶ ᠠᠭᠤᠷᠬᠠᠶ ᠪᠣᠯᠭᠠᠨ ᠪᠠᠶᠢᠭᠤᠯᠬᠤ ᠶᠢ ᠠᠬᠢᠭᠤᠯᠵᠤ᠂ 2023 ᠣᠨ ᠳᠤ ᠪᠥᠬᠦ ᠨᠡᠬᠡᠭᠡᠵᠦ | ᠪᠠᠶᠢᠭ᠎ᠠ ᠠᠭᠤᠷᠬᠠᠶ ᠶᠢᠨ ᠠᠵᠤ ᠠᠬᠤᠶᠢᠯᠠᠯ ᠤᠨ ᠪᠠᠷᠢᠮᠵᠢᠶ᠎ᠠ ᠳᠤ ᠬᠦᠷᠭᠡᠨ ᠪᠠᠶᠢᠭᠤᠯᠬᠤ ᠳᠤ ᠰᠠᠭᠤᠷᠢ ᠲᠠᠯᠪᠢᠵᠤ᠂《 | ᠪᠣᠬᠢᠷᠲᠣᠯ ᠦᠬᠡᠢ ᠪᠣᠯ ᠦᠯᠡᠳᠡᠭᠡᠵᠦ᠂ ᠪᠣᠬᠢᠷᠲᠣᠯ ᠲᠠᠢ ᠪᠣᠯ ᠪᠣᠴᠠᠭᠠᠨ ᠭᠠᠷᠭᠠᠬᠤ》 ᠶᠢ ᠪᠡᠶᠡᠯᠡᠭᠦᠯᠦᠨ᠎ᠡ᠃ | ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠠᠶᠢᠯᠠᠯᠲᠣᠭᠠᠨ ᠢ | ᠭᠦᠨᠵᠡᠭᠡᠢ ᠰᠠᠶᠢᠲᠤᠷ ᠬᠢᠨ᠎ᠠ᠃ ᠬᠦᠴᠢᠷ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠪᠠᠲᠤᠯᠠᠵᠤ᠂ | ᠬᠦᠴᠢᠷ ᠠᠰᠠᠭᠤᠳᠠᠯ ᠢ ᠰᠢᠢᠳᠪᠦᠷᠢᠯᠡᠬᠦ ᠭᠦᠨᠴᠡ ᠶᠢ ᠤᠷᠲᠤᠳᠬᠠᠨ᠂ ᠬᠦᠴᠢᠷ ᠠᠰᠠᠭᠤᠳᠠᠯ ᠢ ᠰᠢᠢᠳᠪᠦᠷᠢᠯᠡᠬᠦ | ᠥᠷᠭᠡᠴᠡ ᠶᠢ ᠥᠷᠭᠡᠳᠬᠡᠵᠦ᠂ ᠪᠣᠬᠢᠷᠲᠤᠯ ᠢ ᠨᠠᠷᠢᠯᠢᠭ ᠣᠨᠤᠪᠴᠢᠲᠠᠢ ᠵᠠᠰᠠᠬᠤ᠂ ᠪᠣᠬᠢᠷᠲᠤᠯ ᠢ ᠰᠢᠨᠵᠢᠯᠡᠬᠦ | ᠤᠬᠠᠭᠠᠨᠴᠢ ᠪᠠᠷ ᠵᠠᠰᠠᠬᠤ᠂ ᠪᠣᠬᠢᠷᠲᠤᠯ ᠢ ᠬᠠᠤᠯᠢ ᠶᠣᠰᠣᠭᠠᠷ ᠵᠠᠰᠠᠬᠤ ᠶᠢ ᠲᠣᠪᠤᠶᠢᠯᠭᠠᠵᠥ᠂ ᠠᠭᠠᠷ ᠮᠠᠨᠳᠠᠯ᠂ ᠤᠰᠤ᠂ | ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠬᠢᠨᠠᠨ ᠬᠡᠮᠵᠢᠵᠦ ᠡᠵᠡᠮᠳᠡᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠠ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠷ᠎ᠡ ᠱᠠᠲᠤᠨ ᠤ ᠣᠷᠴᠢᠨ ᠠᠬᠤᠢ | ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ | ᠦᠮᠴᠢᠯᠡᠯᠲᠦ ᠨᠡᠭᠦᠷᠡᠰᠦᠨ ᠠᠭᠤᠷᠬᠠᠢ ᠶᠢᠨ ᠣᠷᠣᠨ ᠤ ᠬᠤᠩᠭᠢᠯ ᠢ ᠪᠥᠭᠯᠡᠬᠦ ᠵᠠᠰᠠᠯᠲᠠ ᠵᠡᠷᠭᠡ ᠣᠯᠠᠨ ᠲᠦᠮᠡᠨ ᠤ | ᠲᠣᠰᠬᠠᠭᠰᠠᠨ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ | ᠤᠭᠲᠤᠬᠤ ᠪᠡᠯᠡᠳᠬᠡᠯ ᠢ ᠰᠠᠶᠢᠲᠤᠷ ᠬᠢᠨ᠎ᠡ᠃ | ᠳᠥᠷᠪᠡ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ | ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠨᠢᠭᠡ ᠡᠭᠡᠯᠵᠢ ᠶᠢᠨ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠠᠷᠢᠴᠠᠭ᠎ᠠ ᠶᠢ ᠭᠦᠨᠵᠡᠭᠡᠶ ᠡᠵᠡᠮᠳᠡᠵᠦ᠂ ᠬᠤᠲᠠ ᠬᠥᠳᠡᠭᠡ ᠶᠢ | ᠨᠢᠭᠡᠳᠦᠯᠲᠡᠶ ᠲᠥᠯᠥᠪᠵᠢᠭᠦᠯᠬᠦ᠂ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠵᠤ᠂ ᠬᠤᠲᠠ ᠪᠠᠷ | ᠬᠥᠳᠡᠭᠡ ᠲᠣᠰᠬᠤᠨ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠤᠰ | ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠥᠬᠦᠶ | ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠨᠢᠭᠡ ᠳᠤ᠂ ᠮᠠᠯᠵᠢᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ | ᠶᠢᠨ ᠳᠣᠲᠠᠭᠳᠠᠯ ᠢ ᠨᠥᠬᠦᠪᠥᠷᠢᠯᠡᠨ᠎ᠡ᠃ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠥᠭᠡᠷᠡᠴᠢᠯᠡᠯᠲᠡ | ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ 179 ᠬᠤᠳᠳᠤᠭ ᠮᠠᠯᠲᠠᠵᠣ᠂ 6.3 ᠲᠦᠮᠡᠨ ᠺᠦᠸᠠᠲ | ᠮᠧᠲᠷ ᠳᠤᠯᠠᠭᠠᠨ ᠫᠧᠩ ᠢ ᠰᠢᠨ᠎ᠡ ᠪᠠᠷ ᠪᠠᠶᠢᠭᠤᠯᠵᠤ᠂ 275.3 ᠺᠢᠯᠤᠮᠧᠲᠷ ᠮᠠᠯᠵᠢᠬᠤ ᠣᠷᠣᠨ ᠤ ᠵᠠᠮ ᠢ | ᠰᠢᠨᠡᠳᠭᠡᠨ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠦᠲᠦᠮᠵᠢᠲᠡᠢ ᠪᠠᠲᠣᠯᠠᠨ᠎ᠠ᠃ | ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ | ᠵᠣᠷᠯᠣᠩ ᠤᠨ ᠦᠭᠡᠷᠡᠴᠢᠯᠡᠯᠲᠡ᠂ ᠬᠤᠭ ᠨᠣᠪᠰᠢ ᠶᠢᠨ ᠵᠠᠰᠠᠯᠲᠠ᠂ ᠳᠦᠷᠢ ᠲᠥᠷᠬᠦ ᠶᠢᠨ ᠥᠭᠡᠷᠡᠴᠢᠯᠡᠯᠲᠡ᠂ ᠪᠣᠬᠢᠷ | ᠤᠰᠤᠨ ᠤ ᠵᠠᠰᠠᠯᠲᠠ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠬᠠᠮᠲᠤᠪᠠᠷ ᠪᠠᠶᠢᠭᠤᠯᠬᠤ ᠪᠠᠷ | ᠭᠤᠣᠯ ᠰᠢᠪᠲᠤᠯᠬᠤ ᠴᠢᠭᠯᠡᠯ ᠪᠣᠯᠭᠠᠵᠤ᠂ ᠮᠠᠯᠵᠢᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ《 | ᠪᠤᠵᠠᠷ ᠮᠠᠭᠤᠬᠠᠢ᠂ ᠡᠷᠦᠢ ᠬᠤᠷᠣᠢ ᠦᠭᠡᠢ᠂ ᠠᠨᠠᠢ 》ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠵᠢᠯ ᠤᠨ | ᠳᠣᠲᠣᠷ᠎ᠠ 850 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ ᠵᠣᠷᠯᠣᠩ ᠤᠨ | ᠪᠦᠷᠬᠦᠴᠡ ᠶᠢᠨ ᠨᠣᠷᠮ᠎ᠠ ᠶᠢ 44 % ᠳᠤ ᠬᠦᠷᠭᠡᠬᠦ ᠶᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠤᠨ ᠬᠤᠭ | ᠨᠣᠪᠰᠢ ᠶᠢ ᠡᠳᠦᠷ ᠪᠦᠷᠢ ᠴᠡᠪᠡᠷᠯᠡᠨ᠎ᠡ᠃ ᠬᠤᠶᠠᠷ ᠲᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠡᠭᠡᠯᠢ | ᠭᠤᠳᠤᠮᠵᠢ᠂ ᠬᠤᠭᠤᠯᠠᠢ ᠶᠢᠨ ᠲᠣᠣᠷ᠂ ᠬᠠᠭᠤᠴᠢᠨ ᠰᠠᠭᠤᠭᠠᠯᠢ ᠲᠣᠭᠤᠷᠢᠭ ᠢ ᠳᠡᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠪᠠ ᠭᠤᠣᠯᠳᠠᠯᠭ᠎ᠠ ᠲᠠᠢ ᠣᠷᠣᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠭᠦᠯᠵᠦ᠂ ᠵᠢᠯ ᠤᠨ ᠳᠣᠲᠣᠷ᠎ᠠ 8.6 ᠺᠢᠯᠤᠮᠧᠲᠷ ᠵᠠᠰᠠᠮᠠᠯ ᠵᠠᠮ᠂ 5.3 ᠺᠢᠯᠤᠮᠧᠲᠷ | ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ | ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠢ ᠶᠢ 4.5 ᠲᠦᠮᠡᠨ ᠺᠦᠸᠠᠲ ᠮᠧᠲᠷ ᠰᠢᠨ᠎ᠡ ᠪᠠᠷ ᠨᠡᠮᠡᠭᠳᠡᠭᠦᠯᠵᠤ᠂ ᠶᠢᠨ | ᠰᠧ ᠬᠤᠸᠠ ᠹᠦ᠋ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ ᠣᠷᠣᠬᠤ ᠶᠢ | ᠲᠦᠯᠬᠢᠨ ᠠᠬᠢᠭᠤᠯᠵᠤ᠂ ᠪᠠᠯᠭᠠᠰᠤᠨ ᠳᠤ 5 G ᠰᠦᠯᠵᠢᠶ᠎ᠡ ᠶᠢ ᠪᠦᠬᠦᠨ ᠢ ᠪᠦᠷᠬᠦᠭᠦᠯᠦᠨ᠎ᠡ᠃《ᠰᠢᠯᠢ ᠶᠢᠨ ᠭᠤᠣᠯ | ᠠᠶᠢᠮᠠᠭ ᠤᠨ ᠬᠤᠲᠠ ( ᠪᠠᠯᠭᠠᠰᠤ ) ᠶᠢᠨ ᠨᠠᠷᠢᠯᠢᠬᠵᠢᠭᠰᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ | 》 ᠢ ᠬᠢᠨᠠᠮᠠᠭᠠᠢ ᠲᠤᠤᠱᠯᠠᠭᠤᠯᠤᠨ ᠨᠠᠶᠢᠳᠠᠪᠣᠷᠢᠵᠢᠭᠤᠯᠵᠣ᠂ ᠬᠤᠲᠠ ᠪᠠᠯᠭᠠᠰᠤ ᠶᠢᠨ ᠨᠠᠷᠢᠯᠢᠬᠵᠢᠭᠰᠠᠨ ᠬᠠᠮᠢᠶᠠᠷᠤᠯᠲᠠ | ᠶᠢ ᠪᠦᠬᠦ ᠲᠠᠯ᠎ᠠ ᠪᠠᠷ ᠬᠡᠷᠡᠭᠵᠢᠬᠦᠯᠵᠣ᠂ ᠵᠡᠭᠡᠯᠢ ᠶᠢᠨ ᠵᠠᠮ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠵᠦ᠂ ᠲᠤᠤᠷᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠂ ᠬᠤᠲᠠ ᠶᠢᠨ | ᠳᠦᠷᠢ ᠲᠥᠷᠬᠦ ᠶᠢ ᠴᠡᠭᠴᠡᠯᠡᠨ ᠵᠠᠰᠠᠬᠤ᠂ ᠬᠤᠲᠠ ᠪᠠᠯᠭᠠᠰᠤᠨ ᠤ ᠦᠵᠡᠮᠵᠢ ᠶᠢᠨ ᠭᠡᠷᠡᠯᠲᠦᠭᠦᠯᠭᠡ ᠶᠢ ᠬᠠᠮᠢᠶᠠᠷᠤᠨ | ᠡᠵᠡᠮᠳᠡᠬᠦ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠪᠠᠷᠢᠯᠭ᠎ᠠ ᠶᠢᠨ ᠭᠠᠵᠠᠷ ᠤᠨ ᠲᠣᠭᠤᠰᠣ ᠶᠢ | ᠵᠠᠰᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠬᠦ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠪᠦᠬᠦ ᠬᠤᠰᠢᠭᠤᠨ ᠤ ᠬᠤᠲᠠ ᠪᠠᠯᠭᠠᠰᠤᠨ ᠤ ᠵᠠᠰᠠᠯᠲᠠ ᠶᠢᠨ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃《ᠳᠥᠷᠪᠡ ᠶᠢ ᠬᠤᠪᠢᠷᠠᠭᠤᠯᠬᠤ ᠦᠭᠡᠢ 》ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ | ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠶᠠᠳᠠᠭᠤ | ᠶᠢ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠶᠠᠳᠠᠭᠤ ᠶᠢ | ᠲᠡᠳᠬᠦᠬᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠳᠡᠭᠡᠭᠰᠢᠯᠡᠭᠦᠯᠵᠦ᠂ ᠠᠵᠤ ᠦᠶᠯᠡᠰ ᠢᠶᠠᠷ | ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠭᠦᠨᠵᠡᠭᠡᠶ ᠠᠬᠢᠭᠤᠯᠵᠤ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠨ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢᠨ ᠬᠠᠪᠰᠤᠷᠤᠨ ᠲᠡᠳᠬᠦᠬᠦ | ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠯᠭ᠎ᠠ ᠪᠠᠭ᠎ᠠ ᠬᠥᠮᠦᠨ | ᠠᠮᠠ ᠶᠢ ᠪᠠᠶᠢᠩᠭᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠤᠨ᠎ᠠ᠃ ᠳᠥᠷᠪᠡ ᠳᠤ᠂ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ᠪᠣᠭᠤᠮᠲᠠ ᠶᠢᠨ ᠵᠥᠭᠡᠯᠡᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠵᠢᠯ ᠤᠨ ᠳᠣᠲᠣᠷ᠎ᠠ ᠬᠤᠯᠪᠣᠭᠠᠯᠠᠨ ᠪᠠᠶᠢᠴᠠᠭᠠᠬᠤ ᠶᠡᠷᠦᠩᠬᠡᠶᠢᠯᠡᠭᠰᠡᠨ ᠠᠰᠠᠷ ᠤᠨ ᠳᠡᠰ ᠳᠡᠪᠰᠢᠭᠦᠯᠬᠦ ᠪᠠ | ᠪᠠᠷᠠᠭ᠎ᠠ ᠲᠡᠭᠡᠭᠡᠪᠦᠷᠢ ᠶᠢᠨ ᠵᠠᠮ᠂ ᠠᠶᠠᠨᠴᠢᠳ ᠲᠡᠭᠡᠭᠡᠪᠦᠷᠢ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠤᠨ | ᠥᠭᠡᠷᠡᠴᠢᠯᠡᠯᠲᠡ ᠵᠡᠷᠭᠡ ᠢᠨᠵᠧᠨᠧᠷᠢᠩ ᠢ ᠪᠡᠶᠡᠯᠡᠭᠦᠯᠦᠨ᠂ ᠵᠡᠭᠦᠨ ᠬᠠᠲᠠᠪᠴᠢ ᠪᠣᠭᠤᠮᠲᠠ ᠠᠴᠠ ᠮᠣᠩᠭᠤᠯ ᠤᠯᠤᠰ ᠤᠨ | ᠬᠤᠲᠣ ᠬᠦᠷᠬᠦ ᠬᠢᠯᠢ ᠠᠯᠤᠰᠯᠠᠭᠰᠠᠨ ᠲᠡᠮᠦᠷ ᠵᠠᠮ ᠪᠠ ᠵᠡᠭᠦᠨ ᠬᠠᠲᠠᠪᠴᠢ ᠠᠴᠠ ᠮᠣᠩᠭᠤᠯ ᠤᠯᠤᠰ ᠤᠨ ᠪᠠᠷᠠᠭᠤᠬᠤᠷᠲᠣ | ᠬᠤᠲᠠ ᠬᠦᠷᠬᠦ ᠬᠢᠯᠢ ᠠᠯᠤᠰᠯᠠᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠣᠳᠠᠲᠤ ᠠᠬᠢᠯᠲᠠ ᠲᠠᠢ | ᠪᠣᠯᠭᠠᠵᠤ᠂ ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠷᠠᠭᠤᠯᠤᠨ | ᠮᠡᠳᠡᠭᠦᠯᠬᠦ ᠠᠵᠢᠯ ᠢ ᠪᠡᠶᠡᠯᠡᠭᠦᠯᠦᠨ᠂ ᠵᠡᠭᠦᠨ ᠬᠠᠲᠠᠪᠴᠢ ᠪᠣᠭᠤᠮᠲᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠪᠠ ᠬᠠᠲᠠᠪᠴᠢ ᠪᠠᠯᠭᠠᠰᠤ | ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭᠠᠨ ᠤ ᠲᠥᠪ ᠬᠤᠲᠠ | ᠪᠠᠯᠭᠠᠰᠤ ᠪᠠᠷ ᠵᠥᠪᠰᠢᠶᠡᠷᠡᠭᠦᠯᠬᠦ ᠪᠠᠷ ᠴᠢᠷᠮᠠᠶᠢᠨ᠎ᠠ᠃ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ | ᠬᠥᠭᠵᠢᠭᠦᠯᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ᠬᠥᠯᠳᠡᠭᠦᠦ ᠤᠰᠤᠨ ᠭᠠᠷᠤᠯᠲᠠ᠂ ᠤᠯᠠᠭᠠᠨ ᠢᠳᠡᠭᠡᠨ ᠢ ᠭᠠᠳᠠᠭᠠᠳᠤ ᠠᠴᠠ ᠣᠷᠣᠭᠤᠯᠬᠤ ᠪᠣᠭᠤᠮᠲᠠ | ᠪᠣᠯᠭᠠᠨ ᠲᠣᠭᠲᠠᠭᠠᠬᠤ ᠶᠢ ᠢᠳᠡᠪᠬᠢᠲᠡᠶ ᠮᠡᠳᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ | ᠡᠳ᠋ᠰᠢᠭᠦᠯᠬᠦ᠂ ᠭᠠᠶᠢᠯᠢ ᠪᠠᠲᠤᠯᠠᠬᠤ ᠪᠣᠳᠠᠰ ᠤᠨ ᠭᠦᠶᠯᠭᠡᠭᠡᠨ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠨᠡᠭᠡᠭᠡᠯᠲᠡᠲᠦ | ᠬᠡᠯᠪᠡᠷᠢ ᠶᠢᠨ ᠠᠵᠤ ᠦᠶᠯᠡᠰ ᠢ ᠭᠤᠤᠯᠳᠠᠯᠭ᠎ᠠ ᠲᠠᠢ ᠪᠣᠶᠢᠵᠢᠭᠤᠯᠵᠤ᠂ ᠭᠠᠳᠠᠭᠠᠳᠤ ᠨᠡᠭᠡᠭᠡᠯᠲᠡ ᠶᠢᠨ ᠶᠠᠰᠤ ᠴᠢᠨᠠᠷ ᠪᠠ | ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠪᠦᠬᠦ ᠵᠢᠯ ᠳᠤ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷ ᠲᠦᠯᠦᠪᠯᠡᠭᠰᠡᠨ ᠪᠠᠷᠠᠭ᠎ᠠ ᠶᠢᠨ ᠬᠡᠮᠵᠢᠶ᠎ᠡ ᠶᠢ ᠵᠠᠭᠤᠨ ᠲᠦᠮᠡᠨ ᠲᠣᠨ | ᠠᠴᠠ ᠳᠠᠪᠠᠭᠤᠯᠵᠣ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠠ ᠤ ᠥᠷᠲᠡᠭ ᠢ 1.89 | ᠳ᠋ᠦᠩᠰᠢᠭᠤᠷ ᠳ᠋ᠣᠯᠯᠠᠷ ᠲᠤ ᠬᠦᠷᠦᠭᠦᠯᠦᠨ᠎ᠡ᠃ | ᠲᠠᠪᠤ᠂ ᠦᠨᠳᠦᠰᠦᠨ ᠠᠷᠠᠳ ᠤᠨ ᠠᠮᠢᠳᠤᠷᠠᠯ ᠤᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂《ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ 》 ᠶᠢ ᠪᠠᠷᠢᠮᠲᠠᠯᠠᠵᠤ᠂ ᠣᠯᠠᠨ ᠲᠦᠮᠡᠨ ᠤ ᠳᠡᠷᠭᠡᠳᠡᠬᠢ ᠬᠠᠯᠠᠮᠰᠢᠯ | ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠨᠢᠭᠡ ᠳᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠢᠮᠠᠭᠲᠠ ᠰᠠᠶᠢᠲᠤᠷ ᠠᠳᠬᠤᠵᠤ᠂ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂《 ᠳᠥᠷᠪᠡᠨ ᠲᠠᠯ᠎ᠠ ᠶᠢᠨ ᠬᠠᠷᠢᠭᠤᠴᠠᠯᠭ᠎ᠠ | 》 ᠶᠢ ᠴᠢᠩᠭᠠᠳᠬᠠᠵᠤ᠂《 ᠳᠥᠷᠪᠡᠨ ᠡᠷᠲᠡ ᠪᠠᠶᠢᠬᠤ 》 ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂《 | ᠬᠥᠮᠦᠨ᠂ ᠪᠣᠳᠠᠰ᠂ ᠣᠷᠴᠢᠨ ᠲᠣᠭᠤᠷᠢᠨ》 ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠪᠣᠭᠤᠮᠲᠠ ᠶᠢᠨ | ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠠᠵᠢᠯᠲᠠᠨ᠂ ᠲᠦᠬᠦᠭᠡᠷᠦᠮᠵᠢ᠂ ᠡᠳ᠋ ᠪᠣᠳᠠᠰ᠂ | ᠲᠠᠯᠠᠪᠤᠷ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠡᠮᠬᠢ ᠵᠢᠷᠤᠮ ᠲᠠᠢ ᠰᠠᠶᠢᠲᠤᠷ ᠬᠢᠵᠦ᠂ ᠸᠠᠺᠼᠢᠨ ᠤ | ᠲᠠᠷᠢᠯᠭ᠎ᠠ ᠬᠢᠬᠦ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠨᠢᠭᠲᠠ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠨ᠎ᠠ᠃ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠪᠠᠶᠢᠩᠭᠤ ᠥᠷᠨᠢᠭᠦᠯᠵᠦ᠂ | ᠲᠡᠤᠬᠡᠨ ᠠᠴᠠ ᠡᠭᠦᠰᠴᠦ ᠪᠠᠶᠢᠭᠰᠠᠨ ᠬᠢᠵᠢᠭ ᠤᠨ ᠰᠣᠷᠪᠣᠯᠵᠢ ᠭᠠᠵᠠᠷ᠂ ᠲᠦᠭᠰᠢᠭᠦᠷᠢ ᠶᠡᠬᠡᠲᠡᠶ ᠭᠠᠵᠠᠷ ᠣᠷᠣᠨ ᠤ | ᠬᠢᠨᠠᠨ ᠬᠡᠮᠵᠢᠵᠦ ᠰᠡᠷᠡᠮᠵᠢᠯᠡᠭᠦᠯᠬᠦ ᠶᠢ ᠰᠠᠶᠢᠲᠤᠷ ᠠᠳᠬᠤᠵᠤ᠂ ᠬᠡᠪ ᠤᠨ ᠪᠤᠰᠤ ᠪᠠᠶᠢᠳᠠᠯ ᠢ ᠵᠢᠷᠤᠮᠵᠢᠭᠤᠯᠤᠨ | ᠰᠢᠶᠳᠪᠦᠷᠢᠯᠡᠵᠦ᠂ ᠬᠠᠳᠠᠪᠴᠢ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢ | ᠥᠷᠭᠡᠳᠬᠡᠨ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠭᠰᠠᠨ ᠬᠡᠭᠡᠷ᠎ᠡ ᠶᠢᠨ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢᠨ ᠪᠠᠷᠢᠮᠵᠢᠶ᠎ᠠ ᠳᠤ ᠬᠦᠷᠦᠭᠦᠯᠦᠨ᠎ᠡ᠃ ᠬᠤᠶᠠᠷ ᠲᠤ᠂ | ᠠᠵᠢᠯ ᠣᠯᠭᠤᠬᠤ ᠦᠢᠯᠡᠰ ᠪᠤᠰᠬᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠵᠢᠯ ᠣᠯᠭᠤᠬᠤ ᠠᠷᠭ᠎ᠠ ᠵᠠᠮ ᠢ | ᠦᠷᠭᠦᠯᠵᠢᠯᠡᠨ ᠥᠷᠭᠡᠳᠬᠡᠵᠦ᠂ ᠠᠵᠢᠯ ᠣᠯᠭᠤᠬᠤ ᠦᠢᠯᠡᠰ ᠪᠣᠰᠬᠠᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠤᠨ ᠠᠵᠢᠯ ᠣᠯᠬᠤ | ᠦᠢᠯᠡᠰ ᠪᠣᠰᠬᠠᠬᠤ᠂ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ ᠠᠵᠢᠯ ᠣᠯᠭᠤᠬᠤ᠂ ᠮᠠᠯᠴᠢᠳ ᠢ | ᠰᠢᠯᠵᠢᠭᠦᠯᠦᠨ ᠠᠵᠢᠯ ᠣᠯᠭᠤᠬᠤ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ ᠵᠡᠷᠭᠡ | ᠠᠵᠢᠯ ᠢ ᠰᠠᠶᠢᠲᠤᠷ ᠬᠡᠷᠡᠭᠵᠢᠭᠦᠯᠵᠦ᠂ ᠠᠵᠢᠯ ᠣᠯᠭᠤᠬᠤ ᠰᠠᠭᠤᠷᠢᠨ ᠭᠠᠵᠠᠷ ᠢ ᠥᠨᠳᠥᠷ ᠪᠦᠲᠦᠮᠵᠢᠲᠡᠢ ᠠᠰᠢᠭᠯᠠᠬᠤ | ᠶᠢ ᠠᠬᠢᠭᠤᠯᠵᠤ᠂ ᠵᠢᠯ ᠤᠨ ᠳᠣᠲᠣᠷ᠎ᠠ 5000 ᠠᠴᠠ ᠳᠡᠭᠡᠭᠰᠢ ᠠᠵᠢᠯ ᠤᠨ ᠪᠠᠶᠢᠷᠢ ᠶᠢ ᠴᠤᠭᠯᠠᠭᠤᠯᠵᠤ᠂ ᠬᠤᠲᠠ | ᠪᠠᠯᠭᠠᠰᠤᠨ ᠤ 800 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠨ᠂ ᠮᠠᠯᠵᠢᠬᠤ ᠣᠷᠣᠨ ᠤ 600 | ᠠᠴᠠ ᠳᠡᠭᠡᠭᠰᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 1000 ᠲᠦᠮᠡᠨ ᠲᠥᠭᠦᠷᠢᠭ ᠠᠴᠠ | ᠳᠡᠭᠡᠭᠰᠢᠬᠢ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠷᠬᠠᠭᠠᠨ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 3.6% ᠳᠣᠲᠣᠷ᠎ᠠ ᠬᠢᠵᠠᠭᠠᠷᠯᠠᠨ᠎ᠠ᠃ ᠭᠤᠷᠪᠠ ᠳᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠵᠢᠯ ᠤᠨ ᠳᠣᠲᠣᠷ᠎ᠠ 2 ᠰᠠᠤᠷᠢ | ᠬᠤᠰᠢᠭᠤ ᠲᠡᠰ ᠤᠨ ᠶᠣᠰᠣ ᠰᠤᠷᠲᠠᠬᠤᠨ ᠤ ᠬᠥᠮᠦᠵᠢᠯ ᠤᠨ ᠲᠡᠷᠢᠭᠦᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢ | ᠪᠠᠶᠢᠭᠤᠯᠵᠤ᠂ ᠨᠢᠭᠡ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢᠨ ᠵᠢᠭᠠᠨ | ᠰᠤᠷᠭᠠᠯᠲᠠ ᠶᠢᠨ ᠳᠠᠭᠤᠷᠢᠶᠠᠯ ᠰᠤᠷᠭᠠᠭᠤᠯᠢ ᠶᠢ ᠪᠣᠶᠢᠵᠢᠭᠤᠯᠵᠤ᠂ ᠣᠯᠣᠰ ᠤᠨ ᠭᠤᠷᠪᠠᠨ ᠲᠦᠷᠦᠯ ᠤᠨ ᠨᠢᠭᠡᠳᠦᠯᠲᠡᠢ | ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠳᠣᠲᠠᠢ ᠠᠬᠢᠭᠤᠯᠤᠨ᠎ᠠ᠃ ᠰᠤᠷᠭᠠᠭᠤᠯᠢ | ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠵᠢᠯ ᠳᠤ ᠮᠣᠩᠭᠤᠯ ᠳᠤᠮᠳᠠᠳᠤ ᠰᠤᠷᠭᠠᠭᠤᠯᠢ ᠶᠢᠨ | ᠬᠤᠭᠤᠯᠠᠨ ᠲᠠᠩᠬᠢᠮ ᠵᠢᠴᠢ ᠢᠵᠢ ᠪᠦᠷᠢᠳᠦᠭᠰᠡᠨ ᠲᠦᠭᠦᠭᠡᠷᠣᠮᠵᠢ᠂ ᠲᠠᠮᠢᠷ ᠤᠨ ᠲᠠᠯᠠᠪᠤᠷ ᠢ ᠰᠢᠨᠡᠳᠭᠡᠬᠦ᠂ ᠵᠢᠭᠠᠨ | ᠰᠣᠷᠭᠠᠯᠲᠠ ᠶᠢᠨ ᠠᠰᠠᠷ ᠢ ᠵᠠᠰᠠᠨ ᠰᠢᠨᠡᠳᠭᠡᠬᠦ ᠵᠡᠷᠭᠡ ᠢᠨᠵᠧᠨᠧᠷᠢᠩ ᠢ ᠪᠡᠶᠡᠯᠡᠭᠦᠯᠵᠦ᠂ ᠤᠯᠢᠶᠠᠰᠤᠲᠠᠢ ᠬᠡᠦᠬᠡᠳ ᠤᠨ | ᠴᠡᠴᠡᠷᠯᠢᠭ ᠢ ᠪᠠᠶᠢᠭᠤᠯᠤᠨ ᠳᠠᠭᠤᠰᠬᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ | ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠪᠠᠶᠢᠷᠢ | ᠶᠢᠨ ᠠᠮᠤᠷ ᠲᠦᠪᠰᠢᠨ ᠤ ᠥᠭᠡᠷᠡᠴᠢᠯᠡᠯᠲᠡ ᠵᠢᠴᠢ ᠣᠷᠴᠢᠨ ᠲᠣᠭᠤᠷᠢᠨ ᠢ ᠭᠤᠶᠤᠵᠢᠭᠤᠯᠬᠤ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠦᠨᠡᠨᠬᠦ | ᠠᠷᠢᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ᠂ | ᠰᠢᠯᠢᠳᠡᠭ ᠰᠠᠶᠢᠨ ᠠᠮᠢᠳᠤᠷᠠᠯ᠂ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠳᠥᠷᠪᠡ ᠳᠤ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ 《ᠡᠷᠡᠭᠦᠯ ᠡᠩᠬᠡ ᠵᠡᠭᠦᠨ | ᠦᠵᠦᠮᠦᠴᠢᠨ》 ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠷᠬᠠᠭ ᠴᠢᠨᠠᠷᠲᠠᠢ ᠡᠪᠡᠳᠴᠢᠨ᠂ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠥᠷᠨᠢᠭᠦᠯᠦᠨ᠎ᠡ᠃ ᠡᠮ ᠡᠮᠨᠡᠯᠭᠡ ᠶᠢᠨ ᠦᠢᠯᠡᠴᠢᠯᠡᠭᠡᠨ ᠤ | ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠳᠠᠪᠦᠷᠢᠳᠡᠨ ᠢ ᠣᠷᠣᠭᠤᠯᠬᠤ ᠪᠠ ᠲᠤᠭᠲᠠᠮᠠᠯ | ᠴᠢᠭᠯᠡᠯ ᠢᠶᠠᠷ ᠴᠢᠳᠠᠪᠦᠷᠢᠳᠡᠨ ᠬᠦᠮᠦᠵᠢᠭᠦᠯᠬᠦ ᠶᠢ ᠴᠢᠩᠭᠠᠳᠬᠠᠵᠤ᠂ ᠵᠢᠯ ᠳᠤ ᠮᠣᠩᠭᠤᠯ ᠡᠮᠨᠡᠯᠭᠡ ᠶᠢᠨ ᠬᠤᠷᠢᠶᠠᠨ ᠤ | ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠣᠷᠣᠰᠢᠭᠤᠯᠭ᠎ᠠ ᠶᠢᠨ ᠭᠠᠵᠠᠷ ᠤᠨ | ᠲᠦᠷᠦᠯ ᠵᠦᠢᠯ ᠢ ᠡᠬᠢᠯᠡᠨ ᠪᠠᠶᠢᠭᠤᠯᠵᠣ᠂ ᠤᠯᠢᠶᠠᠰᠤᠲᠠᠢ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠨ ᠪᠠᠶᠢᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ ᠶᠢ | ᠬᠤᠶᠠᠳᠤᠭᠠᠷ ᠳᠡᠰ ᠤᠨ ᠬᠥᠬᠡ ᠳᠠᠰ ᠤᠨ ᠪᠠᠷᠢᠮᠵᠢᠶ᠎ᠠ ᠳᠤ ᠬᠦᠷᠭᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ | ᠨᠡᠶᠢᠭᠡᠮ ᠤᠨ ᠠᠰᠠᠷᠠᠮᠵᠢ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ᠂ ᠦᠨᠳᠦᠰᠦᠨ ᠨᠠᠰᠤᠵᠢᠯ ᠤᠨ ᠠᠰᠠᠷᠠᠮᠵᠢ | ᠵᠡᠷᠭᠡ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠵᠣᠬᠢᠰᠲᠠᠶ ᠲᠡᠭᠦᠯᠳᠡᠷᠵᠢᠭᠦᠯᠵᠦ᠂ ᠠᠶᠠᠨ ᠮᠠᠯᠵᠢᠬᠤ ᠣᠷᠣᠨ ᠤ | ᠨᠠᠰᠣᠲᠠᠶᠢᠴᠣᠳ ᠢ ᠠᠰᠠᠷᠠᠬᠤ ᠬᠦᠷᠢᠶᠡᠯᠡᠩ ᠢ ᠪᠠᠶᠢᠭᠤᠯᠤᠨ ᠡᠵᠡᠩᠨᠡᠬᠦ ᠶᠢ ᠠᠬᠢᠭᠤᠯᠤᠨ᠎ᠠ᠃ ᠲᠠᠪᠤ ᠳᠤ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠪᠠᠷᠢᠮᠵᠢᠶᠠᠲᠤ ᠬᠥᠯ ᠪᠥᠮᠪᠦᠭᠡ ᠶᠢᠨ | ᠲᠠᠯᠠᠪᠤᠷ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ | ᠬᠡᠷᠡᠭᠵᠢᠭᠦᠯᠵᠦ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠨᠣᠮ ᠤᠨ ᠰᠠᠩ ᠪᠠ ᠬᠠᠮ ᠵᠠᠭᠤᠴᠢᠯᠠᠭᠤᠷ ᠤᠨ | ᠲᠦᠪ ᠢ ᠰᠢᠨᠡᠳᠭᠡᠨ ᠳᠡᠰ ᠳᠡᠪᠰᠢᠬᠦᠯᠬᠦ ᠢᠨᠵᠧᠨᠧᠷᠢᠩ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ | ᠣᠶ ᠶᠢ ᠪᠡᠯᠭᠡᠯᠡᠬᠦ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠨᠢᠭᠡ | ᠪᠦᠯᠦᠭ ᠤᠷᠠᠨ ᠰᠠᠶᠢᠬᠠᠨ ᠤ ᠠᠵᠢᠯᠯᠠᠭ᠎ᠠ ᠶᠢ ᠴᠠᠭ ᠲᠤᠬᠠᠢ ᠳᠤᠨᠢ ᠲᠣᠬᠢᠷᠠᠭᠤᠯᠤᠨ ᠡᠷᠬᠢᠯᠡᠵᠦ᠂ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠣ᠂ ᠨᠡᠶᠢᠭᠡᠮ ᠤᠨ ᠪᠣᠯᠪᠠᠰᠣᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ | ᠃ | ᠵᠢᠷᠭᠤᠭ᠎ᠠ᠂ ᠬᠢᠯᠢ ᠬᠢᠵᠠᠭᠠᠷ ᠤᠨ ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠨ᠎ᠠ᠃ ᠠᠮᠤᠷ ᠲᠦᠪᠰᠢᠨ | ᠬᠥᠭᠵᠢᠯᠲᠡ ᠶᠢᠨ ᠱᠠᠭᠠᠷᠳᠠᠯᠭ᠎ᠠ ᠶᠢ ᠴᠠᠭ ᠢᠮᠠᠭᠲᠠ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ | ᠪᠠᠲᠤᠲᠠᠶ ᠭᠦᠶᠴᠡᠳᠬᠡᠵᠦ᠂ ᠴᠢᠨᠠᠷᠯᠢᠭ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠤᠷ ᠲᠦᠪᠰᠢᠨ ᠤ | ᠰᠠᠶᠢᠨ ᠣᠷᠴᠢᠯ ᠢ ᠴᠢᠷᠮᠠᠶᠢᠨ ᠪᠡᠶᠡᠯᠡᠭᠦᠯᠵᠦ᠂ ᠬᠢᠯᠢ ᠬᠢᠵᠠᠭᠠᠷ ᠤᠨ ᠥᠨᠢ ᠤᠳᠠᠭᠠᠨ ᠠᠮᠤᠷ ᠲᠦᠪᠰᠢᠨ ᠪᠠᠶᠢᠬᠤ | ᠰᠠᠶᠢᠨ ᠰᠠᠶᠢᠬᠠᠨ ᠪᠠᠶᠢᠳᠠᠯ ᠢ ᠪᠥᠬᠦ ᠬᠦᠴᠦᠨ ᠢᠶᠠᠷ ᠪᠠᠬᠢᠵᠢᠭᠦᠯᠦᠨ᠎ᠡ᠃ ᠨᠢᠭᠡ ᠳᠤ᠂ ᠦᠨᠳᠦᠰᠦᠲᠡᠨ ᠤ ᠠᠵᠢᠯ ᠢ | ᠪᠦᠬᠦ ᠲᠠᠯ᠎ᠠ ᠪᠠᠷ ᠴᠢᠩᠭᠠᠳᠬᠠᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ | ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠠᠷᠢᠨ ᠬᠢᠨᠠᠮᠠᠭᠠᠶ ᠪᠠᠷᠢᠮᠵᠢᠶᠠᠯᠠᠨ | ᠬᠠᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ | ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ | ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ | ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠶ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠬᠤᠶᠠᠷ ᠲᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠠᠷᠢᠯᠭᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠤᠯᠠᠨ ᠲᠦᠮᠡᠨ ᠤ ᠵᠦᠢ | ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠨ᠎ᠡ᠃ ᠭᠤᠷᠪᠠᠨ ᠱᠠᠲᠤᠨ ᠤ | ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠠᠵᠢᠯ ᠢ ᠪᠥᠬᠦ ᠲᠠᠯ᠎ᠠ ᠪᠠᠷ ᠴᠢᠩᠭᠠᠷᠠᠭᠤᠯᠵᠤ᠂ ᠵᠢᠯ ᠤᠨ ᠳᠣᠲᠣᠷ᠎ᠠ ᠰᠤᠮᠤ | ᠪᠠᠯᠭᠠᠰᠤᠨ ᠤ ᠱᠠᠲᠤᠨ ᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠨᠣᠷᠮ᠎ᠠ ᠶᠢ 95% ᠳᠤ ᠬᠦᠷᠦᠭᠦᠯᠦᠨ᠎ᠡ᠃ | ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠥᠪ | ᠲᠠᠯ᠎ᠠ ᠶᠢᠨ ᠬᠠᠷᠢᠭᠤ ᠳᠤᠰᠬᠠᠯ ᠢ ᠪᠠᠷᠢᠮᠲᠠᠯᠠᠵᠤ᠂ ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ | ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠭᠦᠨ᠎ᠡ᠃ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠲᠦᠷᠢᠮ ᠤᠨ ᠤᠬᠠᠭᠤᠯᠭ᠎ᠠ | ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠬᠠᠤᠯᠢ ᠰᠤᠷᠤᠯᠴᠠᠵᠤ ᠬᠠᠤᠯᠢ ᠲᠦᠭᠡᠮᠡᠯᠵᠢᠭᠦᠯᠬᠦ ᠪᠠ ᠬᠠᠤᠯᠢ | ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠵᠢᠯ ᠤᠨ ᠳᠣᠲᠣᠷ᠎ᠠ | ᠵᠠᠯᠠᠭᠤᠴᠤᠳ ᠪᠠᠭᠠᠴᠤᠳ ᠤᠨ ᠬᠠᠤᠯᠢ ᠲᠦᠷᠢᠮ ᠤᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ | ᠲᠣᠷᠠᠴᠣᠣᠯ ᠤᠨ ᠦᠢᠯᠡᠴᠢᠯᠡᠭᠡ᠂ ᠨᠢᠭᠦᠯᠡᠰᠦᠩᠭᠦᠶ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠱᠠᠰᠢᠨ | ᠰᠤᠷᠲᠠᠬᠤᠨ᠂ ᠤᠯᠠᠨ ᠲᠦᠮᠡᠨᠴᠢ ᠪᠦᠯᠬᠦᠮ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ | ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠭᠤᠷᠪᠠ ᠳᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠎ᠠ᠃《 ᠠᠮᠤᠷ | ᠠᠮᠤᠭᠤᠯᠠᠩ ᠵᠡᠭᠦᠨ ᠦᠵᠦᠮᠦᠴᠢᠨ 》 ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂《 ᠱᠠᠯᠢᠭ ᠵᠠᠪᠬᠠᠢ᠂ | ᠵᠣᠭᠤᠰ ᠨᠠᠭᠠᠳᠬᠤ᠂ ᠬᠤᠣᠷᠲᠤ ᠡᠳ᠋ ᠰᠠᠷᠢᠭᠠᠯᠠᠬᠤ 》ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠠᠮᠢᠨ ᠭᠡᠷᠡᠭ ᠭᠠᠷᠬᠤ ᠠᠴᠠ ᠰᠡᠷᠭᠡᠶᠢᠯᠡᠬᠦ | ᠠᠵᠢᠯ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠠᠮᠢᠨ ᠬᠡᠷᠡᠭ ᠭᠠᠷᠣᠭᠰᠠᠨ ᠦᠭᠡᠢ ᠰᠣᠮᠣ ᠪᠠᠯᠭᠠᠰᠣ ᠪᠠ ᠡᠷᠡᠭᠦᠣ | ᠶᠢᠨ ᠬᠡᠷᠡᠭ ᠡᠬᠦᠰᠦᠭᠰᠡᠨ ᠦᠭᠡᠢ ᠭᠠᠴᠠᠭ᠎ᠠ ᠨᠡᠶᠢᠭᠡᠮ ᠲᠣᠭᠤᠷᠢᠭ ᠢ ᠦᠷᠬᠦᠯᠵᠢᠯᠡᠨ ᠡᠬᠦᠳᠣᠨ ᠪᠠᠶᠢᠭᠤᠯᠵᠣ᠂ ᠠᠷᠠᠳ | ᠣᠯᠠᠨ ᠤ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ | ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠭᠠᠮᠰᠢᠭ ᠢ | ᠲᠥᠰᠦᠭᠡᠯᠡᠵᠦ ᠰᠡᠷᠡᠮᠵᠢᠯᠡᠭᠦᠯᠬᠦ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ | ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠣᠪᠣᠶᠢᠮ᠎ᠠ ᠠᠳᠬᠤᠵᠤ᠂ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠬᠦ ᠭᠠᠮᠰᠢᠭ ᠤᠨ ᠬᠤᠬᠢᠷᠠᠯ ᠢ | ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠤᠯᠤᠰ ᠤᠨ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ | ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂《ᠳᠥᠷᠪᠡᠨ ᠬᠠᠮᠤᠭ ᠤᠨ ᠴᠢᠩᠭ᠎ᠠ | 》ᠱᠠᠭᠠᠷᠳᠠᠯᠭ᠎ᠠ ᠶᠢ ᠢᠳᠡᠭᠡᠨ ᠤ ᠠᠮᠤᠷ ᠲᠦᠪᠰᠢᠨ ᠤ ᠠᠵᠢᠯ ᠤᠨ ᠡᠯ᠎ᠡ ᠲᠠᠯ᠎ᠠ ᠳᠤ ᠦᠨᠡᠨᠬᠦ ᠨᠠᠶᠢᠳᠠᠪᠤᠷᠢᠵᠢᠭᠤᠯᠤᠨ᠂ | ᠢᠳᠡᠭᠡᠨ ᠤ ᠠᠵᠢᠯ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠶᠳᠪᠦᠷᠢᠯᠡᠵᠦ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠢ ᠪᠠᠲᠤᠯᠠᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠪᠡᠯᠡᠳᠭᠡᠯ ᠬᠦᠴᠦᠨ ᠤ | ᠪᠠᠶᠢᠭᠤᠯᠣᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠨ᠎ᠡ᠃ | ᠳᠣᠯᠤᠭ᠎ᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠃ ᠬᠥᠭᠵᠢᠯᠲᠡ ᠶᠢᠨ ᠬᠦᠨᠳᠦ ᠡᠭᠦᠷᠭᠡ᠂ ᠥᠷᠢᠰᠥᠯᠳᠦᠭᠡᠨ ᠤ ᠪᠠᠶᠢᠳᠠᠯ᠂ ᠠᠷᠠᠳ ᠲᠦᠮᠡᠨ ᠤ ᠬᠦᠰᠡᠯ ᠡᠷᠡᠮᠡᠯᠵᠡᠯ ᠨᠢ | ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ | ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠨᠢᠭᠡ ᠳᠤ᠂ ᠨᠠᠮ ᠤᠨ ᠲᠡᠦᠬᠡ ᠶᠢᠨ ᠬᠥᠮᠦᠵᠢᠯ ᠢ ᠴᠢᠩᠭᠠᠳᠬᠠᠨ᠎ᠠ᠃ ᠰᠢ ᠶᠢᠨ ᠫᠢᠩ ᠶᠡᠷᠦᠩᠬᠡᠶ | ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷᠯᠢᠭ ᠥᠷᠨᠢᠭᠦᠯᠵᠦ᠂ ᠪᠦᠬᠦ ᠬᠤᠰᠢᠭᠤᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢ ᠬᠥᠮᠦᠵᠢᠭᠦᠯᠦᠨ | ᠵᠢᠯᠣᠭᠤᠳᠴᠤ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ | ᠣᠶᠢᠯᠠᠭᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠯᠲᠡ ᠪᠣᠯᠤᠨ ᠲᠡᠦᠬᠡ ᠶᠢᠨ ᠲᠤᠷᠰᠢᠯᠭ᠎ᠠ ᠶᠢ ᠭᠦᠢᠴᠡᠳ | ᠰᠢᠩᠭᠡᠭᠡᠨ ᠡᠵᠡᠮᠰᠢᠵᠤ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠳᠣ ᠣᠯᠠᠮᠵᠢᠯᠠᠯ ᠢ | ᠰᠣᠷᠣᠯᠴᠠᠵᠣ᠂ ᠲᠡᠦᠬᠡ ᠶᠢ ᠰᠤᠷᠤᠯᠴᠠᠵᠤ ᠶᠣᠰᠣ ᠤᠴᠢᠷ ᠢ ᠮᠡᠳᠡᠬᠦ᠂ ᠲᠡᠦᠬᠡ ᠶᠢ ᠰᠤᠷᠤᠯᠴᠠᠵᠤ ᠢᠳᠡᠭᠡᠯ ᠢᠶᠠᠨ | ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠦᠢᠯᠡᠳᠦᠯᠭᠡ | ᠳᠤ ᠦᠢᠯᠡᠴᠢᠯᠡᠬᠦᠯᠬᠦ᠂ ᠨᠠᠮ ᠤᠨ ᠲᠡᠦᠬᠡ ᠪᠠᠷ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠵᠦ᠂ ᠨᠠᠮ ᠤᠨ ᠲᠡᠦᠬᠡ ᠪᠠᠷ | ᠤᠶᠤᠨ ᠰᠠᠨᠠᠭ᠎ᠠ ᠪᠠᠨ ᠴᠡᠪᠡᠷᠯᠡᠵᠦ᠂ ᠨᠠᠮ ᠤᠨ ᠲᠡᠦᠬᠡ ᠪᠠᠷ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠦ᠂ | ᠨᠡᠩ ᠴᠤᠭᠯᠢᠭ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠠᠶᠠᠨ | ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ᠃ ᠬᠤᠶᠠᠷ ᠲᠤ᠂ ᠤᠯᠤᠰ | ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠂ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠤ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ | ᠴᠢᠭᠯᠡᠯ ᠢᠶᠠᠨ ᠪᠠᠲᠤᠳᠬᠠᠵᠤ᠂《 ᠳᠥᠷᠪᠡᠨ ᠤᠬᠠᠮᠰᠠᠷ 》 ᠢᠶᠠᠨ ᠦᠨᠡᠨᠬᠦ ᠴᠢᠩᠭᠠᠳᠬᠠᠵᠤ᠂《ᠳᠥᠷᠪᠡᠨ ᠢᠲᠡᠭᠡᠯ | 》 ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠳᠡᠭᠡᠷ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠵᠦᠶᠯ ᠤᠨ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠣᠣᠱᠯᠠᠭᠤᠯᠵᠣ᠂ ᠵᠠᠰᠠᠭ ᠤᠨ ᠣᠷᠳᠣᠨ ᠤ ᠰᠢᠰᠲ᠋ᠧᠮ | ᠤᠨ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠪᠣᠳᠠᠲᠠᠶ ᠠᠬᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠥᠬᠡᠶ | ᠶᠠᠪᠤᠭᠳᠠᠬᠤ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠲᠣᠷᠰᠢᠯᠲᠡ ᠶᠢᠨ ᠴᠡᠭ ᠤᠨ ᠠᠵᠢᠯ ᠢ | ᠨᠢᠭᠡᠳᠦᠯᠳᠠᠢ ᠲᠦᠯᠦᠪᠵᠢᠬᠦᠯᠦᠨ ᠰᠠᠶᠢᠳᠣᠷ ᠬᠢᠵᠣ᠂ ᠬᠠᠣᠯᠢ ᠪᠠᠷ ᠵᠠᠰᠠᠬᠤ ᠶᠢ ᠵᠠᠰᠠᠭ ᠤᠨ ᠣᠷᠳᠣᠨ ᠤ ᠵᠠᠰᠠᠯᠲᠠ | ᠶᠢᠨ ᠦᠨᠳᠦᠰᠦᠨ ᠠᠷᠭ᠎ᠠ ᠮᠠᠶ᠋ᠢᠭ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢ ᠠᠬᠢᠭᠤᠯᠵᠤ᠂ | ᠵᠥᠷᠢᠴᠡᠯ ᠢ ᠠᠷᠢᠯᠭᠠᠨ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠵᠠᠰᠠᠭ ᠤᠨ ᠣᠷᠳᠣᠨ ᠤ ᠬᠠᠤᠯᠢ ᠶᠣᠰᠣᠭᠠᠷ | ᠠᠵᠢᠯᠯᠠᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠥᠬᠦ ᠲᠠᠯ᠎ᠠ ᠪᠠᠷ ᠠᠬᠢᠭᠤᠯᠤᠨ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ 》ᠪᠠ ᠵᠠᠰᠠᠭ ᠵᠠᠬᠢᠷᠭᠠᠨ ᠤ | ᠬᠠᠣᠯᠢ ᠬᠡᠷᠡᠭᠵᠢᠬᠦᠯᠬᠦ《 ᠭᠤᠷᠪᠠᠨ ᠲᠦᠷᠦᠯ ᠤᠨ ᠳᠦᠷᠢᠮ》 ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠲᠥᠷᠪᠡ ᠳᠤ᠂ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠲᠡᠷᠢᠭᠦᠨ | ᠱᠠᠭᠠᠷᠳᠠᠯᠭ᠎ᠠ ᠪᠣᠯᠭᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭ᠎ᠠ | ᠪᠣᠳᠠᠲᠠᠢ ᠪᠠᠷ ᠲᠦᠯᠬᠢᠨ ᠠᠬᠢᠭᠤᠯᠵᠤ᠂《ᠭᠠᠪᠢᠶ᠎ᠠ ᠪᠠᠶᠢᠭᠤᠯᠬᠤ ᠶᠢ ᠬᠦᠰᠡᠬᠦ ᠦᠭᠡᠢ᠂ ᠠᠯᠳᠠᠭ᠎ᠠ ᠭᠠᠷᠭᠠᠬᠤ ᠦᠭᠡᠢ | ᠪᠠᠶᠢᠬᠤ ᠶᠢ ᠯᠠ ᠬᠥᠭᠡᠭᠡᠴᠡᠯᠳᠦᠬᠦ 》ᠦᠵᠡᠯ ᠰᠠᠨᠠᠭ᠎ᠠ ᠶᠢ ᠡᠷᠡᠰ ᠲᠠᠶᠠᠭᠳᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ᠂ ᠵᠣᠷᠢᠭᠲᠠᠢ ᠪᠠᠷ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠲᠦᠯᠬᠢᠨ ᠠᠬᠢᠭᠤᠯᠤᠨ᠎ᠠ᠃ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠣᠪᠣᠷ ᠰᠤᠷᠲᠠᠯ ᠨᠢ ᠲᠥᠪ ᠴᠢᠬᠡᠴᠢ᠂ ᠵᠣᠷᠢᠭᠲᠠᠢ ᠬᠢᠵᠦ ᠵᠣᠷᠢᠭᠲᠠᠢ ᠬᠠᠷᠢᠭᠤᠴᠠᠯᠭ᠎ᠠ | ᠡᠬᠦᠷᠭᠡᠯᠡᠬᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠺᠠᠳ᠋ᠷ ᠢ ᠵᠤᠷᠢᠭᠵᠢᠭᠤᠯᠵᠤ᠂ ᠵᠣᠷᠢᠭᠲᠠᠢ ᠪᠠᠷ ᠰᠢᠨ᠎ᠡ | ᠶᠢ ᠡᠭᠦᠳᠬᠦ᠂ ᠯᠠᠪᠳᠠᠭᠤᠨ ᠪᠠᠲᠤᠲᠠᠢ ᠪᠠᠷ ᠠᠵᠢᠯᠯᠠᠬᠤ᠂ ᠬᠤᠪᠢ ᠶᠢᠨ ᠠᠰᠢᠭ ᠦᠯᠦ ᠬᠥᠭᠡᠭᠡᠴᠡᠯᠳᠦᠬᠦ ᠺᠠᠳ᠋ᠷ ᠲᠤ | ᠡᠷᠴᠢ ᠵᠣᠷᠢᠭ ᠢ ᠨᠢ ᠬᠥᠪᠴᠢᠯᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠬᠥᠭᠵᠢᠭᠡᠨ᠎ᠡ᠃ ᠲᠠᠪᠤ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠲᠣᠣᠱᠯᠠᠭᠤᠯᠵᠣ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠤᠨ ᠱᠠᠭᠠᠷᠳᠠᠯᠭ᠎ᠠ ᠶᠢ ᠲᠦᠯᠬᠢᠨ ᠠᠬᠢᠭᠤᠯᠵᠤ᠂ ᠲᠥᠪ ᠤᠨ | ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂《ᠲᠦᠷᠪᠡᠨ ᠰᠤᠷᠲᠠᠯ 》 ᠢ ᠰᠢᠨᠲᠠᠷᠠᠰᠢ ᠦᠭᠡᠢ ᠴᠡᠭᠴᠡᠯᠡᠨ ᠵᠠᠰᠠᠵᠤ᠂ ᠢᠯᠠᠩᠭᠤᠶ᠎ᠠ | ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠡᠯᠳᠡᠪ ᠶᠠᠩᠵᠤ ᠶᠢᠨ ᠦᠵᠡᠭᠳᠡᠯ ᠢ ᠶᠡᠭᠡ ᠪᠠᠷ ᠴᠡᠭᠴᠡᠯᠡᠨ ᠵᠠᠰᠠᠵᠤ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠨᠢᠭᠡᠴᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠩ ᠤᠨ ᠴᠢᠨᠠᠷᠲᠠᠢ | ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂《 ᠭᠤᠷᠪᠠᠨ ᠵᠦᠢᠯ ᠤᠨ ᠠᠯᠪᠠᠨ ᠤ ᠵᠠᠷᠤᠳᠠᠯ 》 ᠢ ᠴᠢᠩᠭ᠎ᠠ | ᠬᠢᠵᠠᠭᠠᠷᠯᠠᠵᠤ᠂ ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠂ ᠰᠤᠷᠲᠠᠯ ᠴᠢᠬᠡᠴᠢ | ᠣᠪᠣᠷ ᠲᠥᠪ᠂ ᠠᠷᠢᠭᠤᠨ ᠴᠢᠬᠡᠴᠢ ᠶᠢ ᠡᠷᠬᠢᠮᠯᠡᠬᠦ᠂ ᠠᠵᠢᠯ ᠬᠢᠵᠦ ᠠᠳᠠᠯ ᠦᠢᠯᠡᠰ ᠪᠣᠰᠬᠠᠬᠤ ᠣᠬᠢ ᠰᠠᠶᠢᠨ ᠣᠯᠣᠰ | ᠲᠥᠷᠦ ᠶᠢᠨ ᠠᠮᠢ ᠠᠬᠤᠢ ᠶᠢ ᠪᠣᠢ ᠪᠣᠯᠭᠠᠨ᠎ᠠ᠃ | ᠨᠥᠬᠦᠳ ᠡ᠂ ᠵᠣᠷᠢᠪᠠᠰᠤ ᠦᠯᠦ ᠬᠦᠷᠬᠦ ᠭᠠᠵᠠᠷ ᠬᠡᠮᠡᠨ ᠦᠭᠡᠢ᠂ ᠵᠣᠷᠢᠭᠯᠠᠪᠠᠰᠤ ᠦᠯᠦ ᠪᠦᠳᠦᠬᠦ ᠦᠢᠯᠡ | ᠬᠡᠮᠡᠨ ᠦᠬᠡᠢ᠃ ᠪᠢᠳᠡ ᠰᠢᠨ᠎ᠡ ᠠᠵᠠ ᠲᠣᠬᠢᠶᠠᠯ ᠢ ᠱᠠᠯᠠᠪᠳᠠᠨ ᠠᠳᠬᠤᠵᠤ᠂ ᠰᠢᠨ᠎ᠡ ᠥᠷᠢᠰᠥᠯᠳᠦᠭᠡᠨ ᠢ ᠵᠣᠷᠢᠭᠲᠠᠢ | ᠣᠭᠳᠣᠨ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ | ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ | ᠡᠭᠦᠷᠭᠡ ᠪᠠᠨ ᠪᠡᠶᠡᠯᠡᠭᠦᠯᠦᠨ᠂ ᠰᠢᠨ᠎ᠡ ᠵᠢᠳᠬᠦᠯ ᠢᠶᠠᠨ ᠡᠷᠭᠦᠵᠦ᠂《ᠠᠷᠪᠠᠨ ᠳᠥᠷᠪᠡᠳᠦᠭᠡᠷ ᠲᠠᠪᠤᠨ ᠵᠢᠯ 》 ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠦᠨ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠶ᠎ᠡ᠃ | | | | ᠨᠡᠷᠡᠰ ᠤᠨ ᠲᠠᠶᠢᠯᠪᠤᠷᠢ | ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ | ᠬᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ | ᠮᠦᠩᠭᠦ ᠪᠠ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠲᠥᠯᠥᠪᠯᠡᠭᠡ ᠶᠢ ᠳᠣᠭᠳᠠᠪᠤᠷᠢᠵᠢᠭᠤᠯᠬᠤ ᠶᠢ ᠵᠢᠭᠠᠨ᠎ᠠ | ᠃ | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠳᠣᠯᠠᠬᠤ᠂ ᠦᠨᠳᠦᠰᠦᠨ | ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠰᠦ ᠬᠠᠩᠭᠠᠯᠭ᠎ᠠ ᠶᠢᠨ | ᠬᠡᠯᠬᠢᠶᠡᠰᠦ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠵᠡᠩᠨᠡᠯᠲᠡ ᠶᠢᠨ ᠡᠭᠦᠷᠭᠡ ᠶᠢ ᠪᠠᠲᠤᠯᠠᠬᠤ ᠶᠢ | ᠵᠢᠭᠠᠨ᠎ᠠ᠃ | ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ᠄ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ᠂ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ | ᠶᠢ ᠵᠢᠭᠠᠨ᠎ᠠ᠃ | ︽3 + 2︾ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ᠄ ᠮᠢᠬᠠᠨ ᠦᠬᠡᠷ᠂ ᠮᠢᠬᠠᠨ ᠬᠤᠨᠢ᠂ | ᠲᠡᠵᠢᠭᠡᠯ ᠡᠪᠡᠰᠦ ᠵᠡᠷᠭᠡ ᠭᠤᠷᠪᠠᠨ ᠶᠡᠭᠡ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠵᠦ᠂ ᠠᠳᠤᠭᠤᠨ ᠤ | ᠦᠢᠯᠡᠰ᠂ ᠤᠯᠠᠮᠵᠢᠯᠠᠯᠲᠤ ᠴᠠᠭᠠᠨ ᠢᠳᠡᠭᠡ ᠵᠡᠷᠭᠡ ᠬᠤᠶᠠᠷ ᠶᠡᠭᠡ ᠤᠨᠴᠠᠯᠢᠭᠳᠤ ᠠᠵᠤ ᠦᠢᠯᠡᠰ ᠢ | ᠨᠠᠷᠢᠯᠢᠭᠵᠢᠭᠤᠯᠣᠨ᠎ᠠ᠃ | ᠲᠦᠷᠪᠡ ᠶᠢ ᠬᠤᠪᠢᠷᠠᠭᠤᠯᠬᠤ ᠦᠭᠡᠢ᠄ ᠶᠠᠳᠠᠭᠤ ᠠᠴᠠ ᠠᠩᠭᠢᠵᠢᠷᠠᠭᠰᠠᠨ ᠴᠦ ᠬᠠᠷᠢᠭᠤᠴᠠᠯᠭ᠎ᠠ ᠶᠢ ᠨᠢ | ᠬᠤᠪᠢᠷᠠᠭᠤᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠲᠦᠷᠦ ᠶᠢᠨ ᠪᠤᠳᠤᠯᠭ᠎ᠠ ᠶᠢ ᠨᠢ ᠬᠤᠪᠢᠷᠠᠭᠤᠯᠬᠤ | ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠠᠪᠰᠤᠷᠤᠨ ᠲᠡᠳᠬᠦᠬᠦ ᠶᠢ ᠨᠢ ᠬᠤᠪᠢᠷᠠᠭᠤᠯᠬᠤ ᠦᠭᠡᠢ᠂ ᠶᠠᠳᠠᠭᠤ | ᠠᠴᠠ ᠠᠩᠭᠢᠵᠢᠷᠠᠭᠰᠠᠨ ᠴᠦ ᠬᠢᠨᠠᠨ ᠬᠠᠮᠢᠶᠠᠷᠣᠯᠲᠠ ᠪᠠᠨ ᠬᠤᠪᠢᠷᠠᠭᠤᠯᠬᠤ ᠦᠭᠡᠢ᠃ | ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽1+6︾ | ᠢᠨᠵᠧᠨᠧᠷᠢᠩ᠄ 1 ᠬᠡᠳᠡᠭ ᠨᠢ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠳᠠᠭᠤᠷᠢᠶᠠᠯ | ᠦᠵᠡᠬᠦᠯᠦᠨ ᠬᠦᠳᠦᠯᠦᠨ ᠵᠢᠯᠣᠭᠤᠳᠬᠤ ᠢᠨᠵᠧᠨᠧᠷᠢᠩ ᠢ ᠵᠢᠭᠠᠵᠣ᠂ 6 ᠭᠡᠳᠡᠭ ᠨᠢ ᠮᠠᠯᠵᠢᠬᠤ ᠣᠷᠣᠨ ᠤ ︽ | ᠵᠣᠷᠯᠣᠩ ᠤᠨ ᠦᠭᠡᠷᠡᠴᠢᠯᠡᠯᠲᠡ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠠᠮᠢᠳᠤᠷᠠᠯ ᠤᠨ ᠪᠣᠵᠠᠷ | ᠤᠰᠤ ᠶᠢ ᠰᠢᠢᠳᠪᠦᠷᠢᠯᠡᠬᠦ᠂ ᠳᠣᠰᠬᠤᠨ ᠤ ᠣᠷᠴᠢᠨ ᠲᠣᠭᠤᠷᠢᠨ ᠢ ᠴᠡᠪᠡᠷᠰᠢᠬᠦᠯᠬᠦ ᠠᠵᠢᠯᠯᠠᠭ᠎ᠠ᠂ ᠮᠠᠯ ᠤᠨ ᠲᠡᠵᠢᠭᠡᠨ | ᠠᠷᠠᠴᠢᠯᠠᠭ᠎ᠠ ᠶᠢᠨ ᠬᠠᠶᠠᠭᠳᠠᠮᠠᠯ ᠪᠣᠳᠠᠰ ᠢ ᠠᠰᠢᠭᠯᠠᠬᠤ ᠪᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠬᠤ︾ ᠶᠢ | ᠵᠢᠭᠠᠨ᠎ᠠ᠃ | 10 ᠶᠡᠭᠡ ᠰᠢᠯᠢᠳᠡᠭ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠄ ⒈ᠰᠢᠯᠢ ᠶᠢᠨ | ᠭᠤᠣᠯ ᠠᠶᠢᠮᠠᠭ ᠤᠨ ᠲᠢᠶᠠᠨ ᠲᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠭᠵᠢᠭᠦᠯᠦᠯᠲᠡ | ᠶᠢᠨ ᠬᠢᠵᠠᠭᠠᠷᠲᠤ ᠺᠣᠮᠫᠠᠨᠢ ᠶᠢᠨ ᠰᠢᠯᠢᠳᠡᠭ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︔ ⒉ | ᠪᠠᠳᠠᠷᠠᠯ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︔ ⒊ᠥᠪᠥᠷ ᠮᠣᠩᠭᠤᠯ ᠤᠨ ᠠᠩᠬᠢᠰ ᠮᠠᠯ | ᠠᠵᠣ ᠠᠬᠤᠢ ᠶᠢᠨ ᠬᠢᠵᠠᠭᠠᠷᠲᠤ ᠺᠣᠮᠫᠠᠨᠢ ᠶᠢᠨ ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ︔ ⒋ ᠡᠷᠢᠶᠡᠨᠪᠣᠯᠠᠭ ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ︔ ⒌ ᠪᠧᠨ ᠹᠦ᠋ ᠮᠠᠯ ᠠᠵᠤ ᠠᠬᠤᠢ ᠶᠢᠨ ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠰᠢᠯᠢᠳᠡᠭ | ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︔⒍ ᠪᠠᠶᠠᠵᠢᠯ ᠮᠢᠬᠠᠨ ᠦᠬᠡᠷ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ︔⒎ᠰᠠᠶᠢᠬᠤᠰᠤ ᠭᠠᠴᠠᠭᠠᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ︔⒏ᠪᠠᠶᠠᠠᠬᠭᠤᠯᠠ ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︔ | ⒐ᠲᠣᠰᠤᠨᠨᠠᠭᠤᠷ ᠭᠠᠴᠠᠭᠠᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︔⒑ ᠪᠠᠶᠠᠨᠪᠦ᠋ᠷᠢᠳᠦ | ᠭᠠᠴᠠᠭᠠᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠵᠢᠭᠠᠨ᠎ᠠ᠃ | ᠭᠤᠷᠪᠠᠨ ᠵᠦᠢᠯ ᠤᠨ ᠥᠭᠡᠷᠡᠴᠢᠯᠡᠯᠲᠡ ᠶᠢᠨ ᠡᠭᠦᠷᠭᠡ᠄ ᠦᠷᠭᠦᠯᠵᠢᠯᠡᠬᠦᠶᠢᠴᠡ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠰᠦᠪᠡᠭᠴᠢᠯᠡᠨ ᠪᠠᠶᠢᠭᠤᠯᠬᠤ᠂ ᠳᠠᠭᠠᠭᠤᠯᠤᠭᠴᠢ ᠠᠵᠤ ᠠᠬᠤᠶᠢᠯᠠᠯ | ᠬᠢᠭᠡᠳ ᠮᠠᠯᠴᠢᠳ ᠤᠨ ᠠᠰᠢᠭ ᠲᠤᠰᠠ ᠶᠢᠨ ᠬᠤᠯᠪᠣᠭᠠᠯᠠᠭᠰᠠᠨ ᠲᠣᠭᠲᠠᠴᠠ ᠶᠢ ᠲᠡᠭᠦᠯᠳᠡᠷᠵᠢᠭᠦᠯᠬᠦ᠂ ᠣᠷᠣᠰ | ᠮᠣᠩᠭᠤᠯ ᠯᠤᠭ᠎ᠠ ᠬᠠᠮᠲᠤᠷᠠᠯᠴᠠᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠵᠢᠭᠠᠵᠤ ᠪᠠᠶᠢᠨ᠎ᠠ᠃ | ︽ᠭᠤᠷᠪᠠᠨ ᠬᠠᠷᠢᠯᠴᠠᠨ︾ ᠪᠣᠭᠤᠮᠲᠠ ᠪᠠᠷ ᠥᠩᠭᠡᠷᠡᠭᠦᠯᠬᠦ ᠥᠭᠡᠷᠡᠴᠢᠯᠡᠯᠲᠡ᠄ ᠪᠣᠭᠤᠮᠲᠠ ᠶᠢᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ᠂ | ᠬᠢᠨᠠᠨ ᠬᠠᠮᠢᠶᠠᠷᠤᠯᠲᠠ ᠶᠢ ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ ᠶᠢ ᠬᠠᠷᠢᠯᠴᠠᠨ ᠬᠠᠪᠰᠤᠷᠤᠯᠴᠠᠬᠤ | ᠥᠭᠡᠷᠡᠴᠢᠯᠡᠯᠲᠡ ᠶᠢ ᠵᠢᠭᠠᠵᠤ ᠪᠠᠶᠢᠨ᠎ᠠ᠃ | ︽ᠭᠤᠷᠪᠠᠨ ᠣᠷᠣᠨ ᠬᠤᠶᠠᠷ ᠱᠤᠭᠤᠮ︾᠄ ᠭᠤᠷᠪᠠᠨ ᠣᠷᠣᠨ ᠭᠡᠳᠡᠭ ᠨᠢ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠠᠯᠳᠠᠷᠲᠤ ᠦᠵᠡᠮᠵᠢ ᠶᠢᠨ ᠣᠷᠣᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠢ | ᠵᠢᠭᠠᠵᠤ ᠪᠠᠶᠢᠨ᠎ᠠ︔ ᠬᠤᠶᠠᠷ ᠱᠤᠭᠤᠮ ᠭᠡᠳᠡᠭ ᠨᠢ ᠵᠠᠰᠠᠮᠠᠯ ᠵᠠᠮ ᠳᠠᠭᠠᠤ᠂ ᠲᠡᠮᠦᠷ ᠵᠠᠮ ᠳᠠᠭᠠᠤ ᠶᠢ ᠵᠢᠭᠠᠵᠤ ᠪᠠᠶᠢᠨ᠎ᠠ᠃ | | ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ | ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ | ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠢᠭᠠᠵᠤ ᠪᠠᠶᠢᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾᠄ ᠵᠠᠰᠠᠭ ᠵᠠᠬᠢᠷᠭᠠᠨ ᠤ | ᠬᠠᠣᠯᠢ ᠬᠡᠷᠡᠭᠵᠢᠭᠦᠯᠬᠦ ᠶᠢ ᠢᠯᠡ ᠪᠣᠯᠭᠠᠬᠤ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ | ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮᠲᠦ ᠴᠢᠨᠠᠷ ᠢ ᠬᠢᠨᠠᠨ ᠬᠠᠷᠭᠤᠭᠤᠯᠬᠤ | ᠳᠦᠷᠢᠮ ᠢ ᠵᠢᠭᠠᠨ᠎ᠠ᠃ |