ᠬᠤᠨᠢᠨ ᠮᠢᠬᠠᠨ ᠤ ᠭᠡᠷᠡᠭᠴᠡᠭᠡ ᠪᠠ ᠦᠢᠯᠡᠳᠦᠯ
ᠨᠡᠶᠢᠲᠡᠯᠡᠭᠰᠡᠨ ᠴᠠᠭ᠄
2021/3/24
      ᠬᠤᠨᠢᠨ ᠮᠢᠬ᠎ᠠ ᠪᠤᠯ ᠮᠢᠬᠠᠨ ᠢᠳᠡᠭᠡᠨ ᠤ ᠭᠤᠤᠯ ᠢᠷᠡᠯᠳᠡ ᠮᠦᠨ᠃ ᠬᠤᠨᠢᠨ ᠮᠢᠬᠠᠨ ᠤ ᠠᠮᠳᠠ ᠰᠠᠶᠢᠨ᠂ ᠭᠦᠮᠦᠨ ᠤ ᠪᠡᠶ᠎ᠠ ᠮᠠᠬᠠᠪᠤᠳ ᠤᠨ ᠡᠷᠡᠭᠦᠯ ᠴᠢᠭᠢᠷᠠᠭ ᠲᠤ ᠭᠡᠮ ᠰᠠᠭᠤᠬᠤ ᠦᠭᠡᠢ ᠪᠤᠯᠬᠤᠷ ᠰᠢᠮ᠎ᠠ ᠲᠡᠵᠢᠭᠡᠯ ᠢᠶᠠᠷ ᠪᠦᠷᠢᠨ ᠲᠡᠭᠦᠯᠳᠡᠷ ᠰᠠᠶᠢᠨ ᠢᠳᠡᠭᠡᠨ ᠭᠡᠳᠡᠭ᠃ ᠬᠤᠨᠢᠨ ᠮᠢᠬᠠᠨ ᠳᠠᠬᠢ ᠤᠭᠤᠷᠠᠭ ᠤᠨ ᠠᠭᠤᠯᠤᠬᠳᠠᠴᠠ ᠶᠡᠭᠡ᠂ ᠠᠮᠢᠨᠤ᠋ ᠦᠭᠡᠭᠦᠨ ᠭᠦᠴᠢᠯ ᠨᠢ ᠦᠮᠡᠨ ᠢ ᠡᠰᠡᠷᠭᠦᠴᠡᠨ ᠬᠤᠤᠷ ᠢ ᠲᠠᠶᠢᠯᠬᠤ ᠦᠢᠯᠡᠳᠦᠯ ᠲᠠᠢ ᠲᠤᠯᠠ ᠭᠦᠮᠦᠨ ᠤ ᠴᠢᠰᠤᠨ ᠳᠠᠬᠢ ᠰᠦᠰᠦᠨ ᠤ ᠠᠯᠺᠤᠤᠯ ᠤᠨ ᠠᠭᠤᠯᠤᠬᠳᠠᠴᠠ ᠶᠢ ᠪᠠᠭᠤᠷᠠᠭᠤᠯᠵᠦ᠂ ᠠᠮᠢ ᠨᠠᠰᠦ ᠶᠢ ᠤᠷᠳᠤᠳᠬᠠᠬᠤ ︽ᠮᠢᠬᠠᠨ ᠲᠤᠳᠤᠷᠠᠭᠢ ᠤᠷᠬᠤᠳᠠᠢ︾ ᠭᠡᠮᠡᠭᠳᠡᠳᠡᠭ᠃       ︽ᠡᠪᠡᠰᠦᠨ ᠡᠮ ᠤᠨ ᠲᠤᠪᠴᠢ︾ ᠳᠤ ᠲᠡᠮᠳᠡᠭᠯᠡᠭᠰᠡᠨ ᠢᠶᠠᠷ᠄ ᠲᠠᠮᠢᠷ ᠢ ᠨᠦᠭᠦᠵᠦ᠂ ᠲᠡᠩᠭᠡᠭᠡ ᠶᠢ ᠴᠢᠩᠭᠠᠷᠠᠭᠤᠯᠬᠤ᠂ ᠬᠠᠯᠠᠭᠤᠨ ᠴᠢᠨᠠᠷ ᠤᠨ ᠢᠳᠡᠭᠡᠨ ᠭᠡᠵᠦ ᠪᠠᠶᠢᠨ᠎ᠠ᠃ ᠰᠦᠨᠢᠳ ᠬᠤᠨᠢᠨ ᠮᠢᠬ᠎ᠠ ᠪᠤᠯ ᠶᠤᠸᠠᠨ᠂ ᠴᠢᠩ ᠤᠨ ᠦᠶ᠎ᠠ ᠠᠴᠠ ᠡᠭᠢᠯᠡᠭᠡᠳ ᠤᠷᠳᠤᠨ ᠤ ᠮᠢᠬᠠᠨ ᠢᠳᠡᠭᠡᠨ ᠤ ᠲᠤᠰᠬᠠᠢ ᠬᠠᠨᠭ᠍ᠭᠠᠯᠳᠠ ᠶᠢᠨ ᠭᠡᠷᠡᠭᠴᠡᠭᠡ ᠳᠤ ᠤᠷᠤᠬᠰᠠᠨ ᠤᠭᠢ ᠰᠢᠯᠢᠳᠡᠭ ᠮᠢᠬᠠᠨ ᠢᠳᠡᠭᠡᠨ ᠮᠦᠨ᠃ ᠬᠤᠨᠢᠨ ᠰᠡᠭᠦᠯ ᠤᠨ ᠦᠭᠡᠭᠦᠨ ᠳᠤ ᠭᠦᠮᠦᠨ ᠤ ᠪᠡᠶ᠎ᠡ ᠶᠢᠨ ᠴᠢᠰᠤᠨ ᠤ ᠲᠤᠳᠤᠷᠠᠭᠢ ᠦᠭᠡᠭᠦ ᠲᠤᠰᠤ ᠶᠢ ᠵᠠᠳᠠᠯᠳᠠᠭ ᠰᠢᠪᠳᠤᠷᠳᠦ ᠭᠦᠴᠢᠯ ᠠᠭᠤᠯᠳᠠᠭ᠃ ᠬᠤᠨᠢᠨ ᠰᠡᠭᠦᠯ ᠤᠨ ᠦᠭᠡᠭᠦ ᠶᠢ ᠰᠢᠷᠭᠠᠭᠠᠳ ᠲᠤᠰᠤ ᠪᠠᠷ ᠨᠢ ᠭᠦᠮᠦᠨ ᠤ ᠠᠷᠠᠰᠤᠨ ᠤ ᠡᠪᠡᠳᠴᠢᠨ ᠢ ᠵᠠᠰᠠᠬᠤ ᠳᠤ ᠤᠨᠴᠠ ᠰᠠᠶᠢᠨ ᠦᠢᠯᠡᠳᠦᠯ ᠲᠠᠢ ᠪᠠᠶᠢᠳᠠᠭ᠃ ᠨᠠᠰᠦ ᠶᠠᠪᠤᠬᠰᠠᠨ ᠭᠦᠮᠦᠨ ᠤ ᠪᠡᠶ᠎ᠠ ᠶᠢᠨ ᠰᠢᠮ᠎ᠠ ᠲᠡᠵᠢᠭᠡᠯ ᠲᠤᠳᠠᠭᠰᠠᠨ ᠠᠴᠠ ᠪᠤᠯᠵᠦ ᠭᠦᠯ ᠤᠨ ᠪᠤᠷᠪᠢ ᠬᠠᠭᠠᠷᠠᠬᠤ ᠳᠤ ᠬᠤᠨᠢᠨ ᠰᠡᠭᠦᠯ ᠤᠨ ᠦᠭᠡᠭᠦ ᠶᠢᠨ ᠲᠤᠰᠤ ᠶᠢ ᠲᠦᠷᠭᠢᠪᠡᠯ ᠠᠷᠠᠰᠦ ᠶᠠᠰᠤᠨ ᠳᠤ ᠨᠢ ᠱᠠᠭᠠᠷᠳᠠᠭᠳᠠᠬᠤ ᠡᠨᠧᠷᠭᠢ ᠡᠷᠦᠳᠡᠰᠦ ᠨᠦᠭᠦᠪᠦᠷᠢᠯᠡᠭᠳᠡᠭᠡᠳ ᠰᠢᠷᠬ᠎ᠠ ᠶᠢ ᠲᠦᠷᠭᠡᠨ ᠪᠦᠭᠡᠳ ᠲᠦᠢᠯᠪᠤᠷᠢᠳᠠᠢ ᠰᠠᠶᠢᠨ ᠡᠳᠡᠭᠡᠭᠡᠵᠦ ᠵᠠᠰᠠᠳᠠᠭ ᠪᠠᠶᠢᠨ᠎ᠠ᠃ ᠬᠤᠨᠢᠨ ᠮᠢᠬ᠎ᠠ ᠦᠷᠭᠡᠨ ᠤᠯᠠᠨ ᠠᠷᠠᠳ ᠲᠦᠮᠡᠨ ᠤ ᠡᠳᠦᠷ ᠲᠤᠳᠤᠮ ᠤᠨ ᠮᠢᠬᠠᠨ ᠢᠳᠡᠭᠡᠨ ᠤ ᠭᠡᠷᠡᠭᠴᠡᠭᠡ ᠶᠢ ᠬᠠᠨᠭ᠍ᠭᠠᠵᠦ ᠪᠠᠶᠢᠬᠤ ᠪᠦᠭᠡᠳ ᠮᠢᠬᠠᠨ ᠢᠳᠡᠭᠡᠨ ᠤ ᠠᠵᠦ ᠦᠢᠯᠡᠳᠪᠦᠷᠢ ᠶᠢᠨ ᠴᠢᠬᠤᠯᠠ ᠲᠦᠭᠦᠭᠡᠢ ᠡᠳ᠋ ᠪᠤᠯᠵᠦ᠂ ᠤᠯᠤᠰ ᠤᠨ ᠭᠠᠳᠠᠭᠠᠳᠦ ᠲᠤᠳᠤᠭᠠᠳᠦ ᠶᠢᠨ ᠮᠢᠬᠠᠨ ᠢᠳᠡᠭᠡᠨ ᠤ ᠵᠠᠬ᠎ᠠ ᠲᠡᠯᠭᠡᠭᠦᠷ ᠲᠤ ᠦᠷᠭᠡᠨ ᠢᠶᠠᠷ ᠪᠤᠷᠤᠯᠠᠭᠤᠯᠤᠬᠳᠠᠵᠦ ᠪᠠᠶᠢᠨ᠎ᠠ᠃ ᠠᠷᠠᠳ ᠤᠨ ᠠᠮᠢᠳᠦᠷᠠᠯ ᠤᠨ ᠬᠢᠷᠢ ᠲᠦᠪᠰᠢᠨ ᠤ ᠲᠡᠭᠡᠭᠰᠢᠯᠡᠭᠦ ᠶᠢ ᠲᠠᠭᠠᠯᠳᠤᠨ᠂ ᠭᠡᠷᠡᠭᠯᠡᠭᠴᠢᠳ ᠤᠨ ᠠᠮᠦᠷ ᠲᠦᠪᠰᠢᠨ ᠪᠦᠭᠡᠳ ᠰᠢᠮ᠎ᠠ ᠲᠡᠵᠢᠭᠡᠯ ᠰᠠᠶᠢᠳᠠᠢ ᠮᠢᠬᠠᠨ ᠢᠳᠡᠭᠡᠨ ᠤ ᠱᠠᠭᠠᠷᠳᠠᠯᠭ᠎ᠠ ᠨᠡᠮᠡᠭᠳᠡᠵᠦ᠂ ᠦᠪᠤᠷ ᠮᠤᠩᠭᠤᠯ ᠤᠨ ᠪᠡᠯᠴᠢᠭᠡᠷ ᠤᠨ ᠬᠠᠷᠢᠭᠤᠯᠭ᠎ᠠ ᠪᠠᠷ ᠦᠷᠡᠵᠢᠵᠦ ᠪᠤᠶᠢᠵᠢᠬᠰᠠᠨ ᠰᠦᠨᠢᠳ᠂ ᠦᠵᠦᠮᠦᠴᠢᠨ᠂ ᠪᠠᠷᠭᠤ᠂ ᠤᠷᠢᠶᠠᠩᠬᠠᠢ ᠵᠡᠷᠭᠡ ᠨᠤᠳᠤᠭ ᠤᠨ ᠡᠭᠦᠯᠳᠡᠷ ᠤᠨ ᠬᠤᠨᠢᠨ ᠮᠢᠬ᠎ᠠ ᠪᠤᠯᠤᠨ ᠤᠷᠳᠤᠰ᠂ ᠴᠠᠬᠠᠷ ᠤᠨ ᠮᠢᠬ᠎ᠠ ᠨᠤᠤᠰᠤᠨ ᠤ ᠬᠤᠤᠰ ᠭᠡᠷᠡᠭᠴᠡᠭᠡᠳᠦ ᠬᠤᠨᠢᠨ ᠤ ᠵᠠᠬ᠎ᠠ ᠲᠡᠯᠭᠡᠭᠦᠷ ᠤᠨ ᠬᠠᠨᠭ᠍ᠭᠠᠯᠳᠠ ᠭᠡᠷᠡᠭᠯᠡᠭᠴᠢᠳ ᠲᠤ ᠤᠯᠠᠮ ᠢᠶᠠᠷ ᠲᠠᠭᠠᠰᠢᠶᠠᠬᠳᠠᠬᠤ ᠪᠤᠯᠪᠠ᠃ ᠪᠡᠯᠴᠢᠭᠡᠷ ᠤᠨ ᠮᠠᠯ ᠮᠠᠯᠯᠠᠭᠠᠨ ᠤ ᠪᠤᠬᠢᠷᠳᠦᠯ ᠦᠭᠡᠢ ᠮᠢᠬᠠᠨ ᠢᠳᠡᠭᠡᠨ ᠨᠢ ᠲᠤᠮᠳᠠᠳᠦ ᠶᠢᠨ ᠭᠦᠮᠦᠨ ᠤ ᠢᠳᠡᠭᠡᠨ ᠤ ᠪᠦᠳᠦᠴᠡ ᠶᠢᠨ ᠭᠤᠤᠯ ᠵᠦᠢᠯ ᠪᠤᠯᠬᠤ ᠠᠶᠠᠨᠳᠠᠭᠠᠨ ᠤ ᠱᠠᠭᠠᠷᠳᠠᠯᠭ᠎ᠠ ᠭᠠᠷᠴᠦ᠂ ᠭᠦᠮᠦᠰ ᠨᠢᠭᠡᠨᠳᠡ ᠮᠢᠬᠠᠨ ᠢᠳᠡᠭᠡᠨ ᠤ ᠠᠮᠦᠷ ᠲᠦᠪᠰᠢᠨ ᠪᠠ ᠰᠢᠮ᠎ᠠ ᠲᠡᠵᠢᠭᠡᠯ ᠢ ᠲᠡᠷᠢᠭᠦᠨ ᠪᠠᠶᠢᠷᠢ ᠳᠤ ᠲᠠᠯᠪᠢᠬᠤ ᠪᠤᠯᠵᠠᠢ᠃ ᠬᠤᠨᠢᠨ ᠦᠭᠡᠭᠦ ᠪᠤᠯ ᠬᠢᠮᠢ ᠶᠢᠨ ᠠᠵᠦ ᠦᠢᠯᠡᠳᠪᠦᠷᠢ ᠶᠢᠨ ᠤᠬᠢᠶᠠᠯᠭ᠎ᠠ ᠶᠢᠨ ᠡᠳ᠋ ᠦᠢᠯᠡᠳᠪᠦᠷᠢᠯᠡᠭᠦ ᠳᠤ ᠭᠡᠷᠡᠭᠯᠡᠳᠡᠭ ᠴᠢᠬᠤᠯᠠ ᠲᠦᠭᠦᠭᠡᠢ ᠡᠳ᠋ ᠮᠦᠨ᠂ ᠬᠤᠨᠢᠨ ᠦᠭᠡᠭᠦ ᠤᠷᠤᠯᠴᠠᠭᠤᠯᠤᠬᠰᠠᠨ ᠤᠬᠢᠶᠠᠯᠭ᠎ᠠ ᠶᠢᠨ ᠡᠳ᠋ ᠨᠢ ᠭᠤᠯᠭᠤᠮᠠᠳᠠᠭᠠᠢ ᠵᠦᠭᠡᠯᠡᠨ ᠪᠦᠭᠡᠳ ᠦᠭᠡᠭᠦ ᠲᠤᠰᠤ᠂ ᠭᠭᠢᠷ ᠪᠤᠷᠳᠠᠭ ᠢ ᠠᠷᠢᠯᠭᠠᠬᠤ ᠪᠠᠷ ᠰᠠᠶᠢᠨ ᠪᠠᠶᠢᠵᠦ᠂ ᠭᠦᠮᠦᠨ ᠤ ᠠᠷᠠᠰᠦ ᠮᠢᠬᠠᠨ ᠳᠤ ᠬᠤᠤᠷᠳᠠᠭᠤᠯᠤᠯ ᠪᠤᠯᠳᠠᠭ ᠦᠭᠡᠢ ᠶᠤᠮ᠃ ︵︽ᠲᠠᠪᠤᠨ ᠡᠷᠳᠡᠨᠢ︾ ᠨᠤᠮ ᠴᠤᠪᠤᠷᠠᠯ ᠠᠴᠠ ᠰᠡᠶᠢᠷᠡᠭᠦᠯᠪᠡ︶
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号