ᠠᠩᠭ᠍ᠯᠢ ᠶᠢᠨ ᠣᠺᠰᠹᠣᠷᠳ᠋ ᠶᠡᠭᠡ ᠰᠤᠷᠭᠠᠭᠤᠯᠢ ᠶᠢᠨ ᠵᠣᠷᠵ ᠪᠦᠬᠦ ᠪᠦᠮᠪᠦᠷᠴᠡᠭ ᠤᠨ ᠡᠷᠡᠭᠦᠯ ᠮᠡᠨᠳᠦ ᠶᠢ | ᠰᠤᠳᠤᠯᠬᠤ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠨᠢᠭᠡᠨ ᠤᠳᠠᠭᠠᠨ ᠤ ᠰᠢᠨ᠎ᠡ ᠰᠤᠳᠤᠯᠭᠠᠨ ᠳᠤ | ᠢᠯᠡᠷᠡᠭᠦᠯᠦᠭᠰᠡᠨ ᠢᠶᠠᠷ᠂ ᠡᠷᠡᠭᠲᠡᠢ ᠬᠦᠮᠦᠨ ᠲᠠᠢ ᠬᠠᠷᠢᠴᠠᠭᠤᠯᠪᠠᠯ᠂ ᠲᠠᠮᠠᠬᠢ ᠲᠠᠲᠠᠬᠤ ᠨᠢ ᠡᠮᠡᠭᠲᠡᠶᠢᠴᠦᠳ ᠤᠨ | ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠤᠯᠠᠮ ᠶᠡᠭᠡ ᠪᠣᠯᠭᠠᠨ᠎ᠠ᠃ | ᠠᠶᠤᠯ ᠲᠦᠭᠰᠢᠭᠦᠷᠢ ᠶᠢᠨ ᠬᠦᠴᠦᠨ ᠵᠦᠢᠯ ᠠᠴᠠ ᠡᠷᠡᠭᠲᠡᠢ ᠡᠮᠡᠭᠲᠡᠢ ᠶᠢᠨ ᠵᠢᠷᠦᠬᠡ ᠴᠢᠰᠤᠨ ᠰᠤᠳᠠᠯ ᠤᠨ | ᠡᠪᠡᠳᠴᠢᠨ ᠳᠤ ᠦᠵᠡᠭᠦᠯᠬᠦ ᠨᠦᠯᠦᠭᠡ ᠶᠢᠨ ᠵᠦᠷᠢᠶ᠎ᠡ ᠶᠢ ᠰᠢᠨᠵᠢᠯᠡᠨ ᠰᠤᠳᠤᠯᠬᠤ ᠶᠢᠨ ᠲᠥᠯᠥᠭᠡ᠂ ᠰᠤᠳᠤᠯᠭᠠᠨ ᠤ | ᠪᠦᠯᠬᠦᠮ ᠠᠴᠠ ᠨᠡᠶᠢᠲᠡ 47.2 ᠲᠦᠮᠡᠨ 40 ~ 69 ᠨᠠᠰᠤᠨ ᠤ ᠣᠷᠣᠯᠴᠠᠭᠴᠢ ᠶᠢ ᠡᠯᠰᠡᠵᠦ᠂ 7 ᠵᠢᠯ ᠮᠦᠷᠳᠡᠨ | ᠰᠤᠳᠤᠯᠵᠤ᠂ ᠲᠠᠮᠠᠬᠢ ᠲᠠᠲᠠᠬᠤ᠂ ᠴᠢᠰᠤᠨ ᠳᠠᠷᠤᠯᠲᠠ ᠦᠨᠳᠦᠷ ᠡᠪᠡᠳᠴᠢᠨ ᠪᠠ ᠰᠢᠬᠢᠷ ᠰᠢᠵᠢᠩ ᠡᠪᠡᠳᠴᠢᠨ ᠨᠢ | ᠡᠮᠡᠭᠲᠡᠶᠢᠴᠦᠳ ᠲᠤ ᠠᠪᠴᠢᠷᠠᠬᠤ ᠵᠢᠷᠦᠭᠡᠨ ᠡᠪᠡᠳᠴᠢᠨ ᠤ ᠲᠦᠭᠰᠢᠭᠦᠷᠢ ᠨᠢ ᠡᠷᠡᠭᠲᠡᠶᠢᠴᠦᠳ ᠠᠴᠠ ᠢᠯᠡᠳᠲᠡ ᠶᠡᠭᠡ | ᠪᠠᠶᠢᠳᠠᠭ ᠢ ᠢᠯᠡᠷᠡᠭᠦᠯᠵᠡᠢ᠃ ᠪᠤᠳᠠᠲᠠᠢ ᠪᠠᠷ ᠬᠡᠯᠡᠪᠡᠯ᠂ ᠬᠡᠳᠦ᠋ᠢᠪᠡᠷ ᠲᠠᠮᠠᠬᠢ ᠲᠠᠲᠠᠬᠤ ᠡᠷᠡᠭᠲᠡᠢ ᠶᠢᠨ ᠡᠪᠡᠳᠴᠢᠨ ᠳᠤ | ᠨᠡᠷᠪᠡᠭᠳᠡᠬᠦ ᠲᠦᠭᠰᠢᠭᠦᠷᠢ ᠨᠢ ᠲᠠᠮᠠᠬᠢ ᠲᠠᠲᠠᠬᠤ ᠦᠭᠡᠢ ᠡᠷᠡᠭᠲᠡᠢ ᠠᠴᠠ ᠬᠤᠶᠠᠷ ᠳᠠᠬᠢᠨ ᠢᠯᠡᠭᠦᠦ ᠪᠠᠶᠢᠬᠤ ᠳᠤ ᠲᠠᠮᠠᠬᠢ | ᠲᠠᠲᠠᠬᠤ ᠡᠮᠡᠭᠲᠡᠢ ᠶᠢᠨ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠲᠠᠮᠠᠬᠢ ᠲᠠᠲᠠᠬᠤ ᠦᠭᠡᠢ | ᠡᠮᠡᠭᠲᠡᠢ ᠶᠢᠨ 3 ᠳᠠᠬᠢᠨ ᠠᠴᠠ ᠳᠡᠭᠡᠭᠰᠢ ᠪᠠᠶᠢᠳᠠᠭ᠃ ᠡᠮᠡᠭᠲᠡᠢ ᠬᠦᠮᠦᠨ ᠴᠢᠰᠤᠨ ᠲᠠᠷᠤᠯᠲᠠ ᠦᠨᠳᠦᠷ ᠠᠴᠠ ᠪᠣᠯᠵᠤ᠂ | ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠡᠷᠡᠭᠲᠡᠶᠢᠴᠦᠳ ᠠᠴᠠ 83% ᠪᠠᠷ ᠶᠡᠭᠡ ᠪᠠᠶᠢᠳᠠᠭ︔ 1 | ᠬᠡᠯᠪᠡᠷᠢ ᠶᠢᠨ ᠪᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠤ ᠡᠮᠡᠭᠲᠡᠶᠢᠴᠦᠳ ᠤᠨ ᠵᠢᠷᠦᠬᠡᠨ ᠳᠤ ᠦᠵᠡᠭᠦᠯᠬᠦ | ᠨᠦᠯᠦᠭᠡ ᠴᠦ ᠨᠡᠩ ᠶᠡᠭᠡ ᠪᠠᠶᠢᠳᠠᠭ᠃ | ᠲᠤᠰ ᠰᠤᠳᠤᠯᠭᠠᠨ ᠤ ᠤᠳᠤᠷᠢᠳᠤᠭᠴᠢ᠂ ᠠᠩᠭ᠍ᠯᠢ ᠶᠢᠨ ᠣᠺᠰᠹᠣᠷᠳ᠋ ᠶᠡᠭᠡ ᠰᠤᠷᠭᠠᠭᠤᠯᠢ ᠶᠢᠨ ᠵᠣᠷᠵ ᠪᠦᠬᠦ | ᠪᠦᠮᠪᠦᠷᠴᠡᠭ ᠤᠨ ᠡᠷᠡᠭᠦᠯ ᠮᠡᠨᠳᠦ ᠶᠢ ᠰᠤᠳᠤᠯᠬᠤ ᠭᠠᠵᠠᠷ ᠤᠨ ᠲᠠᠬᠤᠯ ᠡᠪᠡᠳᠴᠢᠨ ᠰᠤᠳᠤᠯᠤᠭᠴᠢ ᠢᠯᠢᠽᠪᠧᠽ · | ᠮᠢᠯᠧᠲ ᠬᠡᠯᠡᠭᠰᠡᠨ ᠨᠢ᠄ ︽ᠶᠡᠷᠦᠩᠬᠡᠢ ᠳᠤ ᠪᠠᠨ᠂ ᠵᠢᠷᠦᠬᠡᠨ ᠪᠣᠯᠴᠢᠩ ᠪᠢᠲᠡᠭᠦᠷᠡᠨ ᠦᠬᠦᠵᠢᠬᠦ ᠡᠪᠡᠳᠴᠢᠨ ᠤ ᠪᠠᠶᠢᠳᠠᠯ | ᠢᠯᠡᠷᠡᠬᠦ ᠡᠷᠡᠭᠲᠡᠢ ᠡᠪᠡᠳᠴᠢᠲᠡᠨ ᠨᠢ ᠡᠮᠡᠭᠲᠡᠢ ᠡᠪᠡᠳᠴᠢᠲᠡᠨ ᠠᠴᠠ ᠣᠯᠠᠨ ᠪᠠᠶᠢᠳᠠᠭ᠃ ᠭᠡᠪᠡᠴᠦ᠂ ᠬᠡᠳᠦᠨ ᠭᠤᠣᠯ | ᠪᠣᠯᠬᠤ ᠠᠶᠤᠯᠲᠠᠢ ᠡᠯᠧᠮᠧᠨ᠋ᠲ ᠤᠨ ᠡᠮᠡᠭᠲᠡᠢ ᠬᠦᠮᠦᠨ ᠳᠤ ᠦᠵᠡᠭᠦᠯᠬᠦ ᠨᠦᠯᠦᠭᠡ ᠨᠢ ᠡᠷᠡᠭᠲᠡᠢ ᠬᠦᠮᠦᠨ ᠠᠴᠠ ᠶᠡᠭᠡ | ᠶᠤᠮ︾ ᠭᠡᠵᠡᠢ᠃ ᠰᠤᠳᠤᠯᠭᠠᠨ ᠤ ᠪᠦᠯᠬᠦᠮ ᠵᠢᠭᠠᠵᠤ ᠭᠠᠷᠭᠠᠭᠰᠠᠨ ᠨᠢ᠂ ᠡᠮᠡᠭᠲᠡᠢ ᠶᠢᠨ ᠵᠢᠷᠦᠬᠡ ᠴᠢᠰᠤᠨ | ᠰᠤᠳᠠᠯ ᠤᠨ ᠡᠪᠡᠳᠴᠢᠨ ᠤ ᠲᠦᠭᠰᠢᠭᠦᠷᠢ ᠶᠢ ᠰᠢᠭᠰᠢᠨ ᠪᠠᠶᠢᠴᠠᠭᠠᠬᠤ ᠦᠶ᠎ᠡ ᠳᠡᠭᠡᠨ᠂ ᠨᠠᠰᠤ ᠠᠬᠢᠭᠰᠠᠨ᠂ ᠲᠠᠮᠠᠬᠢ | ᠲᠠᠲᠠᠭᠰᠠᠨ᠂ ᠰᠢᠬᠢᠷ ᠰᠢᠵᠢᠩ ᠡᠪᠡᠳᠴᠢᠨ ᠲᠠᠢ ᠪᠤᠶᠤ ᠴᠢᠰᠤᠨ ᠲᠠᠷᠤᠯᠲᠠ ᠦᠨᠳᠦᠷ ᠡᠮᠡᠭᠲᠡᠢ ᠶᠢ ᠣᠨᠴᠠᠭᠠᠶᠢᠯᠠᠨ | ᠠᠩᠬᠠᠷᠴᠠᠢ ᠭᠡᠪᠡ᠃ |