ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/8
                         ︵4 ᠲᠣᠭᠠᠲᠣ︶      ᠶᠦᠨᠨᠠᠨ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ ᠮᠡᠳᠡᠭᠡᠯᠡᠭᠰᠡᠨ ᠢᠶᠠᠷ᠂ 2021 ᠣᠨ ᠤ 4 ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠶᠦᠨᠨᠠᠨ ᠮᠤᠵᠢ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ 18 ︵ᠬᠢᠯᠢ ᠶᠢᠨ ᠭᠠᠳᠠᠨ᠎ᠠ ᠠᠴᠠ ᠬᠠᠯᠳᠠᠪᠣᠷᠢᠯᠠᠭᠰᠠᠨ 2᠂ ᠲᠣᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ 16︶᠂ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ 49 ︵ᠬᠢᠯᠢ ᠶᠢᠨ ᠭᠠᠳᠠᠨ᠎ᠠ ᠠᠴᠠ ᠬᠠᠯᠳᠠᠪᠣᠷᠢᠯᠠᠭᠰᠠᠨ 19᠂ ᠲᠣᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ 30︶ ᠪᠠᠶᠢᠵᠤ᠂ ᠴᠥᠮ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠤᠰᠠᠭᠠᠷᠯᠠᠨ ᠡᠮᠨᠡᠭᠦᠯᠵᠦ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃ ᠶᠦᠨᠨᠠᠨ ᠮᠤᠵᠢ ᠶᠢᠨ ᠷᠦᠢ ᠯᠢ ᠬᠤᠲᠠ ᠳᠤ ᠵᠢᠶᠧ ᠭᠤᠣ ᠭᠦᠸᠧ ᠮᠧᠨ ᠨᠡᠶᠢᠭᠡᠮ ᠲᠣᠭᠤᠷᠢᠭ᠂ ᠮᠧᠩ ᠮᠤᠤ ᠪᠠᠯᠭᠠᠰᠤᠨ ᠤ ᠰᠢᠨ ᠱᠧᠩ ᠰᠠᠭᠤᠭᠠᠯᠢ ᠠᠷᠠᠳ ᠤᠨ ᠲᠣᠭᠤᠷᠢᠭ᠂ ᠷᠦᠢ ᠵᠢᠩ ᠵᠠᠮ ᠤᠨ ᠲᠣᠭᠤᠰᠬᠠᠨ ᠦᠢᠯᠡᠳᠪᠦᠷᠢ᠂ ᠰᠢᠩ ᠾᠧ ᠯᠠᠨ ᠸᠠᠨ ᠰᠠᠭᠤᠭᠠᠯᠢ ᠠᠷᠠᠳ ᠤᠨ ᠲᠣᠭᠤᠷᠢᠭ᠂ ᠲᠣᠸᠠᠨ ᠵᠢᠶᠧ ᠲᠣᠰᠬᠤᠨ ᠤ ᠠᠷᠠᠳ ᠤᠨ ᠵᠥᠪᠯᠡᠯ ᠤᠨ ᠶᠢᠨ ᠺᠠᠨ ᠲᠣᠰᠬᠤᠨ ᠤ ᠠᠷᠠᠳ ᠤᠨ ᠳᠤᠭᠤᠶᠢᠯᠠᠩ ᠵᠡᠷᠭᠡ 5 ᠳᠤᠮᠳᠠ ᠳᠡᠰ ᠤᠨ ᠲᠦᠭᠰᠢᠭᠦᠷᠢᠲᠡᠶ ᠭᠠᠵᠠᠷ ᠣᠷᠣᠨ ᠪᠠᠶᠢᠨ᠎ᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠣᠷᠢᠯᠠᠬᠤ  ᠠᠴᠠ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠣᠳᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ 3 ᠰᠠᠷ᠎ᠠ ᠶᠢᠨ 14 ᠤ ᠡᠳᠦᠷ ᠤᠨ 0 ᠴᠠᠭ ᠠᠴᠠ ᠰᠡᠭᠦᠯᠡᠷ ᠷᠦᠢ ᠯᠢ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶᠂ ᠨᠢᠭᠡᠴᠡ᠂ ᠪᠠᠭᠤᠳᠠᠯ ᠳᠤ ᠪᠠᠨ ᠮᠡᠳᠡᠭᠦᠯᠬᠦ ᠶᠢᠨ ᠬᠠᠮᠲᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠂ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠶ᠂ ᠪᠡᠶ᠎ᠡ ᠶᠢᠨ ᠳᠤᠯᠠᠭᠠᠨ ᠬᠡᠪ ᠤᠨ ᠪᠦᠭᠡᠳ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ ᠂ ᠴᠢᠯᠥᠭᠡᠲᠡᠶ᠂ ᠡᠮᠬᠢ ᠵᠢᠷᠤᠮ ᠲᠠᠢ ᠪᠠᠷ ᠶᠠᠪᠣᠵᠣ ᠰᠠᠭᠤᠵᠣ ᠪᠣᠯᠣᠨ᠎ᠠ᠂ ᠬᠡᠪᠡᠴᠦ ᠡᠷᠬᠡᠪᠰᠢ ᠦᠪᠡᠷᠳᠡᠭᠡᠨ14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠠᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠦ᠋ᠢᠬᠠᠨ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠭᠠᠴᠠᠭ᠎ᠠ ︵ᠨᠡᠶᠢᠭᠡᠮ ᠲᠣᠭᠤᠷᠢᠭ︶ ᠪᠤᠶᠤ ᠪᠠᠭᠤᠳᠠᠯ ᠳᠤ ᠪᠠᠨ ᠮᠡᠳᠡᠭᠦᠯᠵᠦ᠂ ᠠᠮᠠᠪᠴᠢ ᠵᠡᠭᠦᠵᠦ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠬᠦᠷᠴᠦ ᠡᠮᠨᠡᠬᠦᠯᠵᠣ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      ᠬᠤᠶᠠᠷ᠂ 3 ᠰᠠᠷ᠎ᠠ ᠶᠢᠨ 14 ᠤ ᠡᠳᠦᠷ ᠤᠨ 0 ᠴᠠᠭ ᠠᠴᠠ ᠰᠡᠭᠦᠯᠡᠷ ᠷᠦᠢ ᠯᠢ ᠬᠤᠲᠠ ᠠᠴᠠ ᠰᠠᠯᠵᠤ᠂ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ 7 ᠡᠳᠦᠷ ᠤᠨ ᠳᠣᠳᠣᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠳᠠᠢ ᠭᠡᠷᠡᠴᠢ ᠪᠠᠨ ᠬᠠᠩᠭᠠᠵᠤ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ ᠴᠢᠯᠥᠭᠡᠲᠡᠶ᠂ ᠡᠮᠬᠢ ᠵᠢᠷᠤᠮ ᠲᠠᠢ ᠪᠠᠷ ᠶᠠᠪᠣᠵᠣ ᠰᠠᠭᠤᠵᠣ ᠪᠣᠯᠤᠨ᠎ᠠ᠃ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠳᠠᠢ ᠬᠡᠷᠡᠴᠢ ᠬᠠᠩᠭᠠᠵᠣ ᠳᠡᠶᠢᠯᠬᠦ ᠦᠭᠡᠢ ᠬᠥᠮᠦᠰ ᠨᠢ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠲᠤ ᠬᠠᠮᠵᠢᠯᠴᠠᠨ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠣ᠂ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷᠳᠠᠢ ᠪᠠᠶᠢᠪᠠᠯ ᠲᠤᠰᠠᠭᠠᠷᠯᠠᠬᠤ ᠪᠠᠨ ᠵᠣᠭᠰᠣᠵᠣ᠂ ᠪᠡᠶ᠎ᠡ ᠶᠢᠨ ᠳᠤᠯᠠᠭᠠᠨ ᠨᠢ ᠬᠡᠪ ᠤᠨ ᠪᠦᠭᠡᠳ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ ᠴᠢᠯᠥᠭᠡᠲᠡᠶ᠂ ᠡᠮᠬᠢ ᠵᠢᠷᠤᠮ ᠲᠠᠢ ᠶᠠᠪᠣᠵᠣ ᠰᠠᠭᠤᠵᠣ᠂ ᠦᠪᠡᠷᠳᠡᠭᠡᠨ 14 ᠡᠳᠦᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠠᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠦ᠋ᠢᠬᠠᠨ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠭᠠᠴᠠᠭ᠎ᠠ ︵ᠨᠡᠶᠢᠭᠡᠮ ᠲᠣᠭᠤᠷᠢᠭ︶ ᠪᠤᠶᠤ ᠪᠠᠭᠤᠳᠠᠯ ᠳᠤ ᠪᠠᠨ ᠮᠡᠳᠡᠭᠦᠯᠵᠦ᠂ ᠠᠮᠠᠪᠴᠢ ᠵᠡᠭᠦᠵᠦ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠬᠦᠷᠴᠦ ᠡᠮᠨᠡᠬᠦᠯᠵᠣ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      ᠭᠤᠷᠪᠠ᠂ 3 ᠰᠠᠷ᠎ᠠ ᠶᠢᠨ 14 ᠤ ᠡᠳᠦᠷ ᠠᠴᠠ ᠨᠠᠰᠢ ᠶᠦᠨᠨᠠᠨ ᠤ ᠷᠦᠢ ᠯᠢ ᠣᠷᠣᠨ ᠠᠴᠠ ᠢᠷᠡᠭᠰᠡᠨ ︵ᠪᠤᠴᠠᠭᠰᠠᠨ︶ ᠬᠥᠮᠦᠰ ᠲᠠᠢ ᠠᠭᠤᠯᠵᠠᠵᠤ ᠥᠩᠭᠡᠷᠡᠭᠰᠡᠨ ᠬᠤᠰᠢᠭᠤᠨ ᠳᠤ ᠪᠠᠶᠢᠭ᠎ᠠ ᠬᠥᠮᠦᠰ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ᠂ ᠠᠮᠲᠠᠯᠠᠬᠤ ᠰᠠᠷᠡᠯ ᠮᠠᠭᠤᠲᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠲᠡᠷᠡ ᠳᠠᠷᠤᠶ ᠳᠤᠨᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠭᠠᠴᠠᠭ᠎ᠠ ︵ᠨᠡᠶᠢᠭᠡᠮ ᠲᠣᠭᠤᠷᠢᠭ︶ ᠪᠤᠶᠤ ᠪᠠᠭᠤᠳᠠᠯ ᠳᠤ ᠪᠠᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ᠂ ᠠᠮᠠᠪᠴᠢ ᠵᠡᠭᠦᠵᠦ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠬᠦᠷᠴᠦ  ᠡᠮᠨᠡᠭᠦᠯᠵᠦ᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      ᠳᠥᠷᠪᠡ᠂ ᠥᠷᠭᠡᠨ ᠣᠯᠠᠨ ᠲᠦᠮᠡᠨ ᠪᠠ ᠬᠤᠰᠢᠭᠤᠨ ᠳᠤ ᠢᠷᠡᠭᠰᠡᠨ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠵᠤ᠂ 3 ᠰᠠᠷ᠎ᠠ ᠶᠢᠨ 14 ᠤ ᠡᠳᠦᠷ ᠠᠴᠠ ᠨᠠᠰᠢ ᠶᠦᠨᠨᠠᠨ ᠤ ᠷᠦᠢ ᠯᠢ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠢ ᠮᠡᠳᠡᠪᠡᠯ ᠂ ᠳᠠᠷᠦ᠋ᠢᠬᠠᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ᠂ ᠭᠠᠴᠠᠭ᠎ᠠ ︵ᠨᠡᠶᠢᠭᠡᠮ ᠲᠣᠭᠤᠷᠢᠭ︶ ᠳᠤ ᠮᠡᠳᠡᠭᠦᠯᠬᠦ ᠬᠡᠷᠡᠭᠲᠡᠶ᠃ ᠶᠦᠨᠨᠠᠨ ᠤ ᠷᠦᠢ ᠯᠢ ᠣᠷᠣᠨ ᠠᠴᠠ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠡᠷᠬᠡᠪᠰᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠡ ᠶᠢᠨ ᠭᠡᠷᠡᠴᠢ ᠨᠢ ᠦᠨᠡᠨ ᠪᠣᠳᠠᠲᠠᠶ ᠪᠠᠶᠢᠬᠤ ᠶᠢ ᠪᠠᠲᠣᠯᠠᠵᠤ᠂ ᠮᠡᠳᠡᠭᠦᠯᠬᠦ ᠥᠬᠡᠶ ᠪᠤᠶᠤ ᠬᠤᠳᠠᠯ ᠢᠶᠠᠷ ᠮᠡᠳᠡᠭᠦᠯᠦᠭᠰᠡᠨ ᠬᠥᠮᠦᠰ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃      ᠲᠠᠪᠤ᠂ ᠬᠤᠰᠢᠭᠤ ᠵᠢᠯᠣᠭᠤᠳᠬᠤ ᠬᠡᠯᠲᠡᠰ ᠠᠴᠠ ᠪᠥᠬᠦ ᠬᠤᠰᠢᠭᠤᠨ ᠤ ᠠᠷᠠᠳ ᠣᠯᠠᠨ ᠳᠤ ᠰᠠᠨᠠᠭᠤᠯᠬᠤ ᠨᠢ᠂ ᠵᠠᠮ ᠬᠠᠷᠢᠯᠴᠠᠭᠠᠨ ᠤ ᠳᠥᠭᠦᠮ ᠳᠥᠲᠡ ᠠᠴᠠ ᠪᠣᠯᠵᠤ᠂ ᠬᠢᠵᠢᠭ ᠤᠨ ᠪᠠᠶᠢᠳᠠᠯ  ᠭᠠᠳᠠᠨ᠎ᠠ ᠠᠴᠠ ᠬᠠᠯᠳᠠᠪᠦᠷᠢᠯᠠᠬᠤ ᠠᠶᠤᠯ ᠲᠦᠭᠰᠢᠭᠦᠷᠢ ᠮᠥᠨ ᠬᠦ ᠣᠷᠣᠰᠢᠭᠰᠠᠭᠠᠷ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠭᠰᠡᠨ ᠦᠷ᠎ᠡ ᠪᠦᠲᠦᠭᠡᠯ ᠨᠢ ᠬᠢᠯᠪᠠᠷ ᠪᠤᠰᠤ ᠶᠤᠮ᠂ ᠬᠤᠪᠢ ᠬᠥᠮᠦᠨ ᠤ ᠰᠡᠷᠭᠡᠶᠢᠯᠡᠯᠲᠡ ᠶᠢ ᠦᠨᠡᠨᠬᠦ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠦᠷᠬᠦ ᠳᠡᠭᠡᠨ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ᠂ ᠬᠥᠮᠦᠨ ᠣᠯᠠᠨ ᠴᠤᠭᠯᠠᠷᠠᠬᠤ ᠠᠴᠠ ᠵᠠᠶᠢᠯᠠᠰᠭᠢᠨ ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠂ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠠᠯᠢ ᠪᠣᠯᠬᠤ ᠪᠠᠷ ᠶᠦᠨᠨᠠᠨ ᠤ ᠷᠦᠢ ᠯᠢ ᠣᠷᠣᠨ ᠳᠤ ᠣᠴᠢᠬᠤ ᠦᠭᠡᠢ ᠪᠠᠶᠢᠬᠤ ᠶᠢ ᠠᠩᠬᠠᠷᠣᠭᠠᠷᠠᠢ᠃      ᠵᠢᠷᠭᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠴᠢᠬᠤᠯᠠ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠲᠠᠷᠢᠬᠤ ᠨᠢ ᠲᠠᠷᠢᠯᠭ᠎ᠠ ᠲᠠᠷᠢᠭᠰᠠᠨ ᠬᠥᠮᠦᠨ ᠢ ᠬᠠᠮᠠᠭᠠᠯᠠᠵᠤ ᠴᠢᠳᠠᠬᠤ ᠪᠠᠷ ᠪᠠᠷᠠᠬᠤ ᠥᠬᠡᠶ᠂ ᠬᠡᠷ ᠤᠨ ᠬᠥᠮᠦᠰ ᠪᠠ ᠨᠡᠶᠢᠭᠡᠮ ᠨᠠᠶᠢᠲᠡ ᠶᠢᠨ  ᠬᠢᠨ ᠢ ᠬᠠᠮᠠᠭᠠᠯᠠᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠂ ᠦᠪᠡᠷ ᠤᠨ ᠨᠢᠭᠡᠴᠡ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠸᠠᠺᠼᠢᠨ ᠤ ᠲᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠨᠢᠭᠲᠠ ᠠᠩᠬᠠᠷᠴᠤ᠂ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠲᠠᠷᠢᠵᠤ᠂ ᠬᠥᠮᠦᠰ ᠤᠨ ᠦᠯᠦ ᠬᠠᠯᠳᠠᠭᠠᠬᠤ ᠬᠠᠯᠬᠠᠪᠴᠢ ᠶᠢ ᠬᠦᠴᠦᠯᠡᠨ ᠪᠠᠶᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠬᠠᠮᠲᠣᠷᠠᠯ ᠬᠦᠴᠦᠨ ᠢ ᠪᠦᠷᠢᠯᠳᠣᠭᠦᠯᠦᠶ᠎ᠡ᠃      ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ᠄ 0479 — 3225010      ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0479 — 3220799      ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ᠄ 0479 — 6709612          ᠵᠡᠭᠦᠨ ᠦᠵᠦᠮᠦᠴᠢᠨ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ                    2021 ᠣᠨ ᠤ 4 ᠰᠠᠷ᠎ᠠ ᠶᠢᠨ 2 ᠤᠨ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号