ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠯᠣᠭᠤᠳᠬᠤ ᠳᠤᠭᠤᠶᠢᠯᠠᠩ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/5/12
    ᠡᠨᠡ ᠵᠢᠯ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ ᠬᠢᠨ ︽ᠭᠠᠳᠠᠨ᠎ᠠ ᠠᠴᠠ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠳᠬᠠᠨ᠂ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠶᠢ ᠴᠢᠩᠭᠠᠷᠠᠭᠤᠯᠤᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠠᠵᠢᠯᠯᠠᠭᠠᠨ ᠢ ᠦᠷᠭᠦᠯᠵᠢᠯᠡᠨ ᠠᠬᠢᠭᠤᠯᠪᠠ᠃    ᠣᠶᠢᠷ᠎ᠠ ᠳᠤ᠂ ᠪᠣᠭᠤᠮᠲᠠ ᠶᠢᠨ ᠪᠢᠳᠡᠭᠦᠮᠵᠢᠯᠡᠨ ᠲᠡᠷᠭᠡ ᠰᠣᠯᠢᠬᠤ ᠲᠤᠰᠠᠭᠠᠷᠯᠠᠬᠤ ᠣᠷᠣᠨ ᠪᠦᠰᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠬᠢᠨ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠵᠠᠮ ᠵᠢᠴᠢ ᠵᠢᠯᠣᠭᠤᠴᠢ ᠶᠢ ᠲᠤᠰᠠᠭᠠᠷᠯᠠᠵᠤ ᠲᠡᠷᠭᠡ ᠰᠣᠯᠢᠬᠤ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠭᠰᠡᠨ ᠪᠥᠭᠡᠳ 5 ᠰᠠᠷ᠎ᠠ ᠶᠢᠨ 7 ᠤ ᠡᠳᠦᠷ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠤᠷᠢᠵᠤ᠂ ᠮᠠᠨ ᠤ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠪᠢᠳᠡᠭᠦᠮᠵᠢᠯᠡᠭᠰᠡᠨ ᠠᠵᠢᠯᠯᠠᠭᠠᠨ ᠤ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠩ ᠬᠦᠶ ᠵᠢᠶᠦ᠋ᠨ ᠵᠢᠴᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠪᠣᠭᠤᠮᠲᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ ᠪᠢᠳᠡᠭᠦᠮᠵᠢᠯᠡᠭᠰᠡᠨ ᠠᠵᠢᠯᠯᠠᠭᠠᠨ ᠤ ᠪᠠᠶᠢᠷᠢᠯᠠᠭᠤᠯᠤᠯᠲᠠ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃  ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠶ ᠰᠢᠶᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠬᠢᠨ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤᠪᠠᠷ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠶᠢ ᠦᠨᠡᠯᠡᠬᠦ ᠠᠷᠭ᠎ᠠ ᠬᠡᠮᠵᠢᠶ᠎ᠡ ᠪᠠ ᠬᠤᠶᠠᠷ ᠲᠠᠯ᠎ᠠ ᠪᠠᠷ ᠢᠶᠠᠨ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠵᠤ᠂ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ︾ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠬᠡᠷᠡᠮ ᠢ ᠦᠷᠭᠦᠯᠵᠢᠯᠡᠨ ᠪᠥᠬᠦ ᠲᠠᠯ᠎ᠠ ᠪᠠᠷ ᠪᠠᠬᠢᠵᠢᠭᠦᠯᠵᠦ᠂ ᠤᠯᠤᠰ ᠤᠨ ᠡᠭᠦᠳᠡ ᠪᠠᠨ ᠡᠷᠡᠰ ᠪᠠᠲᠤ ᠰᠠᠬᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号