ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠭᠠᠳᠠᠭᠠᠳᠤ ᠳᠤ ᠬᠤᠯᠪᠣᠭᠳᠠᠬᠤ ᠵᠢᠴᠢ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠳᠤᠭᠤᠶᠢᠯᠠᠩ ᠤᠨ ᠬᠢᠨ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ ᠤᠨ ᠪᠣᠭᠤᠮᠲᠠ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/20
      5 ᠰᠠᠷ᠎ᠠ ᠶᠢᠨ 17᠎ ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠭᠠᠳᠠᠭᠠᠳᠤ ᠳᠤ ᠬᠤᠯᠪᠣᠭᠳᠠᠬᠤ ᠵᠢᠴᠢ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠳᠤᠭᠤᠶᠢᠯᠠᠩ ᠤᠨ ᠬᠢᠨ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ ᠤᠨ ᠪᠣᠭᠤᠮᠲᠠ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠡᠩ ᠶᠢᠨ ᠬᠤ᠋ ᠬᠤᠷᠠᠯ ᠳᠤ ᠣᠷᠣᠯᠴᠠᠵᠠᠶ᠃      ᠬᠤᠷᠠᠯ ᠠᠴᠠ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠢᠢᠷ᠎ᠠ ᠶᠢᠨ ᠬᠤᠭᠤᠴᠠᠭᠠᠨ ᠤ ᠮᠣᠩᠭᠤᠯ ᠤᠯᠤᠰ ᠤᠨ ᠬᠢᠵᠢᠭ ᠤᠨ ᠪᠠᠶᠢᠳᠠᠯ ᠤᠨ ᠲᠤᠬᠠᠢ ᠵᠠᠷᠯᠠᠪᠠ᠃ ᠡᠭᠦᠨ ᠤ ᠳᠠᠷᠠᠭ᠎ᠠ᠂ ᠭᠠᠳᠠᠭᠠᠳᠤ ᠳᠤ ᠬᠤᠯᠪᠣᠭᠳᠠᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠲᠤᠰ ᠲᠤᠰ ᠬᠠᠷᠢᠭᠤ ᠮᠡᠳᠡᠭᠦᠯᠦᠯᠲᠡ ᠬᠢᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ᠂ ᠤᠯᠤᠰ ᠤᠨ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠮᠣᠩᠭᠤᠯ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠣᠷᠣᠵᠤ ᠢᠷᠡᠬᠦ ᠠᠶᠤᠯ ᠲᠦᠭᠰᠢᠭᠦᠷᠢ ᠶᠢ ᠮᠥᠨ ᠬᠦ ᠪᠠᠰᠤᠵᠤ ᠪᠣᠯᠬᠤ ᠦᠭᠡᠶ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠎ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠡᠵᠡᠮᠳᠡᠬᠦ ᠵᠠᠷᠴᠢᠮ ᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠲᠤᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠣᠷᠣᠭᠤᠯᠬᠤ ᠶᠢ ᠡᠷᠡᠰ ᠰᠡᠷᠭᠡᠶᠢᠯᠡᠨ᠂ ᠠᠷᠠᠳ ᠣᠯᠠᠨ ᠤ ᠠᠮᠤᠷ ᠲᠦᠪᠰᠢᠨ ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃      ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号