ᠭᠠᠳᠠᠭᠠᠳᠤ ᠳᠤ ᠰᠤᠷᠤᠯᠴᠠᠭᠰᠠᠳ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠴᠣᠭᠴᠠᠯᠠᠪᠠᠯ ᠬᠠᠮᠤᠭ ᠤᠨ ᠥᠨᠳᠥᠷ ᠲᠤ ᠪᠠᠨ 10 ᠲᠦᠮᠡᠨ ᠲᠥᠭᠦᠷᠢᠭ ᠤᠨ ᠲᠤᠰᠠᠯᠠᠮᠵᠢ ᠬᠦᠷᠲᠡᠨ᠎ᠡ
ᠨᠡᠶᠢᠲᠡᠯᠡᠭᠰᠡᠨ ᠴᠠᠭ᠄
2021/6/18
      ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠭᠠᠳᠠᠭᠠᠳᠤ ᠳᠤ ᠰᠤᠷᠤᠯᠴᠠᠭᠰᠠᠳ ᠤᠨ ᠨᠤᠲᠤᠭ ᠣᠷᠣᠨ ᠳᠤ ᠪᠠᠨ ᠪᠤᠴᠠᠵᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢᠨ ᠲᠤᠰᠠᠳᠠ᠂ 2021 ᠣᠨ ᠳᠤ ᠥᠪᠡᠷᠲᠡᠭᠡᠨ ᠵᠠᠰᠠᠬᠤ ᠣᠷᠣᠨ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡ ᠶᠢ ᠦᠷᠭᠦᠯᠵᠢᠯᠡᠨ ᠦᠷᠨᠢᠭᠦᠯᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ 2021 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡ ᠨᠢ ᠬᠢᠮᠡᠯ ᠤᠶᠤᠨ᠂ ᠲᠣᠮᠣ ᠳ᠋ᠠᠶᠢᠲ᠋ᠠ᠂ ᠰᠢᠨ᠎ᠡ ᠮᠠᠲ᠋ᠧᠷᠢᠶᠠᠯ᠂ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠠᠨᠠᠭᠠᠬᠤ ᠤᠬᠠᠭᠠᠨ᠂ ᠬᠤᠰᠢᠭᠤᠴᠢ ᠠᠮᠢᠳᠤ ᠪᠣᠳᠠᠰ᠂ ᠴᠡᠪᠡᠷ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠠᠭᠤᠷᠢ ᠰᠢᠨᠵᠢᠯᠡᠭᠡᠨ ᠤ ᠰᠤᠳᠤᠯᠭᠠᠨ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠲᠥᠷᠥᠯ ᠵᠦᠢᠯ ᠢ ᠭᠤᠤᠯᠳᠠᠯᠭ᠎ᠠ ᠲᠠᠢ ᠲᠤᠰᠠᠯᠠᠬᠤ ᠪᠠᠷ ᠪᠣᠶ᠃       ᠭᠤᠶᠤᠴᠢᠯᠠᠨ ᠮᠡᠳᠡᠭᠦᠯᠦᠭᠰᠡᠳ ᠨᠢ ᠳᠤᠮᠳᠠᠳᠤ ᠤᠯᠤᠰ ᠤᠨ ᠤᠯᠤᠰ ᠤᠨ ᠬᠠᠷᠢᠶ᠎ᠠ ᠲᠠᠢ ᠪᠥᠭᠡᠳ ᠨᠢᠭᠡᠨᠲᠡ ᠪᠦᠷᠢᠨ ᠲᠤᠰᠢᠶᠠᠯ ᠲᠠᠢ ᠠᠵᠢᠯ ᠤᠨ ᠪᠠᠶᠢᠷᠢ ᠳᠤ ᠭᠠᠷᠤᠭᠰᠠᠨ᠂ ᠭᠠᠳᠠᠭᠠᠳᠤ ᠳᠤ ᠠᠵᠢᠯ ᠦᠭᠡᠢ ᠪᠠᠶᠢᠬᠤ᠂ ᠨᠢᠭᠡ ᠵᠢᠯ ᠠᠴᠠ ᠳᠡᠭᠡᠭᠰᠢ ᠭᠠᠳᠠᠭᠠᠳᠤ ᠳᠤ ᠰᠤᠷᠤᠯᠴᠠᠭᠰᠠᠨ᠂ ᠤᠯᠤᠰ ︵ᠬᠢᠯᠢ︶᠎ ᠤᠨ ᠭᠠᠳᠠᠨᠠᠬᠢ ᠠᠰᠫᠢᠷᠠᠨᠲ ᠠᠴᠠ ᠳᠡᠭᠡᠭᠰᠢ ᠡᠷᠳᠡᠮ ᠤᠨ ᠴᠣᠯᠠ ᠣᠯᠤᠭᠰᠠᠨ ᠬᠥᠮᠦᠰ ᠢ ᠪᠠᠭᠲᠠᠭᠠᠨ᠎ᠠ︔ ᠠᠯᠪᠠᠨ ᠠᠴᠠ ᠲᠣᠮᠢᠯᠠᠵᠤ ᠭᠠᠳᠠᠭᠠᠳᠤ ᠳᠤ ᠰᠤᠷᠤᠯᠴᠠᠭᠤᠯᠤᠭᠰᠠᠳ ᠪᠠᠶᠢᠬᠤ︔ ᠥᠪᠡᠷᠲᠡᠭᠡᠨ ᠵᠠᠰᠠᠬᠤ ᠣᠷᠣᠨ ᠤ ︽511 ᠴᠢᠳᠠᠪᠤᠷᠢᠲᠠᠨ ᠤ ᠢᠨᠵᠧᠨᠧᠷᠢᠩ︾ ᠎ ᠤᠨ ᠬᠢᠯᠢ ᠶᠢᠨ ᠭᠠᠳᠠᠨ᠎ᠠ ᠬᠦᠮᠦᠵᠢᠭᠦᠯᠦᠭᠰᠡᠳ ᠪᠠᠶᠢᠬᠤ ᠬᠡᠷᠡᠭᠲᠡᠢ᠃ ᠰᠢᠨ᠎ᠡ ᠶᠢ ᠡᠭᠦᠳᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠭᠤᠶᠤᠴᠢᠯᠠᠨ ᠮᠡᠳᠡᠭᠦᠯᠦᠭᠴᠢ ᠨᠢ ᠰᠤᠳᠤᠯᠤᠨ ᠨᠡᠭᠡᠭᠡᠬᠦ ᠠᠵᠢᠯ ᠢ ᠪᠡᠶ᠎ᠡ ᠪᠠᠨ ᠳᠠᠭᠠᠭᠠᠨ ᠡᠷᠭᠢᠯᠡᠵᠦ᠂ ᠬᠦᠮᠦᠵᠢᠭᠦᠯᠦᠨ ᠬᠦᠭᠵᠢᠭᠦᠯᠬᠦ ᠢᠷᠡᠭᠡᠳᠦᠶ ᠲᠠᠢ ᠪᠠᠶᠢᠬᠤ ᠶᠢ ᠱᠠᠭᠠᠷᠳᠠᠨ᠎ᠠ︔ ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠪᠤᠶᠤ ᠲᠣᠰ ᠭᠠᠵᠠᠷ ᠣᠷᠣᠨ᠂ ᠲᠣᠰ ᠬᠦᠷᠢᠶ᠎ᠡ ᠴᠠᠷᠠᠭ᠎ᠠ ᠳᠤ ᠲᠦᠷᠦᠭᠦᠯᠡᠬᠦ ᠬᠢᠷᠢ ᠲᠦᠪᠰᠢᠨ ᠲᠠᠢ᠂ ᠬᠡᠷᠡᠭᠯᠡᠨ ᠨᠡᠭᠡᠭᠡᠬᠦ ᠠᠯᠤᠰ ᠤᠨ ᠲᠥᠯᠥᠪ ᠲᠠᠢ ᠪᠠᠶᠢᠵᠤ᠂ ᠰᠠᠶᠢᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠪᠣᠶ ᠪᠣᠯᠭᠠᠵᠤ ᠪᠣᠯᠬᠤ ᠶᠢ ᠱᠠᠭᠠᠷᠳᠠᠨ᠎ᠠ᠃ ᠦᠢᠯᠡᠰ ᠴᠣᠭᠴᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠭᠤᠶᠤᠴᠢᠯᠠᠨ ᠮᠡᠳᠡᠭᠦᠯᠦᠭᠴᠢ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠦᠯᠦᠭᠡᠯᠡᠬᠦ ᠬᠦᠮᠦᠨ ᠪᠠᠶᠢᠬᠤ ᠬᠡᠷᠡᠭᠲᠡᠶ᠂ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠴᠠᠭ ᠬᠤᠭᠤᠴᠠᠭ᠎ᠠ ᠨᠢ 5 ᠵᠢᠯ ᠠᠴᠠ ᠬᠡᠲᠦᠷᠡᠵᠦ ᠪᠣᠯᠬᠤ ᠥᠬᠡᠶ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠯᠠ ᠮᠥᠩᠭᠦ ᠶᠢᠨ ᠪᠡᠯᠡᠨ ᠵᠣᠭᠤᠰ ᠤᠨ ᠡᠳ᠋ ᠬᠥᠷᠥᠩᠭᠡ ᠨᠢ 30 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠣᠤᠷ᠎ᠠ ᠪᠠᠶᠢᠵᠤ ᠪᠣᠯᠬᠤ ᠥᠬᠡᠶ᠂ ᠭᠤᠶᠤᠴᠢᠯᠠᠨ ᠮᠡᠳᠡᠭᠦᠯᠦᠭᠴᠢ ᠶᠢᠨ ᠪᠠᠯᠠ ᠭᠠᠷᠭᠠᠭᠰᠠᠨ ᠲᠤᠭ᠎ᠠ ᠨᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠷᠥᠩᠭᠡ ᠶᠢᠨ 30%᠎ ᠠᠴᠠ ᠳᠡᠭᠡᠭᠰᠢᠬᠢ ᠶᠢ ᠡᠵᠡᠯᠡᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠤᠶᠤ ᠡᠭᠦᠳᠦᠯᠲᠡ ᠶᠢᠨ ᠲᠤᠰᠬᠠᠶ ᠠᠰᠢᠭ ᠲᠠᠢ ᠪᠠᠶᠢᠵᠤ᠂ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ ᠪᠠᠶᠢᠬᠤ ᠬᠡᠷᠡᠭᠲᠡᠶ᠃       ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡ ᠶᠢ ᠰᠢᠨ᠎ᠡ ᠶᠢ ᠡᠭᠦᠳᠬᠦ ᠲᠦᠷᠦᠯ ᠵᠦᠢᠯ ᠪᠠ ᠦᠢᠯᠡᠰ ᠴᠣᠭᠴᠠᠯᠠᠬᠤ ᠲᠦᠷᠦᠯ ᠵᠦᠢᠯ ᠭᠡᠵᠦ ᠬᠤᠶᠠᠷ ᠲᠥᠷᠥᠯ ᠳᠤ ᠬᠤᠪᠢᠶᠠᠨ᠎ᠠ᠂ ᠡᠭᠦᠨ ᠳᠤ ᠰᠢᠨ᠎ᠡ ᠶᠢ ᠡᠭᠦᠳᠬᠦ ᠲᠦᠷᠦᠯ ᠵᠦᠢᠯ ᠢ ᠡᠬᠢᠯᠡᠭᠦᠯᠬᠦ ᠲᠦᠷᠦᠯ ᠪᠠ ᠪᠠᠭ᠎ᠠ ᠲᠣᠭᠠᠨ ᠤ ᠲᠦᠷᠦᠯ ᠤᠨ ᠲᠦᠷᠦᠯ ᠵᠦᠢᠯ ᠭᠡᠵᠦ ᠬᠤᠪᠢᠶᠠᠨ᠎ᠠ᠃ ᠲᠤᠰᠠᠯᠠᠮᠵᠢ ᠶᠢᠨ ᠲᠤᠭ᠎ᠠ ᠶᠢᠨ ᠲᠠᠯ᠎ᠠ ᠪᠠᠷ᠂ ᠰᠢᠨ᠎ᠡ ᠶᠢ ᠡᠭᠦᠳᠬᠦ ᠶᠢ ᠡᠬᠢᠯᠡᠭᠦᠯᠬᠦ ᠲᠥᠷᠥᠯ ᠤᠨ ᠲᠥᠷᠥᠯ ᠵᠦᠢᠯ ᠤᠨ ᠲᠤᠰᠠᠯᠠᠮᠵᠢ ᠶᠢᠨ ᠲᠤᠭ᠎ᠠ ᠨᠢ 2 ᠲᠦᠮᠡ ᠠᠴᠠ 5 ᠲᠦᠮᠡᠨ ᠲᠥᠭᠦᠷᠢᠭ ᠠᠷᠠᠳ ᠤᠨ ᠵᠣᠭᠤᠰ ᠪᠠᠶᠢᠵᠤ᠂ ᠰᠢᠨ᠎ᠡ ᠶᠢ ᠡᠭᠦᠳᠬᠦ ᠪᠠᠭ᠎ᠠ ᠲᠣᠭᠠᠨ ᠤ ᠲᠥᠷᠥᠯ ᠤᠨ ᠲᠦᠷᠦᠯ ᠵᠦᠢᠯ ᠤᠨ ᠲᠤᠰᠠᠯᠠᠮᠵᠢ ᠶᠢᠨ ᠲᠤᠭ᠎ᠠ ᠨᠢ ᠡᠩ ᠤᠨ ᠪᠠᠶᠢᠳᠠᠯ ᠳᠣᠤᠷ᠎ᠠ 2 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠬᠦ ᠥᠬᠡᠶ ᠪᠠᠶᠢᠵᠤ᠂ ᠦᠢᠯᠡᠰ ᠴᠣᠭᠴᠠᠯᠠᠬᠤ ᠲᠥᠷᠥᠯ ᠵᠦᠢᠯ ᠤᠨ ᠲᠤᠰᠠᠯᠠᠮᠵᠢ ᠶᠢᠨ ᠲᠤᠭ᠎ᠠ ᠨᠢ 5 ᠲᠦᠮᠡ ᠠᠴᠠ 10 ᠲᠦᠮᠡᠨ ᠲᠥᠭᠦᠷᠢᠭ ᠠᠷᠠᠳ ᠤᠨ ᠵᠣᠭᠤᠰ ᠪᠣᠯᠤᠨ᠎ᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号