ᠲᠦᠷᠭᠡᠨ ᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠠᠷᠭ᠎ᠠ ᠳᠤ ᠶᠡᠭᠡ ᠬᠤᠪᠢᠷᠠᠯᠲᠠ ᠭᠠᠷᠬᠤ ᠪᠠᠷ ᠪᠤᠢ︕
ᠨᠡᠶᠢᠲᠡᠯᠡᠭᠰᠡᠨ ᠴᠠᠭ᠄
2021/6/18
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠧᠤ ᠶᠦ᠋ᠧᠠᠨ︶ ᠰᠤᠷᠪᠤᠯᠵᠢᠯᠠᠭᠴᠢ 15 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠲᠦᠷᠭᠡᠨ ᠤ ᠵᠠᠰᠠᠮᠠᠯ ᠵᠠᠮ ᠤᠨ ᠨᠡᠪᠲᠡᠷᠡᠯᠳᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠦᠷᠭᠡᠨ ᠤ ᠵᠠᠰᠠᠮᠠᠯ ᠵᠠᠮ ᠢᠶᠠᠷ ᠶᠠᠪᠤᠵᠤ ᠰᠠᠭᠤᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠂ ᠪᠠᠷᠠᠭᠠᠨ ᠤ ᠬᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠡᠯ᠎ᠡ ᠭᠠᠵᠠᠷ ᠤᠨ ᠬᠢᠨ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠬᠦ ᠪᠠᠷ ᠪᠠᠶᠢᠨ᠎ᠠ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠣᠶᠢᠷ᠎ᠠ ᠳᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠲᠦᠷᠭᠡᠨ ᠤ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠲᠣᠰ ᠭᠠᠵᠠᠷ ᠤᠨ ᠢᠶᠠᠨ ᠵᠠᠰᠠᠮᠠᠯ ᠵᠠᠮ ᠤᠨ ᠲᠤᠤᠷ ᠤᠨ ᠪᠦᠲᠦᠴᠡ ᠵᠢᠴᠢ ᠠᠶᠠᠯᠠᠯ ᠤᠨ ᠣᠨᠴᠠᠯᠢᠭ ᠵᠡᠷᠭᠡ ᠬᠦᠴᠦᠨ ᠵᠦᠢᠯ ᠢ ᠬᠦᠢᠴᠡᠳ ᠪᠣᠳᠣᠯᠬᠢᠯᠠᠵᠤ᠂ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠲᠣᠬᠢᠷᠠᠮᠵᠢᠲᠠᠶ ᠠᠷᠭ᠎ᠠ ᠬᠡᠯᠪᠡᠷᠢ ᠶᠢ ᠰᠣᠩᠭᠤᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠲᠣᠭᠲᠠᠭᠠᠵᠤ᠂ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠬᠦ ᠬᠡᠵᠦ ᠪᠤᠢ᠃      ᠲᠥᠰᠦᠯ ᠳᠤ᠂ ᠵᠠᠮ ᠬᠤᠪᠢᠶᠠᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠵᠠᠭᠪᠤᠷ ᠢ ᠤᠯᠠᠮ ᠴᠢᠨᠠᠬᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠮᠢᠳᠤᠯᠢᠭ ᠪᠥᠭᠡᠳ ᠣᠯᠠᠨ ᠶᠠᠩᠵᠤ ᠶᠢᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠬᠡᠷᠡᠭᠵᠢᠭᠦᠯᠦᠨ᠎ᠡ︔ ᠲᠡᠷᠭᠡᠨ ᠤ ᠬᠡᠯᠪᠡᠷᠢ ︵ᠲᠥᠷᠥᠯ︶ ᠬᠤᠪᠢᠶᠠᠭᠰᠠᠨ ᠵᠦᠷᠢᠶᠡᠴᠢᠯᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢ ᠪᠤᠰᠤ ᠬᠡᠯᠪᠡᠷᠢ ︵ᠲᠥᠷᠥᠯ︶ ᠶᠢᠨ ᠡᠩ ᠤᠨ ᠪᠠᠷᠠᠭ᠎ᠠ ᠶᠢᠨ ᠲᠡᠷᠭᠡ ᠪᠤᠶᠤ ᠣᠯᠠᠨ ᠤᠯᠤᠰ ᠤᠨ ᠪᠠᠷᠢᠮᠵᠢᠶᠠᠲᠤ ᠴᠢᠩᠭᠡᠯᠢᠭ ᠤᠨ ᠲᠡᠭᠡᠭᠡᠪᠦᠷᠢ ᠶᠢᠨ ᠲᠡᠷᠭᠡ ᠬᠥᠰᠬᠡ᠂ ᠠᠶᠤᠯ ᠲᠠᠢ ᠪᠠᠷᠠᠭ᠎ᠠ ᠶᠢᠨ ᠲᠡᠭᠡᠭᠡᠪᠦᠷᠢ ᠶᠢᠨ ᠰᠠᠪᠠᠯᠠᠬᠤ ᠮᠠᠶ᠋ᠢᠭ ᠤᠨ ᠲᠡᠷᠭᠡ ᠬᠥᠰᠬᠡ ᠵᠡᠷᠭᠡ ᠲᠤᠰᠬᠠᠶ ᠲᠡᠭᠡᠭᠡᠪᠦᠷᠢ ᠶᠢᠨ ᠲᠡᠷᠭᠡ ᠬᠥᠰᠬᠡ ᠳᠤ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠬᠡᠷᠡᠭᠵᠢᠭᠦᠯᠵᠦ᠂ ᠲᠤᠰᠬᠠᠶ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠵᠠᠮ ᠬᠠᠷᠢᠯᠴᠠᠭᠠᠨ ᠤ ᠲᠡᠷᠭᠡᠨ ᠴᠤᠪᠤᠭ᠎ᠠ ᠮᠡᠳᠡᠭᠳᠡᠮ᠎ᠡ ᠶᠡᠭᠡᠳᠡᠢ᠂ ᠨᠡᠯᠢᠶᠡᠳ ᠠᠷᠪᠢᠨ ᠡᠭᠦᠷᠭᠡ ᠬᠦᠢᠴᠡᠳᠭᠡᠬᠦ ᠴᠢᠳᠠᠮᠵᠢ ᠲᠠᠢ ᠲᠦᠷᠭᠡᠨ ᠤ ᠵᠠᠰᠠᠮᠠᠯ ᠵᠠᠮ ᠤᠨ ᠬᠡᠰᠡᠭ ᠲᠤ ᠴᠢᠭᠯᠡᠭᠦᠯᠦᠨ᠂ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠡᠷᠭᠡ ᠳᠤᠨᠢ ᠬᠡᠷᠡᠭᠵᠢᠭᠦᠯᠦᠨ᠎ᠡ︔ ᠬᠥᠷᠰᠢ ᠵᠡᠷᠭᠡᠯᠡᠳᠡᠭᠡ ᠭᠠᠷᠠᠮ ᠪᠠ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠲᠦᠷᠭᠡᠨ ᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ᠂ ᠵᠠᠮ ᠬᠠᠷᠢᠯᠴᠠᠭᠠᠨ ᠤ ᠬᠡᠮᠵᠢᠶ᠎ᠡ ᠶᠢᠨ ᠵᠥᠷᠢᠶ᠎ᠡ ᠪᠠᠷ ᠨᠡᠯᠢᠶᠡᠳ ᠶᠡᠭᠡ ᠬᠥᠷᠰᠢ ᠵᠡᠷᠭᠡᠯᠡᠳᠡᠭᠡ ᠵᠡᠷᠭᠡᠴᠡᠭᠡ ᠵᠠᠮ ᠤᠨ ᠬᠡᠰᠡᠭ᠂ ᠬᠤᠲᠠ ᠶᠢᠨ ᠡᠷᠭᠢᠨ ᠲᠣᠭᠤᠷᠢᠨ ᠤ ᠲᠦᠷᠭᠡᠨ ᠤ ᠵᠠᠰᠠᠮᠠᠯ ᠵᠠᠮ ᠤᠨ ᠲᠥᠷᠥᠯ ᠵᠦᠢᠯ ᠵᠡᠷᠭᠡ ᠣᠨᠴᠠ ᠲᠣᠭᠲᠠᠭᠰᠠᠨ ᠣᠷᠣᠨ ᠵᠠᠶ᠂ ᠣᠨᠴᠠ ᠲᠣᠭᠲᠠᠭᠰᠠᠨ ᠣᠷᠣᠵᠤ ᠭᠠᠷᠬᠤ ᠭᠠᠵᠠᠷ ᠲᠤ ᠴᠢᠭᠯᠡᠭᠦᠯᠦᠨ᠂ ᠣᠷᠣᠵᠤ ᠭᠠᠷᠬᠤ ᠭᠠᠵᠠᠷ ᠬᠤᠪᠢᠶᠠᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠠᠷᠭ᠎ᠠ ᠶᠢ ᠬᠡᠷᠡᠭᠵᠢᠭᠦᠯᠦᠨ᠎ᠡ︔ ᠡᠬᠢ ᠪᠠᠶᠠᠯᠢᠭ ᠤᠨ ᠮᠤᠵᠢ ᠶᠢᠨ ᠭᠠᠭᠴᠠ ᠬᠦ ᠪᠠᠷᠠᠭ᠎ᠠ ᠲᠡᠭᠡᠭᠡᠪᠦᠷᠢᠯᠡᠬᠦ ᠪᠠᠷ ᠢᠯᠡᠷᠭᠡᠢ ᠣᠨᠴᠠᠯᠢᠭ ᠪᠤᠯᠭᠠᠬᠰᠠᠨ ᠲᠦᠷᠭᠡᠨ ᠤ ᠵᠠᠰᠠᠮᠠᠯ ᠵᠠᠮ ᠳᠤ ᠴᠢᠭᠯᠡᠭᠦᠯᠦᠨ᠂ ᠤᠴᠢᠬᠤ ᠪᠠ ᠪᠤᠴᠠᠬᠤ ᠳᠤ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠬᠡᠷᠡᠭᠵᠢᠭᠦᠯᠵᠦ ᠪᠣᠯᠤᠨ᠎ᠠ︔ ETC ︵ᠲᠡᠷᠭᠡ ᠵᠣᠭᠰᠣᠬᠤ ᠥᠬᠡᠶ ᠪᠠᠷ ᠰᠦᠢᠳᠭᠡᠯ ᠬᠤᠷᠢᠶᠠᠬᠤ ᠡᠯᠧᠺᠲᠷᠤᠨ ᠰᠢᠰᠲ᠋ᠧᠮ︶ ᠡᠯᠧᠺᠲᠷᠤᠨ ᠰᠢᠰᠲ᠋ᠧᠮ ᠢᠶᠠᠷ ᠲᠣᠭᠠᠴᠠᠭ᠎ᠠ ᠬᠢᠬᠦ ᠬᠠᠷᠠᠭᠠᠯᠵᠠᠯ ᠤᠨ ᠵᠠᠭᠪᠤᠷ ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ETC ᠡᠯᠧᠺᠲᠷᠤᠨ ᠰᠢᠰᠲ᠋ᠧᠮ ᠢᠶᠠᠷ ᠲᠣᠭᠠᠴᠠᠭ᠎ᠠ ᠬᠢᠬᠦ ᠬᠠᠷᠠᠭᠠᠯᠵᠠᠯ ᠤᠨ ᠡᠷᠴᠢᠮ ᠢ ᠴᠢᠩᠭᠠᠷᠠᠭᠤᠯᠤᠨ᠎ᠠ ᠬᠡᠵᠦ ᠵᠢᠭᠠᠵᠤ ᠭᠠᠷᠭᠠᠪᠠ᠃      ᠲᠥᠰᠦᠯ ᠳᠤ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠳᠤ ᠡᠵᠡᠩᠨᠡᠯᠲᠡ ᠶᠢᠨ ᠴᠢᠨᠠᠷᠲᠠᠶ ᠰᠦᠢᠳᠭᠡᠯ ᠬᠤᠷᠢᠶᠠᠬᠤ ᠬᠡᠰᠡᠭ ᠲᠦᠷᠭᠡᠨ ᠤ ᠵᠠᠰᠠᠮᠠᠯ ᠵᠠᠮ ᠢ ᠰᠣᠩᠭᠤᠵᠤ ᠨᠡᠪᠲᠡᠷᠡᠯᠳᠡ ᠶᠢᠨ ᠰᠦᠢᠳᠭᠡᠯ ᠤᠨ ᠦᠨ᠎ᠡ ᠲᠣᠭᠲᠠᠭᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠶᠢ ᠵᠢᠯᠣᠭᠤᠳᠬᠤ ᠦᠨ᠎ᠡ ᠪᠣᠯᠭᠠᠨ ᠲᠣᠬᠢᠷᠠᠭᠤᠯᠵᠤ᠂ ᠣᠲᠣ ᠶᠢᠨ ᠬᠡᠷᠡᠭᠵᠢᠬᠦᠯᠵᠦ ᠪᠠᠶᠢᠭ᠎ᠠ ᠵᠠᠰᠠᠭ ᠤᠨ ᠣᠷᠳᠣᠨ ᠤ ᠲᠣᠭᠲᠠᠭᠠᠭᠰᠠᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠳᠡᠭᠡᠳᠦ ᠬᠢᠵᠠᠭᠠᠷ ᠪᠣᠯᠭᠠᠵᠤ᠂ ᠲᠦᠷᠭᠡᠨ ᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠳᠤ ᠵᠣᠬᠢᠬᠤ ᠬᠡᠮᠵᠢᠶᠡᠨ ᠤ ᠦᠨ᠎ᠡ ᠲᠣᠭᠲᠠᠭᠠᠬᠤ ᠡᠵᠡᠨ ᠮᠡᠳᠡᠬᠦ ᠡᠷᠬᠡ ᠣᠯᠭᠤᠨ᠎ᠠ ᠬᠡᠵᠦ ᠴᠢᠬᠤᠯᠠᠴᠢᠯᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号