ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠤ ᠪᠠᠶᠢᠭ᠎ᠠ | ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 6 ᠰᠠᠷ᠎ᠠ ᠶᠢᠨ 25 ᠤ ᠦᠳᠡ ᠶᠢᠨ | ᠬᠤᠶᠢᠨ᠎ᠠ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠬᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠬᠤ | ᠳᠤᠬᠠᠢ ᠭᠤᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠬᠤᠪᠢᠰᠬᠠᠯ ᠤᠨ ᠡᠬᠢ ᠪᠠᠶᠠᠯᠢᠭ ᠪᠣᠯ ᠮᠠᠨ ᠤ ᠨᠠᠮ ᠤᠨ | ᠰᠢᠷᠭᠠᠭᠤ ᠬᠠᠲᠠᠭᠤᠵᠢᠯᠲᠠᠶ ᠪᠥᠭᠡᠳ ᠬᠡᠷᠡᠯ ᠰᠠᠴᠤᠷᠠᠩᠭᠤᠶ ᠲᠡᠮᠡᠴᠡᠯ ᠤᠨ ᠥᠩᠭᠡᠷᠡᠯᠲᠡ ᠶᠢᠨ ᠭᠡᠷᠡᠴᠢ ᠮᠥᠨ᠂ ᠬᠠᠮᠤᠭ ᠤᠨ | ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠃ ᠬᠤᠪᠢᠰᠬᠠᠯ ᠤᠨ ᠠᠮᠢᠨ ᠰᠤᠳᠠᠰᠤ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠤᠤᠷ ᠴᠢᠨᠠᠷ ᠤᠨ ᠲᠥᠪᠯᠡᠷᠡᠩᠭᠦᠢ ᠢᠯᠡᠷᠡᠯ ᠮᠥᠨ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠬᠦᠴᠦᠨ ᠴᠢᠳᠠᠯ ᠤᠨ ᠡᠬᠢ ᠪᠤᠯᠠᠭ ᠮᠥᠨ᠃ | ᠥᠩᠭᠡᠷᠡᠭᠰᠡᠨ ᠤ ᠥᠩᠭᠡᠷᠡᠯᠲᠡ ᠪᠠᠨ ᠡᠷᠭᠢᠴᠡᠭᠦᠯᠵᠦ᠂ ᠤᠷᠤᠭᠰᠢᠯᠠᠯᠲᠠ ᠶᠢᠨ ᠵᠠᠮ ᠢᠶᠠᠨ ᠪᠠᠷᠠᠯᠠᠬᠤᠶ᠎ᠠ᠂ ᠪᠢᠳᠡ ᠡᠷᠬᠡᠪᠰᠢ | ᠬᠤᠪᠢᠰᠬᠠᠯ ᠤᠨ ᠠᠮᠢᠨ ᠰᠤᠳᠠᠰᠤ ᠶᠢ ᠦᠷᠬᠦᠯᠵᠢᠯᠡᠨ ᠵᠠᠯᠭᠠᠮᠵᠢᠯᠠᠵᠥ᠂ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ | ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠴᠢᠭᠯᠡᠯ ᠢᠶᠠᠨ ᠵᠢᠭᠠᠨ ᠵᠢᠯᠣᠭᠤᠳᠴᠤ᠂ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ | ᠴᠢᠳᠠᠯ ᠢᠶᠠᠨ ᠨᠢᠭᠲᠠᠷᠠᠭᠤᠯᠵᠤ᠂ ᠨᠠᠮ ᠤᠨ ᠲᠡᠦᠬᠡᠨ ᠲᠤᠷᠰᠢᠯᠭ᠎ᠠ ᠪᠠ ᠦᠢᠯᠡᠳᠦᠯᠭᠡ ᠶᠢᠨ ᠡᠬᠦᠳᠦᠯᠳᠡ ᠪᠠᠷ ᠤᠶᠤᠨ | ᠤᠬᠠᠭᠠᠨ ᠢᠶᠠᠨ ᠰᠡᠩᠬᠡᠷᠡᠭᠦᠯᠵᠦ᠂ ᠵᠠᠩ ᠴᠢᠨᠠᠷ ᠢᠶᠠᠨ ᠬᠠᠲᠠᠭᠤᠵᠢᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ | ᠵᠠᠮ ᠨᠡᠭᠡᠭᠡᠵᠦ᠂ ᠵᠠᠮ ᠨᠡᠭᠡᠭᠡᠨ ᠤᠷᠤᠭᠰᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤ ᠪᠠᠨ | ᠤᠷᠤᠰᠬᠠᠵᠤ ᠠᠮᠢ ᠪᠡᠶ᠎ᠡ ᠪᠠᠨ ᠦᠷᠡᠭᠳᠡᠭᠦᠯᠦᠨ ᠪᠠᠶᠢᠭᠤᠯᠤᠭᠰᠠᠨ ᠬᠤᠪᠢᠰᠬᠠᠯᠳᠤ ᠲᠦᠷᠦ ᠶᠢ ᠰᠠᠶᠢᠲᠤᠷ ᠰᠠᠬᠢᠨ ᠬᠠᠮᠠᠭᠠᠯᠠᠵᠤ᠂ | ᠰᠠᠶᠢᠲᠤᠷ ᠪᠦᠳᠦᠭᠡᠨ ᠪᠠᠶᠢᠭᠤᠯᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ | ᠦᠭᠡᠢ᠂ ᠲᠡᠦᠬᠡ ᠪᠤᠯᠤᠨ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠶᠢ ᠴᠢᠷᠮᠠᠶᠢᠨ ᠡᠭᠦᠳᠬᠦ | ᠬᠡᠷᠡᠭᠲᠡᠢ ᠬᠡᠵᠤ ᠴᠢᠬᠤᠯᠠᠴᠢᠯᠠᠪᠠ᠃ | | 6 ᠰᠠᠷ᠎ᠠ ᠶᠢᠨ 25 ᠤ ᠡᠳᠤᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠠᠰᠢᠬᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠬᠤ ᠳᠤᠬᠠᠢ ᠭᠤᠴᠢᠨ | ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠰ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠨᠢ | ᠲᠣᠭᠤᠷᠢᠨ ᠦᠵᠡᠬᠦ ᠪᠠ ᠶᠠᠷᠢᠯᠴᠠᠬᠤ ᠶᠢ ᠬᠠᠷᠢᠯᠴᠠᠨ ᠤᠶᠠᠯᠳᠤᠭᠤᠯᠤᠬᠰᠠᠨ ᠬᠡᠯᠪᠡᠷᠢ ᠪᠠᠷ ᠶᠠᠪᠤᠭᠳᠠᠪᠠ᠂ ᠡᠨᠡ ᠪᠤᠯ ᠰᠢ ᠶᠢᠨ | ᠫᠢᠩ᠂ ᠯᠢ ᠻᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠪᠡᠭᠡᠵᠢᠩ | ᠶᠡᠭᠡ ᠰᠤᠷᠭᠠᠭᠤᠯᠢ ᠶᠢᠨ ᠤᠯᠠᠭᠠᠨ ᠠᠰᠠᠷ ᠲᠤ ︽ᠭᠡᠷᠡᠯ ᠰᠠᠴᠤᠷᠠᠩᠭᠤᠢ ᠠᠤᠭ᠎ᠠ ᠦᠢᠯᠡᠰ ᠬᠤᠪᠢᠰᠬᠠᠯ ᠤᠨ ᠡᠬᠦᠰᠦᠯ — | ᠪᠡᠭᠡᠵᠢᠩ ᠶᠡᠭᠡ ᠰᠤᠷᠭᠠᠭᠤᠯᠢ ᠶᠢᠨ ᠤᠯᠠᠭᠠᠨ ᠠᠰᠠᠷ ᠬᠢᠬᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠨ ᠤ | ᠬᠤᠭᠤᠴᠠᠭᠠᠨ ᠤ ᠪᠡᠭᠡᠵᠢᠩ ᠤᠨ ᠬᠤᠪᠢᠰᠬᠠᠯ ᠤᠨ ᠠᠵᠢᠯᠯᠠᠭ᠎ᠠ ᠶᠢᠨ ᠭᠤᠣᠯ ᠰᠡᠳᠦᠪᠲᠦ ᠦᠵᠡᠰᠬᠦᠯᠡᠩ︾ ᠢ ᠲᠣᠭᠤᠷᠢᠨ | ᠦᠵᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | ᠲᠤᠰ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠪᠣᠯ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠲᠦᠷᠦᠭᠦᠯᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠲᠤᠬᠢᠷᠠᠭᠤᠯᠤᠯᠳᠠ | ᠪᠠᠶᠢᠵᠥ᠂ ᠲᠣᠭᠤᠷᠢᠨ ᠦᠵᠡᠬᠦ ᠪᠠ ᠶᠠᠷᠢᠯᠴᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ | 25 ᠤ ᠦᠳᠡ ᠶᠢᠨ ᠬᠤᠶᠢᠨ᠎ᠠ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠥᠬᠦᠳ ᠢ ᠳᠠᠭᠠᠭᠤᠯᠤᠨ ᠪᠡᠭᠡᠵᠢᠩ ᠶᠡᠭᠡ ᠰᠤᠷᠭᠠᠭᠤᠯᠢ ᠶᠢᠨ ᠤᠯᠠᠭᠠᠨ ᠠᠰᠠᠷ ᠲᠤ ᠬᠦᠷᠴᠦ᠂ ︽ᠭᠡᠷᠡᠯ | ᠰᠠᠴᠤᠷᠠᠩᠭᠤᠢ ᠠᠤᠭ᠎ᠠ ᠦᠢᠯᠡᠰ ᠬᠤᠪᠢᠰᠬᠠᠯ ᠤᠨ ᠡᠬᠦᠰᠦᠯ — ᠪᠡᠭᠡᠵᠢᠩ ᠶᠡᠭᠡ ᠰᠤᠷᠭᠠᠭᠤᠯᠢ ᠶᠢᠨ ᠤᠯᠠᠭᠠᠨ ᠠᠰᠠᠷ | ᠬᠢᠬᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠨ ᠤ ᠬᠤᠭᠤᠴᠠᠭᠠᠨ ᠤ ᠪᠡᠭᠡᠵᠢᠩ ᠤᠨ ᠬᠤᠪᠢᠰᠬᠠᠯ ᠤᠨ | ᠠᠵᠢᠯᠯᠠᠭ᠎ᠠ ᠶᠢᠨ ᠭᠤᠣᠯ ᠰᠡᠳᠦᠪᠲᠦ ᠦᠵᠡᠰᠬᠦᠯᠡᠩ︾ ᠢ ᠲᠣᠭᠤᠷᠢᠨ ᠦᠵᠡᠵᠦ᠂ ᠯᠢ ᠳ᠋ᠡ ᠵᠤᠤ᠂ ᠴᠧᠨ ᠳ᠋ᠦ᠋ ᠰᠢᠤ ᠨᠡᠷ ᠤᠨ | ᠬᠤᠪᠢᠰᠬᠠᠯ ᠤᠨ ᠠᠵᠢᠯᠯᠠᠭ᠎ᠠ ᠥᠷᠨᠢᠭᠦᠯᠦᠭᠰᠡᠨ᠂ ᠮᠠᠷᠺᠰ ᠤᠨ ᠦᠵᠡᠯ ᠢ ᠳᠤᠮᠳᠠᠳᠤ ᠤᠯᠤᠰ ᠲᠤ ᠠᠩᠬᠠᠨ ᠤ ᠦᠶ᠎ᠠ ᠳᠤ | ᠤᠯᠠᠮᠵᠢᠯᠠᠬᠤ ᠶᠢ ᠠᠬᠢᠭᠤᠯᠤᠬᠰᠠᠨ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠡᠯᠡᠳᠬᠡᠵᠤ ᠡᠬᠦᠰᠬᠡᠨ ᠪᠠᠶᠢᠭᠤᠯᠤᠬᠰᠠᠨ | ᠵᠡᠷᠭᠡ ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠪᠡ᠃ ᠦᠵᠡᠰᠬᠦᠯᠡᠩ ᠤᠨ ᠲᠢᠩᠬᠢᠮ ᠳᠤ᠂ ᠭᠡᠷᠡᠯ ᠵᠢᠷᠤᠭ ᠤᠳ᠂ | ᠲᠡᠦᠬᠡ ᠶᠢᠨ ᠳᠤᠷᠠᠰᠬᠠᠯᠲᠤ ᠵᠦᠢᠯᠡᠰ ᠤᠳ ᠨᠢ ᠲᠤᠬᠠᠢ ᠶᠢᠨ ᠴᠠᠬ ᠦᠶ᠎ᠡ ᠶᠢᠨ ᠭᠡᠷᠡᠯ ᠰᠠᠴᠤᠷᠠᠩᠭᠤᠢ ᠲᠡᠦᠬᠡ ᠶᠢ ᠪᠦᠬᠦ | ᠲᠠᠯ᠎ᠠ ᠪᠠᠷ ᠳᠡᠯᠭᠡᠨ ᠦᠵᠡᠭᠦᠯᠵᠡᠢ᠃ ᠰᠢ ᠶᠢᠨ ᠫᠢᠩ ᠨᠢᠬᠡᠳ ᠨᠢᠬᠡ ᠪᠠᠷ ᠦᠵᠡᠵᠤ᠂ ᠬᠠᠮᠢᠶ᠎ᠠ ᠪᠦᠬᠦᠢ ᠨᠠᠷᠢᠨ ᠵᠦᠢᠯᠡᠰ ᠢ | ᠠᠰᠠᠭᠤᠨ ᠯᠠᠪᠯᠠᠵᠤ ᠪᠠᠶᠢᠯ᠎ᠠ᠃ ᠲᠡᠷᠡ᠂ ᠪᠡᠭᠡᠵᠢᠩ ᠶᠡᠭᠡ ᠰᠤᠷᠭᠠᠭᠤᠯᠢ ᠪᠣᠯ ᠰᠢᠨ᠎ᠡ ᠰᠣᠶᠣᠯ ᠤᠨ ᠬᠥᠳᠡᠯᠭᠡᠭᠡᠨ ᠤ ᠲᠥᠪ ᠪᠠ | ᠲᠠᠪᠤᠨ ᠰᠠᠷ᠎ᠠ ᠶᠢᠨ ᠳᠦᠷᠪᠡᠨ ᠤ ᠬᠥᠳᠡᠯᠭᠡᠭᠡᠨ ᠤ ᠡᠬᠦᠰᠦᠭᠰᠡᠨ ᠭᠠᠵᠠᠷ ᠮᠥᠨ᠂ ᠬᠠᠮᠤᠭ ᠤᠨ ᠡᠷᠲᠡ ᠮᠠᠨ ᠤ ᠤᠯᠤᠰ ᠲᠤ | ᠮᠠᠷᠺᠰ ᠤᠨ ᠦᠵᠡᠯ ᠤᠨ ᠦᠵᠡᠯ ᠰᠠᠨᠠᠭ᠎ᠠ ᠶᠢ ᠤᠯᠠᠮᠵᠢᠯᠠᠬᠰᠠᠨ ᠶᠤᠮ᠂ ᠮᠥᠨ ᠴᠦ ᠮᠠᠨ ᠤ ᠨᠠᠮ ᠤᠨ ᠪᠡᠭᠡᠵᠢᠩ ᠳᠠᠬᠢ | ᠠᠩᠬᠠᠨ ᠤ ᠬᠤᠭᠤᠴᠠᠭᠠᠨ ᠤ ᠬᠤᠪᠢᠰᠬᠠᠯ ᠤᠨ ᠠᠵᠢᠯᠯᠠᠭ᠎ᠠ ᠶᠢᠨ ᠲᠡᠦᠬᠡ ᠶᠢ ᠭᠡᠷᠡᠴᠢᠯᠡᠭᠰᠡᠨ ᠭᠠᠵᠠᠷ ᠪᠠᠶᠢᠵᠥ᠂ ᠨᠠᠮ | ᠪᠠᠶᠢᠭᠤᠯᠬᠤ ᠶᠠᠪᠤᠴᠠ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠬᠤᠪᠢᠰᠬᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ | ᠠᠰᠢᠬᠯᠠᠯᠲᠠ ᠶᠢ ᠴᠢᠩᠭᠠᠳᠬᠠᠵᠤ᠂ ᠲᠡᠦᠬᠡ ᠶᠢᠨ ᠪᠣᠳᠠᠲᠤ ᠶᠠᠪᠤᠳᠠᠯ ᠢ ᠬᠦᠨᠳᠦᠳᠬᠡᠵᠦ᠂ ᠲᠡᠦᠬᠡ ᠶᠢ ᠣᠨᠣᠪᠴᠢᠲᠠᠢ ᠦᠨᠡᠯᠡᠵᠦ | ᠂ ᠲᠡᠦᠬᠡ ᠶᠢ ᠵᠦᠪ ᠰᠤᠷᠤᠯᠴᠠᠵᠤ ᠵᠦᠪ ᠬᠡᠷᠡᠭᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠹᠧᠩ ᠽᠧ ᠶᠤᠸᠠᠨ ᠳᠠᠬᠢ ᠮᠠᠤ ᠽᠧ ᠳ᠋ᠦᠩ ᠨᠥᠬᠦᠷ ᠤᠨ ᠬᠠᠭᠤᠴᠢᠨ ᠰᠠᠭᠤᠴᠠ ᠪᠣᠯ ᠮᠠᠤ ᠽᠧ ᠳ᠋ᠦᠩ ᠨᠥᠬᠦᠷ | 1949 ᠣᠨ ᠤ 9 ᠰᠠᠷ᠎ᠠ ᠶᠢᠨ 21 ᠤ ᠡᠳᠦᠷ ᠠᠴᠠ ᠡᠬᠢᠯᠡᠨ 17 ᠵᠢᠯ ᠠᠵᠢᠯᠯᠠᠵᠤ ᠠᠮᠢᠳᠤᠷᠠᠬᠰᠡᠨ ᠭᠠᠵᠠᠷ ᠪᠣᠯᠤᠨ᠎ᠠ᠃ | ᠮᠠᠤ ᠽᠧ ᠳ᠋ᠦᠩ ᠨᠥᠬᠦᠷ ᠠᠳᠡ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠪᠦᠳᠦᠭᠡᠨ ᠪᠠᠶᠢᠭᠤᠯᠬᠤ ᠠᠯᠢ ᠤᠯᠠᠨ | ᠴᠢᠬᠤᠯᠠ ᠶᠡᠭᠡ ᠠᠷᠭ᠎ᠠ ᠪᠤᠳᠤᠯᠭ᠎ᠠ ᠶᠢ ᠲᠥᠯᠥᠪᠵᠢᠬᠦᠯᠦᠭᠰᠡᠨ ᠶᠤᠮ᠃ ᠰᠢ ᠶᠢᠨ ᠫᠢᠩ ᠨᠠᠮ ᠤᠨ ᠲᠦᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠨᠥᠬᠦᠳ ᠢ ᠳᠠᠭᠠᠭᠤᠯᠤᠨ ᠠᠳᠡ ᠢᠷᠡᠵᠦ ᠲᠣᠭᠤᠷᠢᠨ ᠦᠵᠡᠵᠥ ᠪᠠᠷᠠᠳᠠᠵᠥ᠂ ᠢ | ᠨᠢᠶᠠᠨ ᠳᠠᠩ ᠶᠡᠭᠡ ᠲᠢᠩᠬᠢᠮ ᠤᠨ ᠲᠤᠬᠠᠶ ᠶᠢᠨ ᠲᠠᠯᠠᠪᠠᠢ ᠶᠢᠨ ᠳᠡᠯᠭᠡᠨ ᠦᠵᠡᠭᠦᠯᠭᠡ ᠶᠢ ᠪᠠᠶᠢᠴᠠᠭᠠᠨ ᠦᠵᠡᠪᠡ᠂ ᠮᠠᠤ ᠽᠧ | ᠳ᠋ᠦᠩ ᠨᠥᠬᠦᠷ ᠤᠨ ᠹᠧᠩ ᠽᠧ ᠶᠤᠸᠠᠨ ᠳᠤ ᠠᠵᠢᠯᠯᠠᠵᠤ ᠠᠮᠢᠳᠤᠷᠠᠵᠤ ᠪᠠᠶᠢᠬᠰᠠᠨ ᠵᠢᠷᠤᠭ ᠰᠡᠭᠦᠳᠡᠷ ᠤᠨ ᠣᠬᠤᠷ ᠹᠢᠯᠢᠮ ᠢ | ᠰᠤᠨᠢᠷᠬᠠᠵᠤ᠂ ᠮᠠᠤ ᠽᠧ ᠳ᠋ᠦᠩ ᠨᠥᠬᠦᠷ ᠤᠨ ᠠᠳᠡ ᠡᠷᠬᠢᠯᠡᠨ ᠬᠤᠷᠠᠯᠳᠤᠭᠤᠯᠤᠭᠰᠠᠨ ᠴᠢᠬᠤᠯᠠ ᠬᠤᠷᠠᠯ᠂ ᠭᠠᠷᠭᠠᠭᠰᠠᠨ | ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ᠂ ᠭᠠᠳᠠᠭᠠᠳᠤ ᠶᠢᠨ ᠴᠢᠬᠤᠯᠠ ᠵᠣᠴᠢᠨ ᠲᠠᠢ ᠠᠭᠤᠯᠵᠠᠬᠰᠠᠨ ᠪᠠᠶᠢᠳᠠᠯ ᠢ | ᠡᠷᠬᠢᠴᠡᠬᠦᠯᠵᠥ᠂ ᠮᠠᠤ ᠽᠧ ᠳ᠋ᠦᠩ ᠨᠥᠬᠦᠷ ᠤᠨ ᠠᠵᠢᠯᠯᠠᠬᠤ ᠭᠠᠵᠠᠷ᠂ ᠬᠤᠷᠠᠯ ᠤᠨ ᠭᠡᠷ ᠪᠠ ᠨᠣᠮ ᠬᠠᠳᠠᠭᠠᠯᠠᠬᠤ | ᠦᠷᠦᠬᠡ ᠶᠢ ᠳᠤᠭᠤᠷᠢᠨ ᠦᠵᠡᠵᠥ᠂ ᠮᠠᠤ ᠽᠧ ᠳ᠋ᠦᠩ ᠨᠥᠬᠦᠷ ᠤᠨ ᠵᠠᠰᠠᠪᠤᠷᠢ ᠣᠷᠣᠭᠤᠯᠵᠤ ᠦᠩᠬᠡᠷᠡᠭᠰᠡᠨ ᠴᠢᠬᠤᠯᠠ | ᠪᠢᠴᠢᠭ ᠮᠠᠲ᠋ᠧᠷᠢᠶᠠᠯ᠂ ᠤᠩᠰᠢᠵᠤ ᠥᠩᠭᠡᠷᠡᠭᠰᠡᠨ ᠨᠣᠮ ᠪᠢᠴᠢᠭ᠂ ᠡᠮᠦᠰᠴᠦ ᠥᠩᠭᠡᠷᠡᠭᠰᠡᠨ ᠬᠤᠪᠴᠠᠰᠤ ᠬᠤᠨᠠᠷ᠂ ᠬᠡᠷᠡᠭᠯᠡᠵᠦ | ᠥᠩᠭᠡᠷᠡᠭᠰᠡᠨ ᠡᠳᠦᠷ ᠲᠤᠲᠤᠮ ᠤᠨ ᠬᠡᠷᠡᠭᠰᠡᠯ ᠪᠠ ᠵᠠᠬᠢᠳᠠᠯ᠂ ᠡᠬᠡ ᠪᠢᠴᠢᠭ᠂ ᠬᠡᠷᠡᠯ ᠵᠢᠷᠤᠭ ᠵᠡᠷᠭᠡ ᠶᠢ ᠨᠠᠷᠢᠨ ᠬᠢᠨᠠᠮᠠᠭᠠᠶ | ᠪᠠᠶᠢᠴᠠᠭᠠᠨ ᠦᠵᠡᠵᠥ᠂ ᠮᠠᠤ ᠽᠧ ᠳ᠋ᠦᠩ ᠨᠥᠬᠦᠷ ᠤᠨ ᠭᠠᠷᠮᠠᠭᠠᠢ ᠭᠠᠪᠢᠶ᠎ᠠ ᠵᠢᠳᠬᠦᠯ ᠪᠠ ᠡᠷᠬᠢᠮ ᠳᠡᠭᠡᠳᠦ ᠬᠡᠪ ᠰᠤᠷᠲᠠᠯ ᠢ | ᠡᠷᠭᠢᠴᠡᠭᠦᠯᠪᠡ᠃ ᠰᠢ ᠶᠢᠨ ᠫᠢᠩ᠂ ᠪᠡᠭᠡᠵᠢᠩ ᠶᠡᠭᠡ ᠰᠤᠷᠭᠠᠭᠤᠯᠢ ᠶᠢᠨ ᠤᠯᠠᠭᠠᠨ ᠠᠰᠠᠷ ᠪᠣᠯᠤᠨ ᠹᠧᠩ ᠽᠧ ᠶᠤᠸᠠᠨ | ᠬᠦᠷᠢᠶᠡᠯᠡᠩ ᠨᠢ ᠨᠠᠮ ᠤᠨ ᠲᠡᠦᠬᠡᠨ ᠳᠡᠭᠡᠷ᠎ᠡ ᠴᠥᠮ ᠪᠡᠯᠭᠡ ᠳᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠪᠠᠶᠢᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠵᠤ ᠢᠷᠡᠭᠰᠡᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠶᠠᠭᠠᠬᠢᠵᠤ ᠢᠷᠡᠭᠰᠡᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠪᠢᠳᠠᠨ ᠳᠤ ᠰᠢᠨ᠎ᠡ ᠰᠣᠷᠭᠤᠭ ᠮᠥᠷᠲᠡᠭᠡᠨ ᠠᠮᠢᠳᠤᠯᠢᠭ ᠨᠠᠮ ᠤᠨ | ᠲᠡᠦᠬᠡ ᠶᠢᠨ ᠬᠢᠴᠢᠶᠡᠯ ᠤᠷᠤᠭᠰᠠᠨ ᠪᠠᠶᠢᠨ᠎ᠠ ᠬᠡᠵᠤ ᠴᠢᠬᠤᠯᠠᠴᠢᠯᠠᠬᠰᠠᠨ ᠪᠠᠶᠢᠨ᠎ᠠ᠃ | | 6 ᠰᠠᠷ᠎ᠠ ᠶᠢᠨ 25 ᠤ ᠡᠳᠤᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠠᠰᠢᠬᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠬᠤ ᠳᠤᠬᠠᠢ ᠭᠤᠴᠢᠨ | ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠰ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠨᠢ | ᠲᠣᠭᠤᠷᠢᠨ ᠦᠵᠡᠬᠦ ᠪᠠ ᠶᠠᠷᠢᠯᠴᠠᠬᠤ ᠶᠢ ᠬᠠᠷᠢᠯᠴᠠᠨ ᠤᠶᠠᠯᠳᠤᠭᠤᠯᠤᠬᠰᠠᠨ ᠬᠡᠯᠪᠡᠷᠢ ᠪᠠᠷ ᠶᠠᠪᠤᠭᠳᠠᠪᠠ᠂ ᠡᠨᠡ ᠪᠤᠯ ᠰᠢ ᠶᠢᠨ | ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠵᠦᠩ ᠨᠠᠨ | ᠬᠠᠢ ᠶᠢᠨ ᠹᠧᠩ ᠽᠧ ᠶᠤᠸᠠᠨ ᠳᠤ ᠮᠠᠤ ᠽᠧ ᠳ᠋ᠦᠩ ᠨᠦᠬᠦᠷ ᠤᠨ ᠬᠠᠭᠤᠴᠢᠨ ᠰᠠᠭᠤᠴᠠ ᠶᠢ ᠳᠤᠭᠤᠷᠢᠨ ᠦᠵᠡᠵᠦ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠨᠡᠷ ᠵᠦᠩ ᠨᠠᠨ ᠬᠠᠢ ᠶᠢᠨ ᠬᠤᠸᠠᠢ ᠷᠧᠨ ᠲᠠᠩ | ᠲᠠᠩᠬᠢᠮ ᠳᠤ ᠪᠤᠴᠠᠵᠤ᠂ ᠭᠤᠣᠯ ᠰᠡᠳᠦᠪ ᠤᠨ ᠲᠣᠭᠤᠷᠢᠨ ᠳᠤ ᠴᠢᠨᠠᠭᠰᠢᠳᠠ ᠰᠤᠷᠤᠯᠴᠠᠵᠠᠢ᠃ ᠰᠢ ᠶᠢᠨ ᠫᠢᠩ | ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠭᠠᠨ ᠥᠩᠭᠡ ᠪᠣᠯ ᠳᠤᠮᠳᠠᠳᠤ ᠤᠯᠤᠰ ᠤᠨ | ᠡᠪ ᠬᠠᠮᠲᠤ ᠨᠠᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠮᠤᠭ ᠤᠨ ᠬᠤᠷᠴᠠ ᠲᠣᠳᠣ ᠳᠡᠪᠢᠰᠬᠡᠷ | ᠥᠩᠭᠡ ᠮᠥᠨ᠂ ᠮᠠᠨ ᠤ ᠤᠯᠤᠰ ᠤᠨ 960 ᠭᠠᠷᠤᠶ ᠲᠦᠮᠡᠨ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ | ᠨᠤᠲᠤᠭ ᠳᠡᠪᠢᠰᠬᠡᠷ ᠳᠡᠭᠡᠷ᠎ᠡ ᠬᠤᠪᠢᠰᠬᠠᠯ ᠤᠨ ᠡᠬᠢ ᠪᠠᠶᠠᠯᠢᠭ ᠣᠳᠣᠨ ᠮᠡᠴᠢᠳ ᠰᠢᠭ ᠲᠦᠭᠡᠵᠦ᠂ ᠮᠠᠨ ᠤ ᠨᠠᠮ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠤᠨ ᠲᠡᠮᠡᠴᠡᠯ ᠬᠢᠬᠦ ᠠᠭᠤᠤ ᠶᠡᠭᠡ ᠲᠡᠦᠬᠡᠨ | ᠶᠠᠪᠤᠴᠠ ᠳᠤ ᠬᠤᠪᠢᠰᠬᠠᠯ ᠤᠨ ᠠᠮᠢᠨ ᠰᠤᠳᠠᠰᠤ ᠦᠶ᠎ᠡ ᠶᠢᠨ ᠦᠶ᠎ᠡ ᠳᠤ ᠤᠯᠠᠮᠵᠢᠯᠠᠭᠳᠠᠵᠠᠢ᠃ ᠲᠡᠦᠬᠡᠨ ᠬᠡᠷᠡᠭ ᠶᠠᠪᠤᠳᠠᠯ | ᠨᠢᠭᠡ ᠪᠦᠷᠢ᠂ ᠬᠤᠪᠢᠰᠬᠠᠯ ᠤᠨ ᠪᠠᠭᠠᠲᠤᠷ ᠨᠢᠭᠡ ᠪᠦᠷᠢ᠂ ᠬᠤᠪᠢᠰᠬᠠᠯ ᠤᠨ ᠵᠣᠷᠢᠭ ᠰᠠᠨᠠᠭ᠎ᠠ ᠨᠢᠭᠡ ᠪᠦᠷᠢ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯ ᠨᠢᠭᠡ ᠪᠦᠷᠢ ᠨᠢ ᠴᠥᠮ ᠮᠠᠨ ᠤ ᠨᠠᠮ ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ | ᠶᠠᠪᠤᠴᠠ᠂ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠲᠥᠯᠥᠭᠡᠯᠡᠵᠦ᠂ ᠮᠠᠨ ᠤ ᠨᠠᠮ ᠤᠨ ᠬᠦᠰᠡᠯ ᠵᠡᠭᠦᠳᠦ ᠪᠠ | ᠬᠥᠭᠡᠭᠡᠴᠡᠯᠳᠦᠯ᠂ ᠬᠠᠶᠢᠷ᠎ᠠ ᠰᠡᠳᠬᠢᠯᠭᠡ ᠪᠠ ᠡᠭᠦᠷᠭᠡᠯᠡᠯ᠂ ᠦᠷᠡᠭᠳᠡᠯ ᠪᠠ ᠬᠤᠪᠢ ᠨᠡᠮᠡᠷᠢ ᠶᠢ ᠬᠠᠷᠠᠭᠤᠯᠵᠤ᠂ ᠮᠠᠨ ᠤ ᠨᠠᠮ ᠤᠨ | ᠬᠤᠪᠢᠰᠬᠠᠯ ᠤᠨ ᠠᠮᠢᠨ ᠰᠤᠳᠠᠰᠤ ᠶᠢ ᠪᠦᠷᠢᠯᠳᠦᠭᠦᠯᠵᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢ ᠣᠷᠣᠨ ᠨᠤᠲᠤᠭ ᠲᠤ ᠬᠦᠷᠴᠤ | ᠰᠢᠨᠵᠢᠯᠡᠨ ᠪᠠᠶᠢᠴᠠᠭᠠᠬᠤ ᠳᠠᠭᠠᠨ ᠮᠠᠨ ᠤ ᠨᠠᠮ ᠤᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠬᠤᠪᠢᠰᠬᠠᠯ ᠤᠨ | ᠭᠤᠯᠤᠮᠳᠠ᠂ ᠬᠤᠪᠢᠰᠬᠠᠯ ᠤᠨ ᠬᠠᠭᠤᠴᠢᠨ ᠪᠠᠭᠤᠷᠢ᠂ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠲᠠᠯᠠᠪᠤᠷ ᠢᠶᠠᠷ ᠴᠦᠮ | ᠲᠤᠭᠤᠷᠢᠨ ᠦᠵᠡᠳᠡᠭ᠂ ᠭᠤᠤᠯ ᠭᠤᠤᠯ ᠭᠠᠵᠠᠷ ᠢᠶᠠᠷ ᠦᠨᠳᠦᠰᠦᠨ ᠳᠡᠭᠡᠨ ᠴᠦᠮ ᠤᠴᠢᠵᠤ ᠦᠩᠭᠡᠷᠡᠵᠠᠢ᠃ ᠬᠦᠷᠦᠭᠰᠡᠨ | ᠭᠠᠵᠠᠷ ᠪᠣᠯᠭᠠᠨ ᠳᠤ᠂ ᠲᠡᠷᠡ ᠬᠦ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠵᠦ᠂ ᠨᠠᠮ ᠤᠨ ᠲᠤᠭᠤᠯᠵᠤ ᠢᠷᠡᠭᠰᠡᠨ ᠬᠦᠴᠢᠷ | ᠪᠡᠷᠬᠡᠰᠢᠶᠡᠯᠲᠦ ᠥᠩᠭᠡᠷᠡᠯᠲᠡ ᠶᠢ ᠬᠠᠷᠠᠬᠤ ᠪᠦᠷᠢ ᠵᠢᠷᠦᠬᠡ ᠰᠡᠳᠬᠢᠯ ᠮᠢᠨᠢ ᠲᠤᠬᠳᠤᠯᠵᠤ᠂ ᠤᠶᠤᠨ ᠰᠠᠨᠠᠭ᠎ᠠ ᠮᠢᠨᠢ | ᠠᠷᠢᠭᠤᠰᠳᠠᠭ᠃ ᠤᠳᠠᠭ᠎ᠠ ᠪᠣᠯᠭᠠᠨ ᠪᠢᠰᠢᠷᠡᠨ ᠬᠦᠨᠳᠦᠳᠬᠡᠬᠦ ᠰᠡᠳᠬᠢᠯ ᠢ ᠡᠪᠦᠷᠯᠡᠨ ᠬᠦᠷᠴᠤ᠂ ᠮᠠᠰᠢ ᠣᠯᠠᠨ | ᠲᠥᠷᠥᠭᠳᠡᠯ ᠲᠠᠢ ᠪᠤᠴᠠᠵᠤ ᠢᠷᠡᠳᠡᠭ ᠶᠤᠮ ᠭᠡᠵᠤ ᠢᠯᠡᠳᠭᠡᠵᠠᠢ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠬᠢᠬᠦ ᠶᠢ ᠢᠮᠠᠭᠲᠠ | ᠪᠠᠷᠢᠮᠲᠠᠯᠠᠬᠤ ᠶᠢ ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠮᠠᠷᠺᠰ ᠤᠨ ᠦᠵᠡᠯ ᠳᠤᠮᠳᠠᠳᠤ ᠤᠯᠤᠰ ᠲᠤ ᠥᠷᠭᠡᠨ ᠢᠶᠠᠷ | ᠤᠯᠠᠮᠵᠢᠯᠠᠭᠳᠠᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠢ ᠮᠡᠨᠳᠦᠯᠡᠬᠦᠯᠵᠤ᠂ ᠮᠠᠷᠺᠰ ᠤᠨ ᠦᠵᠡᠯ ᠨᠢ ᠮᠠᠨ ᠤ | ᠨᠠᠮ ᠢ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠲᠠᠢ ᠪᠣᠯᠭᠠᠵᠤ᠂ ᠶᠢᠷᠲᠢᠨᠴᠦ ᠶᠢ | ᠲᠠᠨᠢᠬᠤ᠂ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠲᠠᠢ ᠪᠣᠯᠭᠠᠵᠠᠢ᠃ ᠵᠠᠭᠤᠨ | ᠵᠢᠯ ᠤᠨ ᠲᠤᠷᠰᠢ᠂ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠨ ᠶᠤᠰᠤ ᠶᠢ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ | ᠤᠨᠤᠯ ᠢ ᠡᠭᠦᠳᠴᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠦᠷᠢᠯᠳᠦᠬᠦᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠤ᠂ ᠨᠠᠮ ᠪᠠ ᠠᠷᠠᠳ ᠲᠦᠮᠡᠨ ᠤ ᠦᠢᠯᠡᠰ ᠢ ᠵᠢᠯᠣᠭᠤᠳᠤᠨ ᠲᠠᠰᠤᠷᠠᠯᠳᠠ | ᠦᠭᠡᠢ ᠰᠢᠨ᠎ᠡ ᠪᠠᠶᠢᠳᠠᠯ ᠢ ᠨᠡᠭᠡᠭᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠭᠡᠳᠡᠭ ᠢ ᠦᠨᠳᠦᠰᠦᠨ ᠠᠴᠠ ᠨᠢ ᠠᠪᠴᠤ ᠬᠡᠯᠡᠪᠡᠯ | ᠮᠠᠷᠺᠰ ᠤᠨ ᠦᠵᠡᠯ ᠪᠤᠯᠤᠨ᠎ᠠ ᠬᠡᠳᠡᠭ ᠠᠴᠠ ᠰᠢᠯᠳᠠᠭᠠᠯᠠᠬᠳᠠᠬᠰᠠᠨ ᠶᠤᠮ᠃ ᠪᠢᠳᠡ ᠨᠠᠮ ᠤᠨ ᠵᠠᠭᠤᠨ ᠵᠢᠯ ᠤᠨ ᠲᠡᠮᠡᠴᠡᠯ ᠤᠨ | ᠲᠡᠦᠬᠡ ᠠᠴᠠ ᠦᠨᠡᠨ ᠶᠣᠰᠣᠨ ᠤ ᠬᠦᠴᠦᠨ ᠢ ᠣᠬᠠᠪᠤᠷᠢᠯᠠᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠷᠺᠰ ᠤᠨ | ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠪᠠᠷ ᠮᠠᠨ ᠤ ᠤᠷᠤᠭᠰᠢᠯᠠᠯᠲᠠ ᠶᠢᠨ ᠵᠠᠮ ᠢᠶᠠᠨ ᠬᠡᠷᠡᠯᠳᠦᠬᠦᠯᠬᠦ ᠬᠡᠷᠡᠭᠲᠡᠢ | ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠬᠦᠰᠡᠯᠡᠩ ᠢᠲᠡᠭᠡᠯ ᠪᠢᠰᠢᠷᠡᠯ ᠢᠶᠠᠨ ᠢᠮᠠᠭᠲᠠ ᠪᠠᠷᠢᠮᠲᠠᠯᠠᠬᠤ ᠶᠢ | ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠬᠤᠪᠢᠰᠬᠠᠯ ᠤᠨ ᠬᠦᠰᠡᠯᠡᠩ ᠶᠠᠭᠤᠨ ᠠᠴᠠ ᠴᠤ ᠡᠷᠬᠢᠮ᠂ ᠨᠠᠮ ᠤᠨ ᠵᠠᠭᠤᠨ | ᠵᠢᠯ ᠤᠨ ᠲᠡᠦᠬᠡ ᠶᠢ ᠡᠷᠭᠢᠴᠡᠭᠦᠯᠬᠦᠶ᠎ᠡ᠂ ᠲᠦᠭ ᠲᠦᠮᠡᠨ ᠡᠪ ᠬᠠᠮᠲᠤᠴᠤᠳ ᠬᠦᠰᠡᠯᠡᠩ ᠢᠲᠡᠭᠡᠯ ᠪᠢᠰᠢᠷᠡᠯ ᠤᠨ ᠢᠶᠠᠨ | ᠲᠥᠯᠥᠭᠡ ᠠᠮᠢ ᠨᠠᠰᠤ ᠪᠠᠨ ᠬᠠᠷᠠᠮ ᠦᠭᠡᠢ ᠵᠣᠷᠢᠭᠤᠯᠵᠤ᠂ ᠠᠷᠢᠭᠤᠨ ᠴᠢᠰᠤ ᠪᠠᠨ ᠤᠷᠤᠰᠬᠠᠬᠰᠠᠨ ᠶᠤᠮ᠃ ᠡᠪ ᠬᠠᠮᠲᠤ | ᠶᠣᠰᠣ ᠪᠣᠯ ᠮᠠᠨ ᠤ ᠨᠠᠮ ᠤᠨ ᠠᠯᠤᠰ ᠬᠡᠳᠦ ᠶᠢᠨ ᠬᠦᠰᠡᠯᠡᠩ ᠮᠥᠨ᠂ ᠡᠨᠡ ᠬᠦ ᠠᠯᠤᠰ ᠬᠡᠳᠦ ᠶᠢᠨ ᠬᠦᠰᠡᠯᠡᠩ ᠢ | ᠪᠡᠶᠡᠯᠡᠭᠦᠯᠬᠦ ᠶᠢᠨ ᠲᠥᠯᠥᠭᠡ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠲᠡᠭᠡᠯ ᠵᠣᠷᠢᠭ ᠢ | ᠪᠠᠲᠤᠳᠬᠠᠬᠤ ᠬᠡᠷᠡᠭᠲᠡᠢ᠃ ᠪᠦᠬᠦ ᠨᠠᠮ ᠤᠨ ᠨᠥᠬᠦᠳ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠳᠤ ᠬᠠᠷᠰᠢ ᠰᠠᠭᠠᠳ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠠᠰᠤᠷᠠᠯᠳᠠ ᠦᠭᠡᠢ | ᠲᠡᠮᠡᠴᠡᠨ ᠤᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠷᠢᠮᠲᠠᠯᠠᠬᠤ ᠶᠢ | ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠦᠢᠯᠡᠳᠦᠯᠭᠡᠵᠢᠭᠦᠯᠬᠦ ᠪᠣᠯ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠳᠤ | ᠲᠤᠭᠤᠰᠢᠯᠠᠭᠤᠯᠤᠬᠰᠠᠨ ᠤᠯᠠᠭᠠᠨ ᠱᠤᠭᠤᠮ ᠮᠥᠨ᠃ ᠲᠥᠷᠥ ᠵᠠᠰᠠᠭ ᠪᠣᠯ ᠠᠷᠠᠳ ᠲᠦᠮᠡᠨ᠂ ᠠᠷᠠᠳ ᠲᠦᠮᠡᠨ ᠪᠣᠯ ᠲᠠᠷᠤᠢ | ᠲᠥᠷᠥ ᠵᠠᠰᠠᠭ᠂ ᠲᠥᠷᠥ ᠵᠠᠰᠠᠭ ᠢ ᠴᠤᠬᠴᠠᠯᠠᠵᠤ᠂ ᠲᠥᠷᠥ ᠵᠠᠰᠠᠭ ᠢ ᠰᠠᠬᠢᠬᠤ᠂ ᠰᠠᠬᠢᠵᠤ ᠪᠠᠶᠢᠭ᠎ᠠ ᠨᠢ ᠠᠷᠠᠳ ᠲᠦᠮᠡᠨ ᠤ | ᠰᠡᠳᠬᠢᠯ ᠪᠤᠯᠤᠨ᠎ᠠ᠂ ᠮᠠᠨ ᠤ ᠡᠨᠡ ᠬᠦ ᠣᠷᠳᠣ ᠬᠤᠭᠤᠴᠠᠭ᠎ᠠ ᠪᠠᠷ ᠲᠥᠷᠥ ᠪᠠᠷᠢᠵᠤ ᠪᠠᠶᠢᠭ᠎ᠠ ᠨᠠᠮ ᠳᠤ ᠠᠪᠴᠤ ᠬᠡᠯᠡᠪᠡᠯ᠂ | ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠮᠠᠷᠲᠠᠬᠤ᠂ ᠣᠯᠠᠨ ᠲᠦᠮᠡᠨ ᠠᠴᠠ ᠬᠥᠨᠳᠡᠶᠢᠷᠡᠬᠦ ᠠᠴᠠ ᠨᠠᠩ ᠶᠡᠭᠡ ᠠᠶᠤᠯ | ᠲᠦᠭᠰᠢᠭᠦᠷᠢ ᠭᠡᠵᠦ ᠪᠠᠶᠢᠬᠤ ᠥᠬᠡᠶ᠃ ᠪᠦᠬᠦ ᠨᠠᠮ ᠤᠨ ᠨᠥᠬᠦᠳ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠠᠴᠠ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠰᠠᠶᠢᠲᠤᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠢᠮᠠᠭᠲᠠ | ᠪᠠᠷᠢᠮᠲᠠᠯᠠᠬᠤ ᠶᠢ ᠬᠥᠮᠦᠵᠢᠭᠦᠯᠦᠨ ᠵᠢᠯᠤᠭᠤᠳᠬᠤ ᠬᠡᠷᠡᠭᠳᠡᠢ᠃ ᠨᠠᠮ ᠤᠨ ᠠᠭᠤᠤ ᠶᠡᠭᠡ ᠵᠣᠷᠢᠭ ᠰᠠᠨᠠᠭ᠎ᠠ ᠪᠠ ᠢᠷᠠᠭᠤ | ᠠᠯᠳᠠᠷᠲᠤ ᠤᠯᠠᠮᠵᠢᠯᠠᠯ ᠪᠣᠯ ᠮᠠᠨ ᠤ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠦᠩᠬᠡ ᠮᠥᠨ᠂ ᠪᠢᠳᠡᠨ ᠢ | ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠮᠥᠨ᠃ | ᠤᠳᠤ ᠶᠢᠨ ᠳᠤᠮᠳᠠᠳᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠤᠯᠤᠰ ᠬᠦᠷᠦᠨ ᠬᠦᠴᠦᠷᠬᠡᠭᠵᠢᠨ ᠮᠠᠨᠳᠤᠵᠤ᠂ ᠦᠨᠳᠦᠰᠦᠲᠡᠨ ᠰᠡᠷᠭᠦᠨ | ᠮᠠᠨᠳᠤᠬᠤ ᠳᠤ ᠪᠣᠳᠠᠰ ᠤᠨ ᠪᠣᠯᠪᠠᠰᠤᠨ ᠤ ᠬᠤᠷᠠᠮᠳᠤᠭᠤᠯᠤᠯ ᠱᠠᠭᠠᠷᠳᠠᠭᠳᠠᠵᠤ᠂ ᠨᠡᠩ ᠴᠤ ᠤᠶᠤᠨ ᠤ ᠪᠣᠯᠪᠠᠰᠤᠨ ᠤ | ᠳᠡᠭᠡᠭᠰᠢᠯᠡᠯᠲᠡ ᠱᠠᠭᠠᠷᠳᠠᠭᠳᠠᠨ᠎ᠠ᠂ ᠬᠤᠪᠢᠰᠬᠠᠯ ᠬᠢᠬᠦ ᠶᠢᠨ ᠬᠠᠮᠳᠤ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠶᠢ ᠶᠠᠭᠠᠬᠢᠭᠰᠠᠨ | ᠴᠤ ᠲᠠᠶᠠᠭᠳᠠᠵᠤ ᠪᠣᠯᠬᠤ ᠦᠭᠡᠢ᠂ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠲᠡᠰᠪᠦᠷᠢ | ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯ ᠢᠶᠠᠨ ᠶᠠᠭᠠᠬᠢᠭᠰᠠᠨ ᠴᠤ | ᠲᠠᠶᠠᠭᠳᠠᠵᠤ ᠪᠣᠯᠬᠤ ᠦᠭᠡᠢ᠂ ᠬᠦᠴᠦᠷᠬᠡᠭ ᠳᠠᠶᠢᠰᠤᠨ ᠠᠴᠠ ᠰᠦᠷᠳᠡᠬᠦ ᠦᠭᠡᠢ᠂ ᠠᠶᠤᠯ ᠲᠦᠭᠰᠢᠭᠦᠷᠢ ᠠᠴᠠ ᠪᠡᠷᠬᠡᠰᠢᠶᠡᠬᠦ | ᠦᠭᠡᠢ᠂ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠢᠯᠠᠯᠲᠠ ᠤᠯᠬᠤ ᠰᠥᠰᠥ ᠵᠣᠷᠢᠭ ᠢᠶᠠᠨ ᠶᠠᠭᠠᠬᠢᠭᠰᠠᠨ ᠴᠤ | ᠲᠠᠶᠠᠭᠳᠠᠵᠤ ᠪᠣᠯᠬᠤ ᠦᠭᠡᠢ᠃ ᠪᠦᠬᠦ ᠨᠠᠮ ᠤᠨ ᠨᠥᠬᠦᠳ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠪᠦᠷᠢᠯᠳᠦᠭᠰᠡᠨ | ᠠᠭᠤᠤ ᠶᠡᠭᠡ ᠵᠣᠷᠢᠭ ᠰᠠᠨᠠᠭ᠎ᠠ ᠪᠠᠷ ᠥᠪᠡᠷ ᠢ ᠪᠠᠨ ᠰᠢᠮᠡᠵᠢᠬᠦᠯᠵᠤ᠂ ᠥᠪᠡᠷ ᠢ ᠪᠠᠨ ᠵᠣᠷᠢᠭᠵᠢᠭᠤᠯᠵᠤ᠂ ᠴᠤᠭ ᠪᠠᠳᠠᠷᠠᠩᠭᠤᠢ | ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ | ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠶᠢ ᠢᠮᠠᠭᠲᠠ | ᠪᠠᠷᠢᠮᠲᠠᠯᠠᠬᠤ ᠶᠢ ᠬᠦᠮᠦᠵᠢᠭᠦᠯᠦᠨ ᠵᠢᠯᠤᠭᠤᠳᠬᠤ ᠬᠡᠷᠡᠭᠲᠡᠢ᠃ ᠮᠠᠨ ᠤ ᠨᠠᠮ ᠵᠠᠭᠤᠨ ᠵᠢᠯ ᠤᠨ ᠤᠯᠠᠷᠢᠯ ᠬᠤᠪᠢᠰᠤᠯᠲᠠ ᠶᠢ | ᠲᠤᠭᠤᠯᠤᠭᠰᠠᠨ ᠴᠤ ᠮᠥᠨ ᠯᠡ ᠴᠤᠭ ᠪᠠᠳᠠᠷᠠᠩᠭᠤᠢ ᠬᠡᠪ ᠢᠶᠠᠷ ᠢᠶᠠᠨ᠂ ᠲᠡᠭᠦᠨ ᠤ ᠨᠢᠭᠤᠴᠠ ᠨᠢ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ | ᠬᠦᠴᠦᠷᠬᠡᠭ ᠶᠡᠭᠡ ᠴᠢᠳᠠᠪᠤᠷᠢ ᠲᠠᠢ ᠪᠠᠶᠢᠬᠤ ᠳᠤ ᠪᠤᠢ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠣᠯ | ᠨᠠᠮ ᠤᠨ ᠲᠦᠷᠦ ᠪᠠᠷᠢᠬᠤ ᠴᠢᠳᠠᠪᠤᠷᠢ ᠶᠢᠨ ᠬᠦᠴᠦᠷᠬᠡᠭ ᠶᠡᠭᠡ ᠲᠤᠯᠭᠠᠭᠤᠷᠢᠯᠠᠯ ᠮᠥᠨ᠃ ᠪᠦᠬᠦ ᠨᠠᠮ ᠤᠨ ᠨᠥᠬᠦᠳ | ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠡᠵᠢᠶᠡᠳᠡ ᠵᠤᠬᠰᠤᠰᠢ ᠦᠬᠡᠢ ᠡᠷᠡᠰ ᠪᠠᠲᠤ ᠪᠠᠷᠢᠮᠲᠠᠯᠠᠯ ᠢᠶᠠᠷ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠥᠪᠡᠷ ᠢ ᠪᠠᠨ ᠴᠢᠩᠭ᠎ᠠ ᠱᠠᠭᠠᠷᠳᠠᠨ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ | ᠪᠤᠯᠵᠤ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠴᠢᠷᠮᠠᠶᠢᠯᠭ᠎ᠠ | ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠪᠢᠰᠬᠠᠯ ᠤᠨ ᠡᠬᠢ ᠪᠠᠶᠠᠯᠢᠭ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠬᠦᠴᠦᠯᠡᠨ | ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠤᠨ | ᠲᠤᠰᠬᠠᠢ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨᠴᠢ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠰᠢᠰᠲ᠋ᠧᠮ ᠲᠠᠢ ᠰᠤᠳᠤᠯᠭᠠᠨ ᠥᠷᠨᠢᠭᠦᠯᠵᠦ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ᠂ | ᠭᠤᠣᠯ ᠤᠷᠤᠰᠬᠠᠯ ᠤᠨ ᠮᠥᠨ ᠴᠢᠨᠠᠷ ᠢ ᠣᠨᠣᠪᠴᠢᠲᠠᠢ ᠡᠵᠡᠮᠰᠢᠵᠦ᠂ ᠲᠡᠦᠬᠡ ᠶᠢᠨ ᠦᠭᠡᠶᠢᠰᠬᠡᠬᠦ ᠦᠵᠡᠯ ᠢ ᠲᠤᠭ ᠲᠡᠮᠳᠡᠭ | ᠲᠣᠳᠣᠷᠬᠠᠢ ᠪᠠᠷ ᠡᠰᠡᠷᠭᠦᠴᠡᠨ ᠬᠤᠷᠢᠠᠠᠯᠠᠬᠤ ᠬᠡᠷᠡᠭᠲᠡᠢ᠃ ᠰᠣᠳᠣᠨ ᠳᠡᠯᠭᠡᠨ ᠦᠵᠡᠭᠦᠯᠭᠡ ᠶᠢ ᠡᠬᠦᠳᠴᠤ᠂ ᠤᠯᠤᠰ ᠲᠦᠷᠦᠴᠢ | ᠴᠢᠨᠠᠷ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠢ ᠨᠢᠭᠡᠳᠦᠯᠲᠠᠢ ᠪᠤᠯᠭᠠᠬᠤ ᠶᠢ ᠪᠠᠷᠢᠮᠲᠠᠯᠠᠵᠤ᠂ ᠲᠡᠦᠬᠡ ᠶᠢᠨ ᠦᠨᠡᠨ | ᠪᠣᠳᠠᠲᠤ ᠶᠠᠪᠤᠳᠠᠯ ᠢᠶᠠᠷ ᠦᠭᠡ ᠬᠡᠯᠡᠵᠦ᠂ ᠢᠯᠡᠷᠡᠭᠦᠯᠬᠦ ᠬᠦᠴᠦᠨ᠂ ᠳᠠᠮᠵᠢᠭᠤᠯᠭ᠎ᠠ ᠶᠢᠨ ᠬᠦᠴᠦᠨ᠂ ᠨᠥᠯᠥᠭᠡᠯᠡᠬᠦ | ᠬᠦᠴᠦᠨ ᠢᠶᠠᠨ ᠴᠢᠩᠭᠠᠳᠬᠠᠵᠤ᠂ ᠬᠤᠪᠢᠰᠬᠠᠯᠲᠦ ᠰᠣᠶᠣᠯ ᠢ ᠠᠮᠢᠳᠤᠯᠢᠭ ᠢᠶᠠᠷ ᠤᠯᠠᠮᠵᠢᠯᠠᠬᠤ ᠬᠡᠷᠡᠭᠲᠡᠢ᠃ ᠰᠤᠷᠭᠠᠨ | ᠬᠥᠮᠦᠵᠢᠯ ᠤᠨ ᠴᠢᠳᠠᠮᠵᠢ ᠶᠢ ᠴᠢᠩᠭᠠᠳᠬᠠᠵᠤ᠂ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ | ᠲᠡᠦᠬᠡᠨ ᠴᠠᠭ ᠦᠶ᠎ᠡ ᠶᠢᠨ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠶᠡᠭᠡ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ | ᠨᠢᠭᠡ ᠪᠦᠯᠦᠭ ᠴᠢᠬᠤᠯᠠ ᠲᠡᠮᠳᠡᠭ ᠢᠯᠡᠷᠬᠡᠶᠢᠯᠡᠯᠳᠤ ᠭᠠᠵᠠᠷ ᠢ ᠰᠤᠳᠤᠯᠤᠨ ᠲᠤᠭᠳᠠᠭᠠᠵᠤ᠂ ᠨᠠᠮ ᠤᠨ ᠥᠯᠢᠭᠡᠷ᠂ | ᠬᠤᠪᠢᠰᠬᠠᠯ ᠤᠨ ᠥᠯᠢᠭᠡᠷ᠂ ᠪᠠᠭᠠᠲᠤᠷᠴᠤᠳ ᠤᠨ ᠥᠯᠢᠭᠡᠷ ᠢ ᠰᠠᠶᠢᠲᠤᠷ ᠶᠠᠷᠢᠵᠤ᠂ ᠵᠠᠯᠠᠭᠤᠴᠤᠳ ᠪᠠᠭᠠᠴᠤᠳ ᠤᠨ ᠲᠠᠨᠢᠨ | ᠮᠡᠳᠡᠬᠦᠶ ᠶᠢᠨ ᠣᠨᠴᠠᠯᠢᠭ ᠲᠤ ᠨᠡᠶᠢᠴᠡᠭᠰᠡᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠵᠢᠷᠤᠭᠯᠠᠨ ᠲᠥᠰᠦᠪᠯᠡᠵᠤ᠂ | ᠣᠨᠴᠠᠯᠢᠭ ᠢᠶᠠᠷ ᠪᠠᠶᠠᠯᠢᠭ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ | ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠤᠨ ᠰᠠᠭᠤᠷᠢᠨ ᠢ ᠪᠥᠲᠥᠭᠡᠨ ᠪᠠᠶᠢᠭᠤᠯᠵᠤ | ᠂ ᠲᠡᠳᠡᠨ ᠢ ᠬᠠᠷᠠᠬᠠᠨ ᠪᠠᠭ᠎ᠠ ᠠᠴᠠ ᠪᠠᠨ ᠰᠡᠳᠬᠢᠯ ᠳᠡᠭᠡᠨ ᠬᠤᠪᠢᠰᠬᠠᠯ ᠤᠨ ᠬᠦᠰᠡᠯᠡᠩ ᠲᠠᠢ ᠪᠣᠯᠬᠤ ᠶᠢ ᠬᠥᠲᠥᠯᠥᠨ | ᠵᠢᠯᠣᠭᠤᠳᠬᠤ ᠬᠡᠷᠡᠭᠲᠡᠶ ᠭᠡᠵᠦ ᠵᠢᠭᠠᠵᠦ ᠭᠠᠷᠭᠠᠪᠠ᠃ |