ᠰᠢ ᠶᠢᠨ ᠫᠢᠩ ᠵᠠᠬᠢᠳᠠᠯ ᠢᠯᠡᠭᠡᠵᠦ ᠶᠢᠨ ᠱᠠ ᠵᠢᠶᠠᠩ ᠮᠥᠷᠡᠨ ᠤ ᠪᠠᠢ ᠾᠧ ᠲᠠᠨ ᠤᠰᠤᠨ ᠴᠠᠬᠢᠯᠭᠠᠨ ᠤ ᠥᠷᠲᠡᠭᠡᠨ ᠤ ᠲᠦᠷᠦᠭᠦᠦ ᠪᠦᠯᠦᠭ ᠤᠨ ᠮᠠᠰᠢᠨ ᠴᠣᠭᠴᠠᠯᠠᠪᠤᠷᠢ ᠠᠰᠢᠬᠯᠠᠯᠲᠠ ᠳᠤ ᠣᠷᠣᠵᠤ ᠴᠠᠬᠢᠯᠭᠠᠨ ᠭᠠᠷᠭᠠᠭᠰᠠᠨ ᠳᠤ ᠪᠠᠶᠠᠷ ᠬᠦᠷᠭᠡᠪᠡ  ᠯᠢ ᠺᠧ ᠴᠢᠶᠠᠩ ᠴᠣᠬᠤᠯᠠᠪᠤᠷᠢ ᠥᠭᠴᠦ ᠬᠠᠨ ᠵᠧᠩ ᠠᠰᠢᠬᠯᠠᠯᠲᠠ ᠳᠤ ᠣᠷᠣᠵᠤ ᠴᠠᠬᠢᠯᠭᠠᠨ ᠭᠠᠷᠭᠠᠬᠤ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/6/30
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ ᠮᠡᠳᠡᠭᠡ ᠶᠢᠨ ᠱᠠ ᠵᠢᠶᠠᠩ ᠮᠥᠷᠡᠨ ᠤ ᠪᠠᠢ ᠡᡁᠧ ᠲᠠᠨ ᠤᠰᠤᠨ ᠴᠠᠬᠢᠯᠭᠠᠨ ᠤ ᠦᠷᠳᠡᠭᠡ ᠶᠢᠨ ᠲᠦᠷᠦᠭᠦᠦ ᠪᠦᠯᠦᠭ ᠤᠨ ᠮᠠᠰᠢᠨ ᠴᠣᠭᠴᠠᠯᠠᠪᠤᠷᠢ 28 ᠤ ᠡᠳᠦᠷ ᠠᠮᠤᠷ ᠲᠦᠪᠰᠢᠨ ᠢᠶᠠᠷ ᠲᠤᠭᠳᠠᠭᠰᠠᠨ ᠴᠠᠭ ᠲᠠᠭᠠᠨ ᠠᠰᠢᠬᠯᠠᠯᠲᠠ ᠳᠤ ᠣᠷᠣᠵᠤ ᠴᠠᠬᠢᠯᠭᠠᠨ ᠭᠠᠷᠭᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠶ ᠾᠧ ᠲᠠᠨ ᠤᠰᠤᠨ ᠴᠠᠬᠢᠯᠭᠠᠨ ᠤ ᠥᠷᠲᠡᠭᠡ ᠪᠣᠯ ︽ᠪᠠᠷᠠᠭᠤᠨᠳᠡᠬᠢ ᠴᠠᠬᠢᠯᠭᠠᠨ ᠢ ᠵᠡᠭᠦᠨᠰᠢ ᠬᠦᠷᠭᠡᠬᠦ︾ ᠤᠯᠤᠰ ᠤᠨ ᠴᠢᠬᠤᠯᠠ ᠶᠡᠭᠡ ᠢᠨᠵᠧᠨᠧᠷᠢᠩ᠂ ᠣᠳᠣᠬᠠᠨ ᠤ ᠳᠡᠯᠡᠬᠡᠶ ᠳᠡᠭᠡᠷᠡᠬᠢ ᠪᠦᠲᠦᠭᠡᠨ ᠪᠠᠶᠢᠭᠤᠯᠵᠤ ᠪᠠᠶᠢᠭ᠎ᠠ ᠬᠡᠪᠴᠢᠶ᠎ᠡ ᠪᠠᠷ ᠬᠠᠮᠤᠭ ᠤᠨ ᠲᠤᠮᠤ᠂ ᠮᠡᠷᠭᠡᠵᠢᠯ ᠤᠨ ᠬᠦᠴᠢᠷᠳᠡᠯ ᠢᠶᠠᠷ ᠬᠠᠮᠤᠭ ᠤᠨ ᠶᠡᠭᠡ ᠤᠰᠤᠨ ᠴᠠᠬᠢᠯᠭᠠᠨ ᠤ ᠢᠨᠵᠧᠨᠧᠷᠢᠩ ᠪᠣᠯᠤᠨ᠎ᠠ᠃ ᠪᠥᠬᠦ ᠪᠥᠮᠪᠥᠷᠴᠡᠭ ᠤᠨ ᠲᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠴᠢᠳᠠᠮᠵᠢ ᠲᠠᠢ ᠵᠠᠭᠤᠨ ᠲᠦᠮᠡᠨ ᠺᠢᠯᠦᠸᠠᠲ ᠤᠨ ᠤᠰᠤᠨ ᠬᠦᠷᠳᠦᠳᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠨᠢ ᠮᠠᠨ ᠤ ᠤᠯᠤᠰ ᠤᠨ ᠳᠡᠭᠡᠳᠦ ᠲᠠᠰ ᠤᠨ ᠲᠣᠨᠣᠭᠯᠠᠯ ᠦᠢᠯᠡᠳᠬᠦ  ᠦᠢᠯᠡᠰ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠪᠡ᠃ ᠪᠦᠬᠦ ᠪᠦᠲᠦᠭᠡᠨ ᠪᠠᠶᠢᠭᠤᠯᠤᠭᠴᠢ ᠪᠠ ᠡᠯ᠎ᠡ ᠲᠠᠯ᠎ᠠ ᠶᠢᠨ ᠬᠢᠨ ᠤᠬᠢ ᠶᠢᠨ ᠳᠤᠳᠤᠷ᠎ᠠ ᠠᠴᠠ ᠰᠤᠳᠤ ᠶᠢ ᠨᠢ ᠬᠦᠭᠡᠭᠡᠴᠡᠯᠳᠦᠬᠦ᠂ ᠦᠨᠳᠦᠷ ᠤᠷᠬᠢᠯ ᠳᠤ ᠵᠣᠷᠢᠭᠲᠠᠢ ᠪᠠᠷ ᠠᠪᠠᠷᠢᠬᠤ᠂ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠬᠠᠮᠵᠢᠯᠴᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠵᠡᠢ᠃ ᠡᠨᠡ ᠨᠢ ᠨᠡᠶᠢᠭᠡᠮ ᠵᠢᠷᠤᠮ ᠢ ᠲᠡᠮᠡᠴᠡᠵᠦ ᠪᠠᠶᠢᠭᠠᠳ ᠤᠯᠳᠠᠭ᠂ ᠰᠢᠨ᠎ᠡ ᠴᠠᠭ ᠦᠶ᠎ᠡ ᠶᠢ ᠲᠡᠮᠡᠴᠡᠵᠦ ᠪᠠᠶᠢᠭᠠᠳ ᠤᠯᠳᠠᠭ ᠶᠤᠮ ᠭᠡᠳᠡᠭ ᠢ ᠭᠦᠢᠴᠡᠳ ᠬᠠᠷᠠᠭᠤᠯᠵᠠᠢ ᠭᠡᠪᠡ᠃      ᠰᠢ ᠶᠢᠨ ᠫᠢᠩ ᠪᠦᠬᠦ ᠪᠦᠲᠦᠭᠡᠨ ᠪᠠᠶᠢᠭᠤᠯᠤᠭᠴᠢ ᠪᠣᠯᠤᠨ ᠡᠯ᠎ᠡ ᠲᠠᠯ᠎ᠠ ᠶᠢᠨ ᠬᠢᠨ ᠪᠠᠢ ᠾᠧ ᠲᠠᠨ ᠤᠰᠤᠨ ᠴᠠᠬᠢᠯᠭᠠᠨ ᠤ ᠦᠷᠳᠡᠭᠡᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠦᠭᠬᠦ ᠳᠡᠭᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠶᠠᠰᠤ ᠴᠢᠨᠠᠷ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠶᠢᠳᠤᠭᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠴᠠᠬᠢᠯᠭᠠᠨ ᠥᠷᠲᠡᠭᠡᠨ ᠤ ᠠᠵᠢᠯᠯᠠᠭᠠᠨ ᠤ ᠬᠠᠮᠢᠶᠠᠷᠤᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠷᠠᠳ ᠢ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠤ᠂ ᠴᠥᠭᠦᠷᠥᠮ ᠤᠨ ᠣᠷᠣᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠰᠠᠶᠢᠲᠤᠷ ᠦᠢᠯᠡᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃       ᠶᠢᠨ ᠱᠠ ᠵᠢᠶᠠᠩ ᠮᠥᠷᠡᠨ ᠤ ᠪᠠᠶ ᠾᠧ ᠲᠠᠨ ᠤᠰᠤᠨ ᠴᠠᠬᠢᠯᠭᠠᠨ ᠤ ᠥᠷᠲᠡᠭᠡᠨ ᠤ ᠲᠦᠷᠦᠭᠦᠦ ᠪᠦᠯᠦᠭ ᠤᠨ ᠮᠠᠰᠢᠨ ᠴᠣᠭᠴᠠᠯᠠᠪᠤᠷᠢ ᠠᠰᠢᠬᠯᠠᠯᠲᠠ ᠳᠤ ᠣᠷᠣᠵᠤ ᠴᠠᠬᠢᠯᠭᠠᠨ ᠭᠠᠷᠭᠠᠬᠤ ᠶᠣᠰᠣᠯᠠᠯ ᠢ 28 ᠤ ᠡᠳᠦᠷ ᠸᠢᠳᠢᠣ᠋ ᠬᠡᠯᠪᠡᠷᠢ ᠪᠠᠷ ᠶᠠᠪᠤᠭᠳᠠᠭᠤᠯᠵᠤ᠂ ᠪᠡᠭᠡᠵᠢᠩ ᠳᠤ ᠭᠤᠤᠯ ᠬᠤᠷᠠᠯ ᠤᠨ ᠲᠠᠯᠠᠪᠠᠶ ᠲᠤᠬᠢᠷᠠᠭᠤᠯᠵᠤ᠂ ᠪᠠᠶ ᠾᠧ ᠲᠠᠨ ᠤᠰᠤᠨ ᠴᠠᠬᠢᠯᠭᠠᠨ ᠤ ᠥᠷᠲᠡᠭᠡᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠵᠠᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠪᠡᠭᠡᠵᠢᠩ ᠤᠨ ᠭᠤᠣᠯ ᠬᠤᠷᠠᠯ ᠤᠨ ᠲᠠᠯᠠᠪᠠᠢ ᠳᠤ ᠶᠣᠰᠣᠯᠠᠯ ᠳᠤ ᠣᠷᠣᠯᠴᠠᠭᠰᠠᠨ ᠪᠥᠭᠡᠳ ᠪᠠᠢ ᠾᠧ ᠲᠠᠨ ᠤᠰᠤᠨ ᠴᠠᠬᠢᠯᠭᠠᠨ ᠤ ᠦᠷᠳᠡᠭᠡ ᠶᠢᠨ ᠲᠦᠷᠦᠭᠦᠦ ᠪᠦᠯᠦᠭ ᠤᠨ ᠮᠠᠰᠢᠨ ᠴᠣᠭᠴᠠᠯᠠᠪᠤᠷᠢ ᠵᠢᠩᠬᠢᠨᠢ ᠪᠠᠷ ᠠᠰᠢᠬᠯᠠᠯᠲᠠ ᠳᠤ ᠣᠷᠣᠵᠤ ᠴᠠᠬᠢᠯᠭᠠᠨ ᠭᠠᠷᠭᠠᠭᠰᠠᠨ ᠢ ᠨᠡᠶᠢᠳᠡᠯᠡᠵᠠᠢ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠡᡁᠧ ᠯᠢ ᠹᠧᠩ ᠰᠢ ᠶᠢᠨ ᠫᠢᠩ ᠤᠨ ᠪᠠᠶᠠᠷ ᠤᠨ ᠵᠠᠬᠢᠳᠠᠯ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ ᠤᠩᠰᠢᠨ ᠨᠡᠶᠢᠲᠡᠯᠡᠪᠡ᠃      ᠪᠠᠶ ᠾᠧ ᠲᠠᠨ ᠤᠰᠤᠨ ᠴᠠᠬᠢᠯᠭᠠᠨ ᠤ ᠥᠷᠲᠡᠭᠡ ᠨᠢ ᠰᠧᠴᠤᠸᠠᠨ ᠮᠤᠵᠢ ᠶᠢᠨ ᠨᠢᠩ ᠨᠠᠨ ᠰᠢᠶᠠᠨ ᠪᠣᠯᠤᠨ ᠶᠦᠨᠨᠠᠨ ᠮᠤᠵᠢ ᠶᠢᠨ ᠴᠢᠶᠣᠤ ᠵᠢᠶᠠ ᠰᠢᠶᠠᠨ ᠤ ᠠᠭᠤᠯᠵᠠᠷ ᠲᠠᠬᠢ ᠶᠢᠨ ᠱᠠ ᠵᠢᠶᠠᠩ ᠮᠥᠷᠡᠨ ᠤ ᠭᠤᠤᠯ ᠤᠨ ᠵᠠᠮ ᠳᠡᠭᠡᠷ᠎ᠡ ᠪᠠᠶᠢᠷᠢᠯᠠᠵᠤ ᠂ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠪᠦᠯᠦᠭᠯᠡᠯ ᠠᠴᠠ ᠪᠦᠲᠦᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 2200 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠨᠢ 1600 ᠲᠦᠮᠡᠨ ᠺᠢᠯᠦᠸᠠᠲ ᠲᠤ ᠬᠦᠷᠴᠦ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ 16 ᠰᠠᠭᠤᠷᠢ ᠪᠥᠬᠦ ᠪᠥᠮᠪᠥᠷᠴᠡᠭ ᠤᠨ ᠲᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠴᠢᠳᠠᠮᠵᠢ ᠲᠠᠢ ᠵᠠᠭᠤᠨ ᠲᠦᠮᠡᠨ ᠺᠢᠯᠦᠸᠠᠲ ᠤᠨ ᠤᠰᠤᠨ ᠬᠦᠷᠳᠦᠲᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠤᠭᠰᠠᠷᠠᠪᠠ᠃ ᠴᠠᠬᠢᠯᠭᠠᠨ ᠤ ᠥᠷᠲᠡᠭᠡᠨ ᠤ ᠭᠤᠣᠯ ᠴᠣᠭᠴᠠ ᠶᠢᠨ ᠢᠨᠵᠧᠨᠧᠷᠢᠩ ᠢ 2017 ᠣᠨ ᠤ 7 ᠰᠠᠷ᠎ᠠ ᠳᠤ ᠪᠦᠬᠦ ᠲᠠᠯ᠎ᠠ ᠪᠠᠷ ᠡᠬᠢᠯᠡᠭᠦᠯᠵᠦ᠂ ᠲᠦᠷᠦᠭᠦᠦ ᠪᠦᠯᠦᠭ ᠤᠨ 2 ᠮᠠᠰᠢᠨ ᠴᠣᠭᠴᠠᠯᠠᠪᠤᠷᠢ ᠨᠢᠭᠡᠨᠲᠡ ᠠᠰᠢᠬᠯᠠᠯᠲᠠ ᠳᠤ ᠣᠷᠣᠵᠦ ᠴᠠᠬᠢᠯᠭᠠᠨ ᠭᠠᠷᠭᠠᠨ᠂ ᠪᠦᠬᠦ ᠮᠠᠰᠢᠨ ᠴᠣᠭᠴᠠᠯᠠᠪᠤᠷᠢ ᠶᠢ 2022 ᠣᠨ ᠤ 7 ᠰᠠᠷ᠎ᠠ ᠳᠤ ᠠᠰᠢᠬᠯᠠᠯᠲᠠ ᠳᠤ ᠣᠷᠣᠭᠤᠯᠵᠤ ᠴᠠᠬᠢᠯᠭᠠᠨ ᠭᠠᠷᠭᠠᠬᠤ ᠪᠤᠯᠤᠨ᠎ᠠ᠃ ᠴᠠᠬᠢᠯᠭᠠᠨ ᠤ ᠦᠷᠳᠡᠭᠡ ᠪᠦᠬᠦᠨ ᠢᠶᠠᠷ ᠢᠶᠠᠨ ᠠᠰᠢᠬᠯᠠᠯᠲᠠ ᠳᠤ ᠤᠷᠤᠭᠰᠠᠨ ᠤ ᠳᠠᠷᠠᠭ᠎ᠠ᠂ ᠭᠤᠷᠪᠠᠨ ᠬᠠᠪᠴᠢᠯ ᠤᠨ ᠢᠨᠵᠧᠨᠧᠷᠢᠩ ᠤᠨ ᠳᠠᠷᠠᠭ᠎ᠠ ᠤᠷᠤᠬᠤ ᠳᠡᠯᠡᠬᠡᠶ ᠶᠢᠨ ᠬᠤᠶᠠᠳᠤᠭᠠᠷ ᠶᠡᠭᠡ ᠤᠰᠤᠨ ᠴᠠᠬᠢᠯᠭᠠᠨ ᠤ ᠦᠷᠳᠡᠭᠡ ᠪᠣᠯᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号