ᠵᠡᠭᠦᠨ ᠦᠵᠦᠮᠦᠴᠢᠨ ᠬᠤᠰᠢᠭᠤ ᠬᠢᠯᠢ ᠶᠢᠨ ᠡᠭᠡᠯᠢᠯᠡᠭᠡ ᠶᠢᠨ ᠬᠠᠯᠬᠠᠪᠴᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ᠪᠠᠬᠢᠵᠢᠭᠦᠯᠪᠡ
ᠨᠡᠶᠢᠲᠡᠯᠡᠭᠰᠡᠨ ᠴᠠᠭ᠄
2021/6/9
      ᠨᠢᠭᠡ ᠳᠤ᠂ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠨᠢᠭᠲᠠ ᠪᠠᠬᠢᠵᠢᠭᠦᠯᠪᠠ᠃ ︽2021 ᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ︽ᠵᠡᠭᠦᠨ ᠦᠵᠦᠮᠦᠴᠢᠨ ᠬᠤᠰᠢᠭᠤᠨ ᠤ 2021 — 2022 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠥᠰᠦᠯ ᠢ 32 ᠢᠵᠢ ᠲᠣᠭᠲᠠᠭᠠᠨ ᠬᠡᠷᠡᠭᠵᠢᠭᠦᠯᠪᠡ︔ ᠬᠤᠶᠠᠷ ᠱᠠᠲᠤᠨ ᠤ ᠬᠤᠭᠤᠴᠠᠭ᠎ᠠ ᠰᠣᠯᠢᠬᠤ ᠠᠵᠢᠯ ᠲᠠᠢ ᠤᠶᠠᠯᠳᠤᠭᠤᠯᠤᠨ᠂ ᠪᠦᠭᠦ ᠬᠤᠰᠢᠭᠤᠨ ᠤ ︽ᠲᠠᠪᠤᠨ ᠣᠷᠣᠨ︾᠎ ᠤ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠤᠨ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠭᠤᠷᠪᠠᠨ ᠱᠠᠲᠤᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠠᠳ ᠦᠭᠡᠢ ᠨᠡᠪᠲᠡᠷᠡᠬᠦ᠂ ᠬᠦᠴᠦᠲᠡᠶ ᠬᠡᠷᠡᠭᠵᠢᠭᠦᠯᠬᠦ ᠶᠢ ᠪᠠᠲᠤᠯᠠᠵᠤ᠂ ᠬᠢᠵᠢᠭ ᠤᠨ ᠨᠢᠭᠡᠳᠦᠭᠡᠷ ᠹᠷᠣᠨᠲ ᠤᠨ ᠠᠰᠠᠭᠤᠳᠠᠯ ᠢ ᠨᠠᠷᠢᠯᠢᠭ ᠣᠨᠣᠪᠴᠢᠲᠠᠢ ᠪᠠᠷ ᠰᠢᠢᠳᠪᠦᠷᠢᠯᠡᠪᠠ᠃ ᠶᠡᠭᠡ ᠪᠠᠶᠢᠴᠠᠭᠠᠯᠲᠠ᠂ ᠶᠡᠭᠡ ᠪᠣᠯᠪᠠᠰᠤᠷᠠᠯ᠂ ᠶᠡᠭᠡ ᠰᠣᠷᠢᠯᠲᠠ ᠶᠢᠨ ᠰᠢᠷᠢᠰ ᠠᠵᠢᠯᠯᠠᠭ᠎ᠠ ᠥᠷᠨᠢᠭᠦᠯᠬᠦ ᠪᠠᠷ ᠳᠡᠮᠵᠢᠨ᠂ ᠬᠢᠵᠢᠭ ᠤᠨ ᠪᠠᠶᠢᠳᠠᠯ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ ᠲᠦᠪᠰᠢᠨ ᠢ ᠦᠷᠭᠦᠯᠵᠢᠯᠡᠨ ᠰᠢᠯᠭᠠᠨ ᠪᠠᠶᠢᠴᠠᠭᠠᠵᠤ᠂ ᠪᠥᠬᠦ ᠬᠤᠰᠢᠭᠤᠨ ᠤ ᠪᠠᠶᠢᠩᠭᠤ ᠶᠢᠨ ᠬᠢᠵᠢᠭ ᠤᠨ ᠪᠠᠶᠢᠳᠠᠯ ᠪᠠ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠡᠭᠡ ᠪᠠᠶᠢᠴᠠᠭᠠᠯᠲᠠ ᠶᠢ 3 ᠡᠭᠡᠯᠵᠢ ᠥᠷᠨᠢᠭᠦᠯᠵᠦ᠂ ᠣᠯᠠᠨ ᠰᠠᠯᠠᠭ᠎ᠠ ᠮᠥᠴᠢᠷ ᠬᠠᠮᠲᠤᠷᠠᠨ 6 ᠤᠳᠠᠭ᠎ᠠ ᠪᠣᠳᠠᠲᠠᠶ ᠰᠣᠷᠢᠯᠲᠠ ᠬᠢᠵᠤ᠂ ᠡᠯ᠎ᠡ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠤᠬᠠᠶᠢᠯᠠᠭᠰᠠᠨ ᠠᠵᠢᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ 30 ᠭᠠᠷᠤᠶ ᠬᠤᠭᠤᠴᠠᠭ᠎ᠠ ᠡᠷᠭᠢᠯᠡᠵᠦ᠂ ᠠᠩᠬ᠎ᠠ ᠣᠨᠣᠰᠢᠯᠠᠬᠤ ᠡᠮᠴᠢ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ᠂ ᠡᠪᠡᠳᠴᠢᠨ ᠬᠢᠵᠢᠭ ᠢ ᠰᠡᠷᠭᠡᠶᠢᠯᠡᠨ ᠬᠢᠨᠠᠨ ᠬᠡᠮᠵᠢᠬᠦ ᠠᠵᠢᠯᠲᠠᠨ᠂ ᠠᠵᠢᠯ ᠲᠥᠷᠥᠯ ᠤᠨ ᠠᠵᠢᠯᠲᠠᠨ ᠢ 3000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃      ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠡ᠃ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠨᠢᠭᠡᠴᠡ ᠴᠥᠮ ᠠᠵᠢᠯ ᠲᠥᠷᠥᠯ ᠤᠨ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠵᠢᠯᠤᠭᠤᠳᠤᠮᠵᠢ ᠢ ᠨᠡᠶᠢᠲᠡᠯᠡᠵᠦ᠂ ︽ᠲᠠᠪᠤ ᠶᠢ ᠪᠦᠷᠢᠳᠦᠭᠦᠯᠵᠦ ᠭᠤᠷᠪᠠ ᠶᠢ ᠴᠢᠩᠭᠠᠳᠬᠠᠬᠤ︾ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠵᠤ᠂ ᠡᠨᠡ ᠵᠢᠯ ᠨᠡᠶᠢᠲᠡ 13016 ᠬᠤᠪᠢ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠬᠤ ᠳᠤᠷᠠᠲᠠᠶ ᠶᠢ ᠨᠢ 7902 ᠬᠥᠮᠦᠨ ᠤᠳᠠᠭ᠎ᠠ ᠪᠠᠶᠢᠴᠠᠭᠠᠨ ᠰᠢᠯᠭᠠᠪᠠ᠃ ︽ ᠵᠣᠷᠪᠣᠰ ᠪᠠ ᠬᠡᠰᠡᠭ ᠢ ᠤᠶᠠᠯᠳᠤᠭᠤᠯᠬᠤ᠂ ᠳᠠᠭᠠᠭᠠᠴᠢᠯᠠᠨ ᠬᠤᠯᠪᠣᠭᠠᠯᠠᠵᠤ ᠠᠬᠢᠭᠤᠯᠬᠤ᠂ ᠣᠯᠠᠨ ᠴᠡᠭ ᠢ ᠵᠡᠷᠭᠡᠪᠡᠷ ᠶᠠᠪᠤᠭᠳᠠᠭᠤᠯᠬᠤ ︾ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠠᠪᠴᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠪᠠ᠃ ᠣᠲᠣ ᠪᠣᠯᠲᠠᠯ᠎ᠠ᠂ ᠲᠠᠷᠢᠯᠭ᠎ᠠ ᠶᠢ ᠨᠡᠶᠢᠲᠡ 30911 ᠤᠳᠠᠭ᠎ᠠ ᠲᠠᠷᠢᠵᠤ᠂ ᠲᠠᠷᠢᠯᠭ᠎ᠠ ᠶᠢᠨ ᠨᠣᠷᠮ᠎ᠠ 37%᠎ ᠎ ᠳᠤ ᠬᠦᠷᠪᠡ᠃ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠪᠥᠬᠦ ᠬᠤᠰᠢᠭᠤᠨ ᠤ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ᠂ ᠭᠦᠢᠯᠭᠡᠭᠡᠨ ᠤ ᠬᠦᠷᠢᠶ᠎ᠡ ᠴᠠᠷᠠᠭ᠎ᠠ ᠪᠤᠶᠤ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠮᠠᠲ᠋ᠧᠷᠢᠶᠠᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠠᠵᠢᠯᠲᠠᠨ᠂ ᠣᠷᠴᠢᠨ ᠲᠣᠭᠤᠷᠢᠨ ᠳᠤ 7 ᠤᠳᠠᠭ᠎ᠠ ᠶᠢᠨ ᠪᠠᠶᠢᠴᠠᠭᠠᠨ ᠬᠡᠮᠵᠢᠯᠲᠡ᠂ 6 ᠤᠳᠠᠭ᠎ᠠ ᠶᠢᠨ ᠢᠳᠡᠭᠡᠨ ᠤ ᠪᠠᠶᠢᠴᠠᠭᠠᠨ ᠬᠡᠮᠵᠢᠯᠲᠡ ᠶᠢ ᠥᠷᠨᠢᠭᠦᠯᠪᠠ᠃      ᠭᠤᠷᠪᠠ ᠳᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠬᠢᠵᠢᠭᠦᠯᠪᠠ᠃ ᠬᠤᠯᠤᠭᠠᠨ᠎ᠠ ᠶᠢᠨ ᠬᠢᠵᠢᠭ ᠤᠨ ᠲᠡᠦᠬᠡ ᠶᠢᠨ ᠬᠢᠵᠢᠭ ᠤᠨ ᠰᠤᠷᠪᠤᠯᠵᠢᠲᠤ ᠭᠠᠵᠠᠷ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠤᠯᠤᠭᠠᠨ᠎ᠠ ᠶᠢᠨ ᠲᠦᠷᠦᠯ ᠣᠯᠠᠨ ᠭᠤᠣᠯᠳᠠᠯᠭ᠎ᠠ ᠲᠠᠢ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠬᠥᠳᠡᠯᠦᠩᠭᠦᠶ ᠪᠠᠷ ᠲᠣᠬᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠵᠢᠷᠤᠮᠵᠢᠭᠤᠯᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠤᠳᠤ ᠪᠣᠯᠲᠠᠯ᠎ᠠ ᠨᠢᠭᠡᠨᠲᠡ 200 ᠲᠡᠭᠰᠢ ᠳᠥᠷᠪᠡᠯᠵᠢᠨ ᠺᠢᠯᠣᠮᠧᠲᠷ ᠤᠨ ᠨᠣᠲᠤᠭ ᠪᠡᠯᠴᠢᠭᠡᠷ ᠲᠤ ᠬᠦᠷᠴᠦ ᠪᠠᠶᠢᠴᠠᠭᠠᠯᠲᠠ ᠬᠢᠪᠡ᠃ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠪᠠ ᠨᠣᠬᠠᠶ ᠶᠢᠨ ᠪᠥᠭᠡᠰᠦ ᠶᠢ ᠤᠰᠠᠳᠬᠠᠬᠤ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢ ᠵᠠᠭᠠᠭᠯᠠᠨ ᠲᠣᠭᠲᠠᠭᠠᠵᠤ ᠰᠡᠷᠭᠡᠶᠢᠯᠡᠨ ᠵᠠᠰᠠᠬᠤ ᠠᠵᠢᠯ ᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠵᠦ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ 142.5 ᠲᠦᠮᠡᠨ ᠮᠥ ᠳᠤ ᠬᠥᠷᠪᠡ᠃ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ 91 ᠡᠷᠦᠬᠡ ︽ᠬᠠᠷᠠᠭᠤᠯ ᠤᠨ ᠭᠠᠵᠠᠷ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠪᠴᠢᠶ᠎ᠡ ᠪᠠᠨ ᠦᠷᠭᠡᠳᠬᠡᠬᠦ ᠪᠠ ᠦᠢᠯᠡᠳᠦᠯ ᠢ ᠪᠠᠳᠠᠷᠠᠭᠤᠯᠬᠤ ᠶᠢ ᠳᠥᠯᠭᠢᠨ ᠠᠬᠢᠭᠤᠯᠵᠤ᠂ ᠬᠢᠵᠢᠭ ᠤᠨ ᠡᠭᠦᠰᠦᠯᠲᠡ ᠶᠢᠨ ᠭᠠᠵᠠᠷ ᠵᠢᠴᠢ ᠣᠶᠢᠷ᠎ᠠ ᠬᠠᠪᠢ ᠶᠢᠨ ᠠᠶᠤᠯ ᠶᠡᠬᠡᠲᠡᠶ ᠬᠥᠮᠦᠰ ᠢ ᠪᠦᠬᠦᠨ ᠢ ᠳᠡᠩᠰᠡᠯᠡᠨ ᠳᠡᠪᠲᠡᠷᠯᠡᠬᠦ ᠶᠢᠨ ᠬᠠᠮᠲᠤ ᠡᠷᠡᠭᠦᠯ ᠮᠡᠨᠳᠦ ᠶᠢ ᠬᠠᠮᠢᠶᠠᠷᠴᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠨᠣᠷᠮ᠎ᠠ ᠨᠢᠭᠡᠨᠲᠡ 100%᠎ ᠳᠤ ᠬᠥᠷᠪᠡ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠡᠯ᠎ᠡ ᠵᠦᠢᠯ ᠤᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠯᠠᠭᠤᠷᠠᠬᠤ ᠶᠢ ᠪᠠᠶᠢᠴᠠᠭᠠᠬᠤ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠡᠮᠨᠡᠯᠭᠡ ᠶᠢᠨ ᠬᠤᠷᠢᠶ᠎ᠠ ᠳᠤ ᠬᠠᠯᠳᠠᠪᠦᠷᠢᠯᠠᠬᠤ ᠶᠢ ᠡᠵᠡᠮᠳᠡᠬᠦ᠂ ᠡᠮᠨᠡᠯᠭᠡ ᠰᠢᠯᠵᠢᠬᠦ ᠬᠠᠮᠢᠶᠠᠷᠤᠯᠲᠠ᠂ ᠰᠡᠵᠢᠭ ᠲᠠᠢ ᠵᠦᠢᠯ ᠢ ᠦᠯᠡᠳᠡᠭᠡᠨ ᠠᠵᠢᠭᠯᠠᠬᠤ ᠵᠡᠷᠭᠡ ᠲᠦᠷᠢᠮ ᠢ ᠴᠢᠩᠭᠠᠳᠬᠠᠵᠤ᠂ ︽ᠲᠠᠪᠤᠨ ᠡᠷᠲᠡ ᠨᠢᠭᠡ ᠳᠤ ᠬᠠᠷᠢᠭᠤᠴᠠᠬᠤ︾᠎ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ︽ᠠᠶᠢᠮᠠᠭ ᠠᠴᠠ ᠭᠠᠷᠴᠤ ᠪᠡᠭᠡᠵᠢᠩ ᠳᠤ ᠣᠷᠣᠬᠤ︾᠎ ᠶᠢ ᠴᠢᠩᠭ᠎ᠠ ᠰᠡᠷᠭᠡᠶᠢᠯᠡᠪᠠ᠃      ᠲᠦᠷᠪᠡ ᠳᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠥᠭᠡᠳ ᠪᠠᠲᠤ ᠪᠠᠶᠢᠭᠤᠯᠪᠠ᠃ ᠳᠤᠮᠳᠠᠳᠤ ᠮᠣᠩᠭᠤᠯ ᠬᠤᠶᠠᠷ ᠲᠠᠯ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠬᠤᠶᠠᠷ ᠲᠠᠯ᠎ᠠ ᠶᠢᠨ ᠠᠷᠠᠯᠵᠢᠶᠠᠨ ᠤ ᠬᠥᠮᠦᠰ ᠤᠨ ᠶᠠᠪᠤᠯᠴᠠᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠡᠷᠭᠦᠭᠡᠪᠠ᠃ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠣᠷᠣᠭᠤᠯᠤᠯᠲᠠ ᠶᠢ ᠨᠡᠮᠡᠭᠳᠡᠭᠦᠯᠵᠦ᠂ ᠡᠨᠡ ᠵᠢᠯ ᠨᠡᠶᠢᠲᠡ 500 ᠭᠠᠷᠤᠶ ᠲᠦᠮᠡᠨ ᠲᠥᠭᠦᠷᠢᠭ ᠣᠷᠣᠭᠤᠯᠵᠤ᠂ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠡᠮᠦᠨᠡᠬᠢ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠳᠤᠮᠳᠠᠳᠤ ᠮᠣᠩᠭᠤᠯ ᠤᠨ ᠵᠢᠯᠣᠭᠤᠴᠢ ᠶᠢᠨ ᠲᠦᠷ ᠠᠮᠠᠷᠠᠯᠲᠠ ᠶᠢᠨ ᠥᠷᠥᠭᠡ ᠪᠠᠶᠢᠭᠤᠯᠵᠤ᠂ ᠳᠤᠮᠳᠠᠳᠤ ᠮᠣᠩᠭᠤᠯ ᠤᠨ ᠵᠢᠯᠣᠭᠤᠴᠢ ᠶᠢᠨ ᠭᠠᠭᠴᠠᠭᠠᠷ ᠢᠶᠠᠨ ᠲᠤᠰᠠᠭᠠᠷᠯᠠᠨ ᠬᠦᠯᠢᠶᠡᠬᠦ ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ︽ᠡᠷᠡᠭᠦᠯ ᠮᠡᠨᠳᠦ ᠶᠢᠨ ᠮᠡᠳᠡᠭᠦᠯᠦᠯᠲᠡ ᠶᠢᠨ ᠥᠪᠡᠰᠦᠪᠡᠨ ᠦᠢᠯᠡᠴᠢᠯᠡᠬᠦ ᠮᠠᠰᠢᠨ︾ ︽ᠤᠶᠤᠨᠲᠤ ᠬᠠᠭᠠᠯᠲᠠ ᠶᠢᠨ ᠮᠠᠰᠢᠨ ᠤ ᠰᠢᠰᠲ᠋ᠧᠮ︾᠎ ᠢ ᠳᠣᠭᠢᠷᠠᠭᠤᠯᠵᠤ᠂ ᠬᠢᠯᠢ ᠪᠠᠷ ᠣᠷᠣᠬᠤ ᠬᠥᠮᠦᠰ ᠤᠨ ᠦᠨᠳᠦᠰᠦᠨ ᠮᠡᠳᠡᠭᠡ ᠵᠠᠩᠭᠢ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠪᠣᠭᠤᠮᠲᠠ ᠶᠢᠨ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠶᠢᠨ ᠤᠶᠤᠨᠴᠢᠯᠠᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠠ᠃ ᠪᠣᠭᠤᠮᠲᠠ ᠶᠢᠨ ᠨᠢᠭᠡᠳᠦᠭᠡᠷ ᠹᠷᠣᠨᠲ ᠤᠨ ᠠᠵᠢᠯᠲᠠᠨ᠂ ᠳᠤᠮᠳᠠᠳᠤ ᠮᠣᠩᠭᠤᠯ ᠤᠨ ᠵᠢᠯᠣᠭᠤᠴᠢ ᠠᠵᠢᠯᠲᠠᠨ 7 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠣᠭᠲᠠᠴᠠ ᠶᠢ ᠬᠡᠷᠡᠭᠵᠢᠭᠦᠯᠵᠦ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠵᠢᠯᠣᠭᠤᠴᠢ ᠶᠢᠨ ᠸᠢᠴᠠᠲ ᠤᠨ ᠵᠢᠵᠢᠭ ᠫᠷᠤᠭ᠍ᠷᠠᠮ ᠢ 24 ᠴᠠᠭ ᠲᠤ ︽ᠬᠡᠷ ᠲᠡᠭᠡᠨ + ᠪᠡᠶ᠎ᠡ ᠪᠠᠨ ᠳᠠᠭᠠᠭᠠᠭᠰᠠᠨ︾ ᠡᠷᠡᠭᠦᠯ ᠮᠡᠨᠳᠦ ᠶᠢᠨ ᠮᠡᠳᠡᠭᠦᠯᠦᠯᠲᠡ ᠶᠢ ᠬᠡᠷᠡᠭᠵᠢᠭᠦᠯᠵᠦ᠂ ︽ᠬᠢᠯᠢ ᠪᠠᠷ ᠣᠷᠣᠬᠤ ᠳᠤ ᠰᠠᠭᠤᠷᠢ ᠲᠠᠩᠰᠠ ᠶᠢ ᠬᠠᠳᠠᠭᠠᠯᠠᠵᠤ᠂ ᠠᠵᠢᠯᠯᠠᠭ᠎ᠠ ᠳᠤ ᠣᠷᠣ ᠮᠥᠷ ᠦᠯᠡᠳᠡᠭᠡᠵᠦ᠂ ᠬᠢᠯᠢ ᠠᠴᠠ ᠭᠠᠷᠬᠤ ᠳᠤ ᠨᠡᠬᠡᠮᠵᠢᠯᠡᠵᠦ ᠪᠣᠯᠬᠤ︾᠎ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠠᠶᠢᠴᠠᠭᠠᠨ ᠰᠢᠯᠭᠠᠭᠰᠠᠨ ᠬᠥᠮᠦᠨ ᠤ ᠲᠤᠭ᠎ᠠ ᠨᠡᠶᠢᠲᠡ 5609 ᠬᠥᠮᠦᠨ ᠤᠳᠠᠭ᠎ᠠ ᠳᠤ ᠬᠦᠷᠪᠠ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号