ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ ᠪᠦᠬᠦ ᠤᠯᠤᠰ ᠤᠨ ︽ᠬᠤᠶᠠᠷ ᠰᠢᠯᠢᠳᠡᠭ ᠨᠢᠬᠡ ᠲᠡᠷᠢᠬᠦᠨ︾ ᠢᠶᠠᠷ ᠬᠦᠬᠢᠬᠦᠯᠦᠭᠳᠡᠨ | ᠰᠠᠶᠢᠰᠢᠶᠠᠬᠳᠠᠬᠰᠠᠨ ᠬᠦᠮᠤᠰ ᠲᠠᠢ ᠠᠭᠤᠯᠵᠠᠵᠠᠢ ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ | ᠯᠧ ᠵᠢᠢ ᠬᠠᠨ ᠵᠧᠩ ᠸᠠᠩ ᠴᠢ ᠱᠠᠨ ᠠᠵᠢᠯᠯᠠᠭ᠎ᠠ ᠳᠤ ᠤᠷᠤᠯᠴᠠᠵᠠᠢ | | | ᠭᠠᠪᠢᠶ᠎ᠠ ᠵᠢᠳᠬᠦᠯ ᠲᠠᠢ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠤ ᠶᠡᠭᠡ ᠰᠡᠷᠭᠦᠨ | ᠮᠠᠨᠳᠤᠯᠲᠠ ᠶᠢᠨ ᠠᠶᠠᠨ ᠳᠠᠭᠠᠨ ᠡᠷᠡᠯᠬᠡᠭᠯᠡᠨ ᠤᠷᠤᠭᠰᠢᠯᠠᠰᠤᠭᠠᠢ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ 29 ᠤ | ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ | ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ︽7 · 1 ᠤ ᠭᠠᠪᠢᠶᠠᠨ ᠲᠡᠮᠳᠡᠭ︾ | ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠵᠠᠭᠤᠨ | ᠵᠢᠯ ᠤᠨ ᠲᠤᠷᠰᠢ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠦᠨᠳᠦᠰᠦᠲᠡᠨ ᠤ ᠲᠤᠰᠠᠭᠠᠷ ᠲᠣᠭᠲᠠᠨᠢᠯ | ᠪᠠ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠤᠯᠤᠰ ᠭᠦᠷᠦᠨ ᠤ ᠪᠠᠶᠠᠵᠢᠯ ᠬᠦᠴᠦᠷᠬᠡᠭᠵᠢᠯ ᠪᠠ ᠠᠷᠠᠳ | ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ ᠬᠤᠶᠢᠨ᠎ᠠ ᠬᠤᠶᠢᠨ᠎ᠠ ᠠᠴᠠ ᠪᠠᠨ ᠲᠡᠮᠡᠴᠡᠵᠦ᠂ ᠴᠢᠰᠤ ᠤᠷᠤᠰᠬᠠᠨ | ᠪᠠᠶᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠭᠤᠶᠠᠴᠢ ᠦᠭᠡᠢ ᠵᠢᠳᠬᠦᠵᠦ᠂ ᠠᠭᠤᠯᠠ ᠶᠢ ᠳᠣᠩᠰᠣᠯᠭᠠᠵᠤ | ᠮᠦᠷᠡᠨ ᠢ ᠴᠠᠯᠬᠢᠭᠤᠯᠤᠬᠰᠠᠨ ᠪᠠᠭᠠᠲᠤᠷᠯᠢᠭ ᠳᠠᠭᠤᠯᠠᠯ ᠢ ᠪᠢᠴᠢᠭᠯᠡᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠢᠳᠡ ᠠᠳᠡ ᠦᠪᠡᠳᠡᠭᠰᠢ ᠶᠡᠭᠡ ᠪᠠᠷ | ᠶᠣᠰᠣᠯᠠᠯ ᠶᠠᠪᠤᠭᠤᠯᠵᠤ᠂ ᠨᠠᠮ ᠤᠨ ᠳᠣᠲᠣᠭᠠᠳᠤ ᠶᠢᠨ ᠬᠠᠮᠤᠭ ᠤᠨ ᠳᠡᠭᠡᠳᠦ ᠢᠷᠠᠭᠤ ᠠᠯᠳᠠᠷ ᠢ ᠨᠠᠮ ᠪᠠ ᠠᠷᠠᠳ | ᠲᠦᠮᠡᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ ᠤᠨ ᠭᠡᠰᠢᠭᠦᠨ ᠳᠤ ᠣᠯᠭᠤᠵᠦ ᠪᠠᠶᠢᠨ᠎ᠠ ᠭᠡᠵᠦ | ᠴᠢᠬᠤᠯᠠᠴᠢᠯᠠᠪᠠ᠃ | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ | ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠬᠦᠳᠡᠷᠯᠡᠪᠡ | ᠰᠢ ᠶᠢᠨ ᠫᠢᠩ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠴᠥᠮ ᠠᠷᠠᠳ ᠲᠦᠮᠡᠨ ᠤ ᠳᠤᠮᠳᠠ ᠠᠴᠠ | ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠦᠭᠡ ᠳᠠᠭᠤᠨ | ᠦᠭᠡᠢ ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ ᠤᠨ ᠪᠠᠭᠠᠲᠤᠷ ᠮᠥᠨ᠃ ᠲᠡᠳᠡ ᠨᠡᠷ ᠤᠨ ᠦᠢᠯᠡ | ᠠᠵᠢᠯᠯᠠᠭ᠎ᠠ ᠠᠴᠠ ᠲᠠᠭᠠᠨ ᠰᠤᠷᠤᠯᠴᠠᠵᠤ ᠦᠢᠯᠡᠳᠤᠯᠭᠡᠵᠢᠬᠦᠯᠵᠦ᠂ ᠲᠡᠳᠡ ᠨᠠᠷ ᠤᠨ ᠵᠣᠷᠢᠭ ᠰᠠᠨᠠᠭ᠎ᠠ ᠶᠢ ᠰᠤᠷᠤᠯᠴᠠᠭᠤᠰᠢᠳᠠᠢ | ᠶᠤᠮ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠬᠠᠳᠠᠨ | ᠵᠣᠷᠢᠭ ᠢᠶᠠᠨ ᠪᠠᠲᠤᠳᠬᠠᠵᠤ᠂ ᠡᠩ ᠤᠨ ᠦᠶ᠎ᠡ ᠳᠤ ᠦᠵᠡᠵᠦ ᠭᠠᠷᠤᠨ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ | ᠡᠭᠦᠷᠭᠡᠯᠡᠵᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠪᠡᠯ᠂ ᠨᠠᠮ ᠤᠨ ᠭᠡᠰᠢᠭᠦᠨ ᠨᠢᠭᠡᠪᠦᠷᠢ ᠴᠦᠮ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠨᠠᠮ ᠪᠣᠯᠤᠨ ᠠᠷᠠᠳ ᠲᠦᠮᠡᠨ ᠤ ᠲᠥᠯᠥᠭᠡ | ᠭᠠᠪᠢᠶ᠎ᠠ ᠵᠢᠳᠬᠦᠯ ᠪᠠᠶᠢᠭᠤᠯᠵᠤ ᠴᠢᠳᠠᠨ᠎ᠠ ᠭᠡᠳᠡᠭ ᠢ ᠲᠡᠳᠡ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ ᠬᠡᠵᠤ ᠵᠢᠭᠠᠵᠤ | ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ | ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠶᠣᠰᠣᠯᠠᠯ ᠳᠤ | ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ | ᠨᠢᠩ ᠬᠤᠷᠠᠯ ᠢ ᠡᠷᠬᠢᠯᠡᠪᠡ᠃ | | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ ᠤᠳᠤᠷᠢᠳᠬᠤ | ᠨᠦᠬᠦᠳ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠳᠤ ᠶᠢᠨ ᠰᠡᠬᠦᠳᠡᠷ ᠳᠠᠳᠠᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | 8 ᠴᠠᠭ 45 ᠮᠢᠨᠦ᠋ᠲ ᠲᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠬᠠᠮᠲᠤ ᠪᠠᠷ ᠶᠣᠰᠣᠯᠠᠯ ᠤᠨ | ᠲᠡᠷᠭᠡᠨ ᠳᠤ ᠰᠠᠭᠤᠵᠤ᠂ ᠲᠥᠷᠥ ᠶᠢᠨ ᠵᠣᠴᠢᠳ ᠢ ᠬᠠᠮᠠᠭᠠᠯᠠᠬᠤ ᠠᠩᠭᠢ ᠶᠢᠨ ᠬᠠᠮᠠᠭᠠᠯᠠᠯᠲᠠ ᠲᠠᠢ ᠪᠠᠷ ᠠᠷᠠᠳ ᠤᠨ ᠶᠡᠭᠡ | ᠬᠤᠷᠠᠯ ᠤᠨ ᠲᠠᠩᠬᠢᠮ ᠳᠤ ᠬᠥᠷᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨ᠎ᠠ᠂ ᠤᠯᠠᠭᠠᠨ | ᠲᠤᠭ ᠢ ᠥᠨᠳᠥᠷ ᠡᠷᠭᠦᠭᠰᠡᠨ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ 18 ᠶᠣᠰᠣᠯᠠᠯ ᠤᠨ ᠴᠡᠷᠢᠭ | ᠶᠡᠨᠳᠡᠷ ᠳᠡᠭᠡᠷ᠎ᠡ ᠫᠤᠤ ᠠᠳᠬᠤᠨ ᠵᠣᠭᠰᠣᠵᠤ᠂ ᠵᠠᠯᠠᠭᠤᠴᠤᠳ ᠪᠠᠭᠠᠴᠤᠳ ᠪᠠᠶᠠᠷᠯᠠᠨ ᠤᠷᠠᠶᠢᠯᠠᠵᠤ ᠮᠡᠨᠳᠦᠴᠢᠯᠡᠯ ᠳᠡᠪᠰᠢᠭᠦᠯᠪᠡ | ᠃ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠯᠠᠭᠠᠨ ᠬᠡᠪᠢᠰ ᠲᠠᠭᠠᠤ ᠱᠠᠲᠤ ᠪᠠᠷ ᠠᠯᠬᠤᠨ ᠭᠠᠷᠴᠤ᠂ ᠠᠷᠠᠳ ᠤᠨ | ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡ ᠪᠠᠷ ᠣᠷᠣᠪᠠ᠃ ᠨᠠᠮ ᠪᠣᠯᠤᠨ ᠤᠯᠤᠰ ᠤᠨ ᠭᠠᠪᠢᠶ᠎ᠠ ᠵᠢᠳᠬᠦᠯ ᠢᠷᠠᠭᠤ | ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ | ᠲᠡᠳᠡᠨᠤᠰ ᠢ ᠤᠭᠲᠤᠪᠠ᠃ | | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ ᠤᠳᠤᠷᠢᠳᠬᠤ | ᠨᠥᠬᠦᠳ ᠭᠠᠪᠢᠶᠠᠨ ᠳᠡᠮᠳᠡᠭ ᠤᠯᠭᠤᠬᠤ ᠶᠤᠰᠤᠯᠠᠯ ᠤᠨ ᠡᠮᠦᠨ᠎ᠡ ᠪᠦᠬᠦ ᠤᠯᠤᠰ ᠤᠨ ︽ᠬᠤᠶᠠᠷ ᠰᠢᠯᠢᠳᠡᠭ ᠨᠢᠬᠡ ᠲᠡᠷᠢᠬᠦᠨ︾ | ᠢᠶᠠᠷ ᠬᠦᠬᠢᠬᠦᠯᠦᠭᠳᠡᠨ ᠰᠠᠶᠢᠰᠢᠶᠠᠬᠳᠠᠬᠰᠠᠨ ᠬᠦᠮᠦᠰ ᠲᠠᠢ ᠠᠭᠤᠯᠵᠠᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠳᠠᠨ ᠰᠢᠷᠭᠠᠯ ᠲᠢᠩᠬᠢᠮ ᠳᠤ | ᠠᠭᠤᠷ ᠠᠮᠢᠰᠬᠤᠯ ᠲᠦᠪ ᠬᠢᠴᠢᠶᠡᠩᠬᠦᠢ ᠪᠦᠭᠡᠳ ᠬᠦᠷ ᠬᠦᠭᠵᠢᠶᠠᠨᠳᠠᠢ ᠪᠠᠶᠢᠯ᠎ᠠ᠃ ᠤᠯᠠᠭᠠᠨ ᠦᠩᠭᠡ ᠶᠢᠨ ᠠᠷᠤ | ᠦᠵᠡᠭᠳᠡᠯ ᠤᠨ ᠲᠤᠮᠤ ᠬᠠᠪᠲᠠᠰᠤᠨ ᠳᠡᠭᠡᠷ᠎ᠡ᠂ ︽7 · 1 ᠤ ᠭᠠᠪᠢᠶᠠᠨ ᠲᠡᠮᠳᠡᠭ︾ ᠤᠨ ᠵᠢᠷᠤᠭ ᠬᠢᠯᠪᠠᠭ᠎ᠠ ᠰᠠᠴᠤᠷᠠᠨ | ᠬᠠᠷᠠᠬᠳᠠᠨ᠎ᠠ᠃ ᠠᠷᠤ ᠦᠵᠡᠭᠳᠡᠯ ᠤᠨ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ ᠲᠤᠭ ᠢ ᠬᠤᠶᠠᠷ ᠲᠠᠯ᠎ᠠ ᠪᠠᠷ ᠨᠢ | ᠵᠢᠭᠰᠠᠭᠠᠵᠤ᠂ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢᠨ 18 ᠵᠢᠪᠬᠤᠭᠠᠳᠤ ᠲᠦᠷᠢ ᠲᠠᠢ ᠶᠣᠰᠣᠯᠠᠯ ᠤᠨ ᠴᠡᠷᠢᠭ | ᠭᠠᠪᠢᠶᠠᠨ ᠲᠠᠮᠳᠡᠭ ᠣᠯᠭᠤᠬᠤ ᠲᠠᠶᠢᠰᠠᠨ ᠤ ᠬᠤᠶᠠᠷ ᠲᠠᠯ᠎ᠠ ᠪᠠᠷ ᠫᠤᠤ ᠠᠳᠬᠤᠨ ᠵᠣᠭᠰᠣᠪᠠ᠃ | 9 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ︽7 · | 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠬᠤ ᠳᠤ ᠲᠠᠯᠠᠪᠠᠶ | ᠳᠠᠶᠠᠭᠠᠷ ᠢᠶᠠᠨ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠡᠰᠢᠵᠠᠭᠠᠪᠡ᠃ | | 10 ᠴᠠᠭ ᠲᠤ᠂ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ ᠤᠨ ᠪᠦᠷᠢᠶᠡᠴᠢᠳ ᠶᠣᠰᠣᠯᠠᠯ ᠤᠨ | ᠪᠦᠷᠢᠶ᠎ᠡ ᠦᠯᠢᠶᠡᠵᠦ᠂ ᠭᠠᠪᠢᠶᠠᠨ ᠳᠡᠮᠳᠡᠭ ᠣᠯᠭᠤᠬᠤ ᠶᠣᠰᠣᠯᠠᠯ ᠡᠬᠢᠯᠡᠪᠡ᠃ ᠲᠠᠷᠠᠭ᠎ᠠ ᠨᠢ᠂ ︽ᠵᠢᠷᠤᠮ ᠤᠨ ᠴᠡᠷᠢᠭ ᠤᠨ | ᠤᠷᠤᠭᠰᠢᠯᠠᠯᠲᠠ ᠶᠢᠨ ᠬᠥᠭᠵᠢᠮ︾ ᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠯ᠎ᠠ᠃ | ᠸᠠᠩ ᠬᠤ᠋ ᠨᠢᠩ ︽︿7 · 1 ᠤ ᠭᠠᠪᠢᠶᠠᠨ ᠲᠡᠮᠳᠡᠭ﹀ ᠢ ᠣᠯᠭᠤᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠭᠲᠠᠭᠠᠯ ᠳᠤ᠂ ᠳᠤᠮᠳᠠᠳᠤ ᠤᠯᠤᠰ ᠤᠨ | ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠨᠠᠮ ᠪᠣᠯᠤᠨ ᠠᠷᠠᠳ | ᠲᠦᠮᠡᠨ ᠤ ᠦᠢᠯᠡᠰ ᠤᠨ ᠲᠥᠯᠥᠭᠡ ᠨᠠᠰᠤᠨ ᠲᠤᠷᠰᠢᠳᠠ ᠴᠥᠬᠦᠷᠡᠰᠢ ᠦᠭᠡᠢ ᠵᠢᠳᠬᠦᠭᠰᠡᠨ᠂ ᠦᠭᠡ ᠳᠠᠭᠤᠨ ᠦᠭᠡᠢ ᠬᠤᠪᠢ | ᠨᠡᠮᠡᠷᠢ ᠦᠵᠡᠭᠦᠯᠦᠭᠰᠡᠨ᠂ ᠬᠤᠪᠢ ᠨᠡᠮᠡᠷᠢ ᠲᠤᠪᠤᠶᠢᠮ᠎ᠠ᠂ ᠵᠠᠩ ᠮᠣᠷᠠᠯ ᠡᠷᠬᠢᠮ ᠳᠡᠭᠡᠳᠦ ᠭᠠᠪᠢᠶ᠎ᠠ ᠵᠢᠳᠬᠦᠯ ᠲᠠᠢ ᠵᠢᠱᠢᠶᠡᠴᠢ | ᠨᠠᠮ ᠤᠨ ᠭᠡᠰᠢᠭᠦᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠦᠬᠦ ᠨᠠᠮ ᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠠᠴᠠ ᠮᠠ ᠮᠤᠤ ᠵᠢᠶᠧ ᠵᠡᠷᠭᠡ 29 ᠨᠥᠬᠦᠷ ᠲᠤ ︽7 · | 1 ᠤ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ ᠬᠡᠵᠤ ᠵᠢᠭᠠᠵᠤ ᠭᠠᠷᠭᠠᠵᠠᠢ᠃ ︵ᠲᠤᠭᠲᠠᠭᠠᠯ ᠤᠨ ᠪᠥᠬᠦ | ᠠᠭᠤᠯᠭ᠎ᠠ ᠶᠢ ᠠᠰᠳᠠᠭᠠᠨ ᠨᠡᠶᠢᠲᠡᠯᠡᠨ᠎ᠡ︶ | 2 ᠲᠤᠭᠴᠢ ᠨᠠᠮ ᠤᠨ ᠲᠤᠭ ᠢ ᠥᠨᠳᠥᠷ ᠡᠷᠭᠦᠵᠦ᠂ 1 ᠶᠣᠰᠣᠯᠠᠯ ᠤᠨ ᠴᠡᠷᠢᠭ ︽7 · 1 ᠤ ᠭᠠᠪᠢᠶᠠᠨ ᠲᠡᠮᠳᠡᠭ︾ | ᠢ ᠡᠷᠭᠦᠨ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ ᠠᠬᠤᠢ ᠲᠠᠯᠠᠪᠠᠢ ᠳᠤ ᠤᠷᠤᠵᠤ ᠢᠷᠡᠪᠠ᠃ | ᠰᠦᠷ ᠵᠢᠪᠬᠤᠯᠠᠩᠲᠤ ︽ᠦᠨᠡᠨᠴᠢ ᠰᠢᠳᠤᠷᠭᠤ ᠮᠠᠭᠲᠠᠭᠠᠯ ᠳᠠᠭᠤᠤ︾ ᠶᠢᠨ ᠬᠥᠭᠵᠢᠮ ᠤᠨ ᠠᠶᠠᠰ ᠳᠤᠮᠳᠠ᠂ ᠰᠢ ᠶᠢᠨ | ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠲᠡᠳᠡᠨᠤᠰ ᠲᠠᠢ | ᠳᠣᠲᠣᠨᠣ ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ | ᠲᠠᠰᠢᠵᠠᠭᠠᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠪᠢᠶᠠᠨ ᠲᠡᠮᠳᠡᠭ ᠬᠦᠷᠲᠡᠭᠰᠡᠳ ᠲᠤ ᠭᠤᠶᠤ | ᠰᠠᠶᠢᠬᠠᠨ ᠰᠣᠷᠭᠤᠭ ᠴᠡᠴᠡᠭ ᠬᠦᠷᠭᠡᠵᠦ ᠶᠣᠰᠣᠯᠠᠪᠠ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠂ | ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ︽7 · 1 ᠤ ᠭᠠᠪᠢᠶᠠᠨ ᠲᠡᠮᠳᠡᠭ︾ | ᠬᠦᠷᠳᠡᠭᠰᠡᠳ ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ᠂ ᠡᠨᠡ | ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠡᠯ᠎ᠡ ᠹᠷᠣᠨᠲ ᠤᠨ | ᠨᠠᠮ ᠤᠨ ᠭᠡᠰᠢᠭᠦᠨ ᠤ ᠳᠣᠲᠣᠷᠠᠬᠢ ᠰᠢᠯᠭᠠᠷᠠᠭᠰᠠᠨ ᠲᠥᠯᠥᠭᠡᠯᠡᠭᠴᠢ ᠪᠣᠯᠤᠨ᠎ᠠ᠃ ᠲᠡᠳᠡᠨᠤᠰ ᠤᠨ ᠪᠡᠶ᠎ᠡ ᠳᠡᠭᠡᠷ᠎ᠡ ᠳᠤᠮᠳᠠᠳᠤ | ᠤᠯᠤᠰ ᠤᠨ ᠡᠪ ᠬᠠᠮᠲᠤᠴᠤᠳ ᠤᠨ ᠢᠲᠡᠭᠡᠯ ᠵᠣᠷᠢᠭ ᠢᠶᠠᠨ ᠪᠠᠲᠤᠳᠬᠠᠬᠤ᠂ ᠵᠣᠷᠢᠯᠲᠠ ᠪᠠᠨ ᠦᠢᠯᠡᠳᠦᠯᠭᠡᠵᠢᠭᠦᠯᠬᠦ᠂ | ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠬᠦᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠷᠬᠢᠮ | ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠠᠮᠢᠳᠤᠯᠢᠭ ᠢᠶᠠᠷ ᠢᠯᠡᠷᠡᠭᠰᠡᠨ ᠶᠤᠮ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠢᠲᠡᠭᠡᠯ ᠵᠣᠷᠢᠭ ᠢᠶᠠᠨ ᠪᠠᠲᠤᠳᠬᠠᠬᠤ ᠭᠡᠳᠡᠭ ᠨᠢ ᠳᠠᠷᠤᠢ ᠤᠭ ᠰᠠᠨᠠᠭ᠎ᠠ ᠪᠠᠨ ᠦᠯᠦ ᠮᠠᠷᠲᠠᠵᠤ᠂ | ᠢᠲᠡᠭᠡᠯ ᠵᠣᠷᠢᠭ ᠢᠶᠠᠨ ᠦᠯᠦ ᠤᠮᠠᠷᠳᠠᠬᠤ ᠶᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ ᠲᠠᠢ ᠬᠦᠰᠡᠯᠡᠩ ᠢᠲᠡᠭᠡᠯ | ᠪᠢᠰᠢᠷᠡᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠰᠡᠳᠭᠢᠯ ᠢᠶᠠᠷ᠂ ᠨᠠᠮ ᠪᠣᠯᠤᠨ ᠠᠷᠠᠳ | ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠪᠠᠲᠤ ᠴᠡᠭᠡᠵᠢᠯᠡᠵᠦ᠂ ᠦᠢᠯᠡ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠥᠪᠡᠷ ᠤᠨ | ᠠᠯᠢᠪᠠ ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ ᠤᠨ | ᠲᠥᠯᠥᠭᠡ ᠴᠥᠬᠦᠷᠡᠰᠢ ᠦᠭᠡᠢ ᠡᠷᠡᠰ ᠢᠶᠠᠷ ᠲᠡᠮᠡᠴᠡᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠮᠠᠷᠺᠰ ᠤᠨ | ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ | ᠵᠣᠷᠢᠭ ᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠠᠮ ᠢᠶᠠᠨ ᠢᠲᠡᠭᠡᠵᠦ ᠨᠠᠮ ᠢᠶᠠᠨ ᠬᠠᠶᠢᠷᠠᠯᠠᠵᠤ | ᠨᠠᠮ ᠤᠨ ᠲᠥᠯᠥᠭᠡ ᠵᠢᠳᠬᠦᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠬᠢᠮ | ᠳᠡᠭᠡᠳᠦ ᠬᠦᠰᠡᠯᠡᠩ ᠤᠨ ᠲᠥᠯᠥᠭᠡ ᠲᠡᠮᠡᠴᠡᠬᠦ ᠦᠢᠯᠡᠳᠦᠯᠭᠡ ᠶᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠷᠢᠯᠲᠠ ᠪᠠᠨ ᠦᠢᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ | ᠰᠡᠳᠬᠢᠯᠭᠡ ᠲᠠᠢ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠤ᠂ ᠠᠷᠠᠳ ᠲᠦᠮᠡᠨ ᠤ ᠲᠥᠯᠥᠭᠡ ᠠᠵᠢᠯᠯᠠᠵᠤ ᠵᠢᠳᠬᠦᠨ᠂ | ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠭᠠᠴᠢᠭᠳᠠᠵᠤ ᠪᠠᠶᠢᠭ᠎ᠠ ᠵᠦᠢᠯ ᠳᠤ | ᠰᠠᠨᠠᠭᠠᠰᠢᠷᠠᠵᠤ᠂ ᠤᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ | ᠤᠯᠠᠨ ᠲᠦᠮᠡᠨ ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠪᠤᠶᠠᠨ ᠦᠢᠯᠡᠳᠴᠦ᠂ | ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ︽ᠠᠮᠢ ᠪᠡᠶ᠎ᠡ ᠪᠠᠨ ᠦᠯᠦ | ᠪᠤᠳᠤᠵᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ︾ ᠪᠠᠶᠢᠬᠤ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠢᠯᠡᠷᠡᠭᠦᠯᠬᠦ | ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠠᠷᠠᠳ ᠲᠦᠮᠡᠨ ᠤ ᠲᠠᠯ᠎ᠠ ᠳᠤ ᠵᠤᠭᠰᠤᠬᠤ᠂ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ | ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠢ ᠭᠡᠵᠦ | ᠵᠢᠭᠠᠵᠦ ᠭᠠᠷᠭᠠᠪᠠ᠃ | ᠰᠢ ᠶᠢᠨ ᠫᠢᠩ᠂ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ ᠤᠯᠤᠰ ᠤᠨ ᠢᠶᠠᠨ | ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠮᠢᠳᠤᠷᠠᠬᠤᠢ ᠶᠢᠨ ᠬᠠᠷᠠᠯᠲᠠ ᠪᠣᠯᠭᠠᠵᠤ᠂ ᠬᠦᠴᠢᠷ | ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠠᠮᠢ ᠪᠡᠶ᠎ᠡ ᠪᠠᠨ ᠦᠷᠡᠭᠳᠡᠭᠦᠯᠵᠦ᠂ ᠰᠢᠷᠭᠠᠭᠤ ᠠᠵᠢᠯᠯᠠᠵᠤ ᠪᠣᠳᠠᠲᠠᠢ | ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ ᠬᠠᠮᠲᠤᠴᠤᠳ ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ | ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ | ᠴᠥᠮ ︽ᠪᠡᠷᠬᠡ ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ︾ ᠪᠠᠭᠠᠲᠤᠷᠯᠢᠭ ᠵᠤᠷᠢᠭ ᠰᠠᠨᠠᠭ᠎ᠠ ᠶᠢ | ᠪᠠᠷᠢᠮᠲᠠᠯᠠᠨ᠂ ︽ᠲᠡᠭᠷᠢ ᠭᠠᠵᠠᠷ ᠢ ᠳᠤᠩᠰᠤᠯᠭᠠᠬᠤ ᠰᠢᠨ᠎ᠡ ᠬᠤᠪᠢᠷᠠᠯᠲᠠ ᠭᠠᠷᠭᠠᠬᠤ︾ ᠣᠮᠤᠭ ᠪᠠᠳᠠᠷᠠᠩᠭᠤᠢ ᠲᠡᠮᠡᠴᠡᠯ ᠤᠨ | ᠵᠣᠷᠢᠭ ᠢᠶᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠪᠣᠯ ᠳᠠᠷᠤᠢ ᠡᠪ ᠬᠠᠮᠲᠤᠴᠤᠳ ᠤᠨ | ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶᠢᠲᠡ ᠶᠢᠨ ᠲᠥᠯᠥᠭᠡ ᠬᠤᠪᠢ ᠪᠡᠶ᠎ᠡ ᠪᠠᠨ ᠤᠮᠠᠷᠳᠠᠬᠤ ᠦᠡᠭᠭᠡ | ᠭᠡᠷᠡᠯᠲᠦ ᠤᠯᠠᠮᠵᠢᠯᠠᠯ ᠢᠶᠠᠨ ᠪᠠᠷᠢᠮᠲᠠᠯᠠᠵᠤ᠂ ᠶᠡᠷᠦ ᠠᠴᠠ ᠭᠠᠪᠢᠶ᠎ᠠ ᠳᠠᠭᠠᠨ ᠡᠷᠳᠦᠬᠦ ᠦᠭᠡᠢ᠂ ᠬᠤᠪᠢ ᠬᠥᠮᠦᠨ ᠤ ᠣᠯᠵᠤ | ᠠᠯᠳᠠᠬᠤ ᠶᠢ ᠬᠠᠶᠢᠬᠤᠷᠬᠤ ᠦᠭᠡᠢ᠂ ᠵᠢᠷᠭᠠᠯ ᠴᠡᠩᠭᠡᠯ ᠢ ᠬᠥᠭᠡᠭᠡᠴᠡᠯᠳᠦᠬᠦ ᠦᠭᠡᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ | ᠲᠦᠷᠢᠮ ᠢ ᠡᠷᠬᠢᠮᠯᠡᠬᠦ ᠶᠢ ᠪᠠᠷᠢᠮᠲᠠᠯᠠᠵᠤ᠂ ᠡᠪ ᠬᠠᠮᠲᠤᠴᠤᠳ ᠤᠨ ᠪᠠᠶᠢᠪᠠᠰᠤ ᠵᠣᠬᠢᠬᠤ ᠶᠣᠰᠣ ᠰᠤᠷᠲᠠᠬᠤᠨ ᠤ ᠬᠡᠪ ᠰᠤᠷᠲᠠᠯ ᠢ | ᠠᠮᠢᠳᠤᠯᠢᠭ ᠢᠶᠠᠷ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠶᠡᠭᠡ ᠶᠣᠰᠣ ᠶᠢ ᠮᠡᠳᠡᠵᠦ᠂ | ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠰᠤᠷᠲᠠᠬᠤᠨ ᠢᠶᠠᠨ ᠴᠢᠩᠳᠠᠯᠠᠨ᠂ ᠠᠷᠢᠭᠤᠨ ᠴᠢᠬᠡᠴᠢ ᠪᠠᠷ | ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠬᠤᠪᠢ ᠶᠢᠨ ᠠᠰᠢᠭ ᠢᠶᠠᠨ ᠲᠡᠪᠴᠢᠨ ᠨᠡᠶᠢᠲᠡ ᠶᠢᠨ | ᠲᠥᠯᠥᠭᠡ ᠵᠢᠳᠬᠦᠵᠦ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ | ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠪᠣᠯ ᠪᠠᠭᠠᠲᠤᠷᠴᠤᠳ ᠢ ᠬᠡᠷᠡᠭᠰᠡᠬᠦ ᠪᠥᠭᠡᠳ ᠯᠠᠪᠳᠠᠢ ᠪᠠᠭᠠᠲᠤᠷᠴᠤᠳ | ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠴᠠᠭ ᠦᠶ᠎ᠡ ᠶᠢᠨ ᠬᠤᠰᠢᠭᠤᠴᠢ᠂ | ᠦᠨᠳᠦᠰᠦᠲᠡᠨ ᠤ ᠨᠢᠷᠤᠭᠤ ᠲᠤᠯᠭᠠᠭᠤᠷᠢ ᠪᠣᠯᠤᠶ᠎ᠠ ᠭᠡᠪᠡᠯ᠂ ᠨᠠᠮ ᠤᠨ ᠭᠡᠰᠢᠭᠦᠨ ᠤ ᠡᠩᠨᠡᠭᠡ ᠡᠷᠬᠡᠪᠰᠢ ᠪᠠᠲᠤ ᠴᠢᠩᠭ᠎ᠠ | ᠪᠠᠶᠢᠬᠤ ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ ᠨᠥᠬᠦᠳ ᠢᠷᠠᠭᠤ ᠠᠯᠳᠠᠷ ᠢᠶᠠᠨ ᠨᠠᠨᠳᠢᠩᠨᠠᠨ᠂ ᠠᠮᠵᠢᠯᠲᠠ | ᠪᠦᠲᠦᠮᠵᠢ ᠪᠠᠨ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠶᠢ ᠬᠦᠰᠡᠵᠦ ᠪᠠᠶᠢᠨ᠎ᠠ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠠᠮᠢᠳᠤᠷᠠᠯ ᠤᠨ ᠲᠠᠯ᠎ᠠ ᠪᠠᠷ ᠭᠠᠪᠢᠶ᠎ᠠ ᠵᠢᠳᠭᠦᠯᠲᠦ ᠨᠠᠮ ᠤᠨ | ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠨ ᠰᠡᠳᠬᠢᠯ ᠬᠥᠳᠡᠯᠭᠡᠮ᠎ᠡ | ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ ᠢ ᠬᠦᠴᠦᠯᠡᠨ ᠤᠬᠠᠭᠤᠯᠵᠤ᠂ ᠪᠥᠬᠦ ᠨᠠᠮ ᠪᠥᠬᠦ ᠨᠡᠶᠢᠭᠡᠮ ᠳᠤ | ᠲᠡᠷᠢᠭᠦᠨ ᠤ ᠬᠢ ᠶᠢ ᠡᠷᠬᠢᠮᠯᠡᠬᠦ᠂ ᠡᠷᠳᠡᠮᠲᠡᠨ ᠮᠡᠷᠭᠡᠳ ᠠᠴᠠ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠵᠤᠷᠢᠭᠵᠢᠭᠤᠯᠤᠨ ᠨᠠᠮ ᠤᠨ ᠰᠢᠨᠵᠢ ᠴᠢᠨᠠᠷ ᠵᠣᠷᠢᠯᠲᠠ ᠶᠢ ᠪᠠᠲᠤ | ᠴᠡᠭᠡᠵᠢᠯᠡᠵᠦ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂ | ᠥᠨᠢ ᠡᠭᠦᠷᠢᠳᠡ ᠲᠡᠮᠡᠴᠡᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠰᠢᠨ᠎ᠡ ᠠᠶᠠᠨ ᠵᠠᠮ ᠳᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠶᠣᠰᠣᠯᠠᠯ ᠳᠡᠭᠡᠷ᠎ᠡ᠂ ᠶᠦᠨᠨᠠᠨ ᠮᠤᠵᠢ ᠶᠢᠨ ᠯᠢᠵᠢᠶᠠᠩ ᠤᠨ ᠬᠤᠸᠠ ᠫᠢᠩ ᠡᠮᠡᠭᠲᠡᠶᠢᠴᠦᠳ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠬᠦᠶ ᠮᠧᠶ ︽7 · 1 ᠤ | ᠭᠠᠪᠢᠶᠠᠨ ᠲᠡᠮᠳᠡᠭ︾ ᠬᠦᠷᠲᠡᠭᠰᠡᠳ ᠢ ᠲᠥᠯᠥᠭᠡᠯᠡᠨ ᠦᠭᠡ ᠶᠠᠷᠢᠵᠠᠢ᠃ | ᠭᠠᠪᠢᠶᠠᠠ ᠲᠡᠮᠲᠡᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ︽7 · | 1 ᠤ ᠭᠠᠪᠢᠶᠠᠨ ᠲᠡᠮᠳᠡᠭ︾ ᠭᠥᠷᠳᠡᠭᠰᠡᠳ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠭᠠᠪᠢᠶᠠᠠ ᠲᠡᠮᠲᠡᠭ ᠣᠯᠭᠤᠬᠤ ᠶᠣᠰᠣᠯᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠦᠬᠦ | ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠲᠠᠢ ᠠᠭᠤᠯᠵᠠᠭᠰᠠᠨ | ᠪᠥᠭᠡᠳ ᠤᠯᠠᠨ ᠲᠠᠢ ᠬᠠᠮᠲᠤ ᠰᠡᠬᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ | ᠱᠦᠵᠢ ᠨᠡᠷ ᠤᠨ ᠭᠠᠵᠠᠷ ᠤᠨ ᠱᠦᠵᠢ᠂ ᠬᠡᠰᠡᠭ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠭᠡᠰᠡᠭ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠭᠡᠰᠢᠭᠦᠨ ᠭᠠᠪᠢᠶᠠᠠ ᠲᠡᠮᠲᠡᠭ ᠤᠯᠭᠤᠬᠤ ᠶᠣᠰᠣᠯᠠᠯ ᠳᠤ ᠣᠷᠣᠯᠴᠠᠵᠠᠢ᠃ | ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠡᠭᠡᠵᠢᠩ | ᠬᠤᠲᠠ ᠶᠢᠨ ᠬᠠᠷᠢᠭᠤᠴᠠᠯᠭᠠᠲᠠᠨ ᠨᠥᠬᠦᠳ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠵᠢᠴᠢ ᠲᠡᠳᠡᠨ ᠤ ᠲᠥᠷᠥᠯ | ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠲᠥᠯᠥᠭᠡᠯᠡᠭᠴᠢ᠂ ᠥᠩᠭᠡᠷᠡᠭᠰᠡᠨ ᠤ ᠭᠠᠪᠢᠶᠠᠠ ᠲᠡᠮᠲᠡᠭ ᠢᠷᠠᠭᠤ | ᠠᠯᠳᠠᠷ ᠤᠨ ᠬᠥᠬᠢᠭᠦᠯᠦᠯ ᠰᠠᠶᠢᠰᠢᠶᠠᠯ ᠢ ᠬᠦᠷᠲᠡᠭᠰᠡᠳ ᠤᠨ ᠲᠥᠯᠥᠭᠡᠯᠡᠭᠴᠢ᠂ ︽ᠨᠠᠮ ᠤᠨ ᠭᠡᠰᠢᠬᠦᠨ ᠪᠤᠯᠤᠭᠰᠠᠨ ᠢᠷᠠᠭᠤ | ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ ᠲᠥᠯᠥᠭᠡᠯᠡᠭᠴᠢ ᠪᠣᠯᠤᠨ ᠠᠬᠠᠮᠠᠳ ᠨᠠᠮ ᠤᠨ | ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ᠂ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠤ ᠲᠥᠯᠥᠭᠡᠯᠡᠭᠴᠢ ᠲᠣᠰ | ᠲᠣᠰ ᠭᠠᠪᠢᠶᠠᠠ ᠲᠡᠮᠲᠡᠭ ᠤᠯᠭᠤᠬᠤ ᠶᠣᠰᠣᠯᠠᠯ ᠳᠤ ᠣᠷᠣᠯᠴᠠᠵᠠᠶ᠃ ᠪᠦᠬᠦ ᠤᠯᠤᠰ ᠤᠨ ︽ᠬᠤᠶᠠᠷ ᠰᠢᠯᠢᠳᠡᠭ ᠨᠢᠭᠡ | ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠭᠠᠪᠢᠶᠠᠠ ᠲᠡᠮᠲᠡᠭ ᠣᠯᠭᠤᠬᠤ ᠶᠣᠰᠣᠯᠠᠯ ᠪᠤᠶᠤ ᠠᠷᠠᠳ ᠤᠨ ᠶᠡᠭᠡ | ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠭᠠᠪᠢᠶᠠᠠ ᠲᠡᠮᠲᠡᠭ ᠤᠯᠭᠤᠬᠤ ᠶᠣᠰᠣᠯᠠᠯ ᠤᠨ ᠰᠢᠭᠤᠳ | ᠨᠡᠪᠲᠡᠷᠡᠭᠦᠯᠭᠡ ᠶᠢ ᠰᠣᠨᠢᠷᠬᠠᠪᠠ᠃ | ︽ᠪᠦᠬᠦ ᠤᠯᠤᠰ ᠤᠨ ᠬᠤᠶᠠᠷ ᠰᠢᠯᠢᠲᠡᠭ ᠨᠢᠭᠡ ᠲᠡᠷᠢᠭᠦᠨ︾ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ 28 ᠤ | ᠦᠲᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠶᠠᠪᠤᠭᠲᠠᠵᠦ᠂ ᠬᠦᠬᠢᠭᠦᠯᠦᠭᠲᠡᠡ | ᠰᠠᠶᠢᠰᠢᠶᠠᠭᠲᠠᠭᠰᠠᠠ ᠬᠤᠪᠢ ᠬᠦᠮᠦᠨ ᠪᠤᠯᠤᠨ ᠬᠠᠮᠲᠤ ᠶᠢᠨ ᠲᠦᠯᠦᠭᠡᠯᠡᠭᠴᠢ ᠳᠤ ᠱᠠᠩᠨᠠᠯ ᠤᠯᠭᠤᠵᠠᠢ᠃ ᠸᠠᠩ ᠬᠤ᠋ ᠨᠢᠩ | ᠶᠡᠭᠡ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠂ ᠲᠡᠷᠡ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠭᠡᠢ ᠱᠦᠵᠢ ᠰᠢ ᠶᠢᠨ ᠫᠢᠩ ︽ᠬᠤᠶᠠᠷ ᠰᠢᠯᠢᠲᠡᠭ ᠨᠢᠭᠡ ᠲᠡᠷᠢᠭᠦᠨ︾ ᠢ ᠰᠢᠯᠭᠠᠷᠠᠭᠤᠯᠵᠦ ᠬᠦᠬᠢᠭᠦᠯᠦᠨ | ᠰᠠᠶᠢᠰᠢᠶᠠᠬᠤ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠨᠠᠮ ᠤᠨ ᠭᠡᠰᠢᠭᠦᠨ ᠤ ᠦᠢᠯᠡᠲᠦᠯ ᠢ | ᠪᠠᠲᠠᠷᠠᠭᠤᠯᠬᠤ ᠪᠠ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠬᠤ | ᠠᠵᠢᠯ ᠤᠨ ᠲᠤᠬᠠᠢ ᠠᠯᠢ ᠤᠯᠠᠠ ᠴᠢᠬᠤᠯᠠ ᠵᠢᠭᠠᠪᠤᠷᠢ ᠦᠭᠴᠤ᠂ ᠪᠢᠳᠠᠨᠤᠰ ᠲᠤ ᠴᠢᠷᠮᠠᠶᠢᠬᠤ ᠴᠢᠭᠯᠡᠯ ᠢ ᠵᠢᠭᠠᠠ ᠦᠭᠴᠠᠢ᠃ | ᠦᠷᠭᠡᠡ ᠤᠯᠠᠠ ᠨᠠᠮ ᠤᠨ ᠭᠡᠰᠢᠭᠦᠨ ᠪᠤᠯᠤᠨ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠬᠢᠨ | ᠲᠡᠷᠢᠭᠦᠨ ᠤ ᠨᠡᠶᠢᠲᠡᠯᠢᠭ ᠵᠢᠱᠢᠶ᠎ᠠ ᠪᠠᠷ ᠦᠯᠢᠭᠡᠷ ᠲᠠᠭᠤᠷᠢᠶᠠᠯ ᠪᠤᠯᠭᠠᠵᠦ᠂ ᠨᠠᠮᠴᠢ ᠴᠢᠨᠠᠷ ᠢᠶᠠᠨ ᠲᠠᠪᠲᠠᠠ ᠪᠤᠯᠪᠠᠰᠤᠷᠠᠭᠤᠯᠵᠦ᠂ | ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠡᠴᠢ ᠪᠠᠷ | ᠬᠦᠢᠴᠡᠳᠭᠡᠵᠦ᠂ ᠦᠪᠡᠷ ᠤᠨ ᠪᠡᠶ᠎ᠠ ᠳᠡᠭᠡᠨ ᠵᠤᠷᠢᠠᠠᠲᠠᠢ ᠬᠤᠪᠢᠰᠬᠠᠯ ᠬᠢᠵᠦ᠂ ᠬᠤᠰᠢᠭᠤᠴᠢ ᠲᠠᠭᠤᠷᠢᠶᠠᠯ ᠤᠨ ᠦᠢᠯᠡᠲᠦᠯ | ᠪᠤᠯᠤᠨ ᠲᠠᠶᠢᠴᠢᠨ ᠪᠠᠬᠢᠯᠡᠯᠲᠠ ᠶᠢᠨ ᠦᠢᠯᠡᠲᠦᠯ ᠢᠶᠠᠨ ᠨᠡᠩ ᠰᠠᠶᠢᠨ ᠪᠠᠲᠠᠷᠠᠭᠤᠯᠬᠤ ᠭᠡᠷᠡᠭᠲᠡᠢ ᠭᠡᠵᠦ ᠢᠯᠡᠳᠭᠡᠪᠡ᠃ | ᠵᠤᠤ ᠯᠧ ᠵᠢᠢ ᠶᠡᠭᠡ ᠬᠤᠷᠠᠯ ᠳᠤ ᠣᠷᠣᠯᠴᠠᠵᠠᠢ᠃ ᠴᠧᠨ ᠰᠢ ︽ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ | ᠭᠡᠰᠢᠭᠦᠨ᠂ ᠪᠦᠬᠦ ᠤᠯᠤᠰ ᠤᠨ ᠰᠢᠯᠢᠳᠡᠭ ᠨᠠᠮ ᠤᠨ ᠠᠵᠢᠯᠳᠠᠨ ᠪᠣᠯᠤᠨ ᠪᠦᠬᠦ ᠤᠯᠤᠰ ᠤᠨ ᠲᠡᠷᠢᠭᠦᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠢᠭᠦᠯᠦᠨ ᠰᠠᠶᠢᠰᠢᠶᠠᠭᠳᠠᠭᠰᠠᠳ ᠤᠨ | ᠲᠥᠯᠥᠭᠡᠯᠡᠭᠴᠢ ᠦᠭᠡ ᠭᠡᠯᠡᠵᠠᠢ᠃ |