ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2021/7/1
      ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ   ᠪᠦᠬᠦ ᠤᠯᠤᠰ ᠤᠨ ︽ᠬᠤᠶᠠᠷ ᠰᠢᠯᠢᠳᠡᠭ ᠨᠢᠬᠡ ᠲᠡᠷᠢᠬᠦᠨ︾ ᠢᠶᠠᠷ ᠬᠦᠬᠢᠬᠦᠯᠦᠭᠳᠡᠨ ᠰᠠᠶᠢᠰᠢᠶᠠᠬᠳᠠᠬᠰᠠᠨ ᠬᠦᠮᠤᠰ ᠲᠠᠢ ᠠᠭᠤᠯᠵᠠᠵᠠᠢ   ᠯᠢ ᠺᠧ ᠴᠢᠶᠠᠩ  ᠯᠢ ᠵᠠᠨ ᠱᠤ᠋  ᠸᠠᠩ ᠶᠠᠩ  ᠸᠠᠩ ᠬᠤ᠋ ᠨᠢᠩ  ᠵᠤᠤ ᠯᠧ ᠵᠢᠢ  ᠬᠠᠨ ᠵᠧᠩ  ᠸᠠᠩ ᠴᠢ ᠱᠠᠨ ᠠᠵᠢᠯᠯᠠᠭ᠎ᠠ ᠳᠤ ᠤᠷᠤᠯᠴᠠᠵᠠᠢ      ᠭᠠᠪᠢᠶ᠎ᠠ ᠵᠢᠳᠬᠦᠯ ᠲᠠᠢ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠳᠠᠭᠠᠨ ᠡᠷᠡᠯᠬᠡᠭᠯᠡᠨ ᠤᠷᠤᠭᠰᠢᠯᠠᠰᠤᠭᠠᠢ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ 29 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠵᠠᠭᠤᠨ ᠵᠢᠯ ᠤᠨ ᠲᠤᠷᠰᠢ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠤᠯᠤᠰ ᠭᠦᠷᠦᠨ ᠤ ᠪᠠᠶᠠᠵᠢᠯ ᠬᠦᠴᠦᠷᠬᠡᠭᠵᠢᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ ᠬᠤᠶᠢᠨ᠎ᠠ ᠬᠤᠶᠢᠨ᠎ᠠ ᠠᠴᠠ ᠪᠠᠨ ᠲᠡᠮᠡᠴᠡᠵᠦ᠂ ᠴᠢᠰᠤ ᠤᠷᠤᠰᠬᠠᠨ ᠪᠠᠶᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠭᠤᠶᠠᠴᠢ ᠦᠭᠡᠢ ᠵᠢᠳᠬᠦᠵᠦ᠂ ᠠᠭᠤᠯᠠ ᠶᠢ ᠳᠣᠩᠰᠣᠯᠭᠠᠵᠤ ᠮᠦᠷᠡᠨ ᠢ ᠴᠠᠯᠬᠢᠭᠤᠯᠤᠬᠰᠠᠨ ᠪᠠᠭᠠᠲᠤᠷᠯᠢᠭ ᠳᠠᠭᠤᠯᠠᠯ ᠢ ᠪᠢᠴᠢᠭᠯᠡᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠢᠳᠡ ᠠᠳᠡ ᠦᠪᠡᠳᠡᠭᠰᠢ ᠶᠡᠭᠡ ᠪᠠᠷ ᠶᠣᠰᠣᠯᠠᠯ ᠶᠠᠪᠤᠭᠤᠯᠵᠤ᠂ ᠨᠠᠮ ᠤᠨ ᠳᠣᠲᠣᠭᠠᠳᠤ ᠶᠢᠨ ᠬᠠᠮᠤᠭ ᠤᠨ ᠳᠡᠭᠡᠳᠦ ᠢᠷᠠᠭᠤ ᠠᠯᠳᠠᠷ ᠢ ᠨᠠᠮ ᠪᠠ ᠠᠷᠠᠳ ᠲᠦᠮᠡᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ ᠤᠨ ᠭᠡᠰᠢᠭᠦᠨ ᠳᠤ ᠣᠯᠭᠤᠵᠦ ᠪᠠᠶᠢᠨ᠎ᠠ ᠭᠡᠵᠦ ᠴᠢᠬᠤᠯᠠᠴᠢᠯᠠᠪᠠ᠃      6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠬᠦᠳᠡᠷᠯᠡᠪᠡ      ᠰᠢ ᠶᠢᠨ ᠫᠢᠩ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠴᠥᠮ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠦᠭᠡ ᠳᠠᠭᠤᠨ ᠦᠭᠡᠢ ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ ᠤᠨ ᠪᠠᠭᠠᠲᠤᠷ ᠮᠥᠨ᠃ ᠲᠡᠳᠡ ᠨᠡᠷ ᠤᠨ ᠦᠢᠯᠡ ᠠᠵᠢᠯᠯᠠᠭ᠎ᠠ ᠠᠴᠠ ᠲᠠᠭᠠᠨ ᠰᠤᠷᠤᠯᠴᠠᠵᠤ ᠦᠢᠯᠡᠳᠤᠯᠭᠡᠵᠢᠬᠦᠯᠵᠦ᠂ ᠲᠡᠳᠡ ᠨᠠᠷ ᠤᠨ ᠵᠣᠷᠢᠭ ᠰᠠᠨᠠᠭ᠎ᠠ ᠶᠢ ᠰᠤᠷᠤᠯᠴᠠᠭᠤᠰᠢᠳᠠᠢ ᠶᠤᠮ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠬᠠᠳᠠᠨ ᠵᠣᠷᠢᠭ ᠢᠶᠠᠨ ᠪᠠᠲᠤᠳᠬᠠᠵᠤ᠂ ᠡᠩ ᠤᠨ ᠦᠶ᠎ᠡ ᠳᠤ ᠦᠵᠡᠵᠦ ᠭᠠᠷᠤᠨ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠪᠡᠯ᠂ ᠨᠠᠮ ᠤᠨ ᠭᠡᠰᠢᠭᠦᠨ ᠨᠢᠭᠡᠪᠦᠷᠢ ᠴᠦᠮ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠨᠠᠮ ᠪᠣᠯᠤᠨ ᠠᠷᠠᠳ ᠲᠦᠮᠡᠨ ᠤ ᠲᠥᠯᠥᠭᠡ ᠭᠠᠪᠢᠶ᠎ᠠ ᠵᠢᠳᠬᠦᠯ ᠪᠠᠶᠢᠭᠤᠯᠵᠤ ᠴᠢᠳᠠᠨ᠎ᠠ ᠭᠡᠳᠡᠭ ᠢ ᠲᠡᠳᠡ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ ᠬᠡᠵᠤ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠶᠣᠰᠣᠯᠠᠯ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ ᠬᠤᠷᠠᠯ ᠢ ᠡᠷᠬᠢᠯᠡᠪᠡ᠃
    6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ ᠤᠳᠤᠷᠢᠳᠬᠤ ᠨᠦᠬᠦᠳ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠳᠤ ᠶᠢᠨ ᠰᠡᠬᠦᠳᠡᠷ ᠳᠠᠳᠠᠭᠤᠯᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠬᠦᠳᠡᠷᠯᠡᠪᠡ      8 ᠴᠠᠭ 45 ᠮᠢᠨᠦ᠋ᠲ ᠲᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠬᠠᠮᠲᠤ ᠪᠠᠷ ᠶᠣᠰᠣᠯᠠᠯ ᠤᠨ ᠲᠡᠷᠭᠡᠨ ᠳᠤ ᠰᠠᠭᠤᠵᠤ᠂ ᠲᠥᠷᠥ ᠶᠢᠨ ᠵᠣᠴᠢᠳ ᠢ ᠬᠠᠮᠠᠭᠠᠯᠠᠬᠤ ᠠᠩᠭᠢ ᠶᠢᠨ ᠬᠠᠮᠠᠭᠠᠯᠠᠯᠲᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠥᠷᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨ᠎ᠠ᠂ ᠤᠯᠠᠭᠠᠨ ᠲᠤᠭ ᠢ ᠥᠨᠳᠥᠷ ᠡᠷᠭᠦᠭᠰᠡᠨ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ 18 ᠶᠣᠰᠣᠯᠠᠯ ᠤᠨ ᠴᠡᠷᠢᠭ ᠶᠡᠨᠳᠡᠷ ᠳᠡᠭᠡᠷ᠎ᠡ ᠫᠤᠤ ᠠᠳᠬᠤᠨ ᠵᠣᠭᠰᠣᠵᠤ᠂ ᠵᠠᠯᠠᠭᠤᠴᠤᠳ ᠪᠠᠭᠠᠴᠤᠳ ᠪᠠᠶᠠᠷᠯᠠᠨ ᠤᠷᠠᠶᠢᠯᠠᠵᠤ ᠮᠡᠨᠳᠦᠴᠢᠯᠡᠯ ᠳᠡᠪᠰᠢᠭᠦᠯᠪᠡ ᠃ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠯᠠᠭᠠᠨ ᠬᠡᠪᠢᠰ ᠲᠠᠭᠠᠤ ᠱᠠᠲᠤ ᠪᠠᠷ ᠠᠯᠬᠤᠨ ᠭᠠᠷᠴᠤ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡ ᠪᠠᠷ ᠣᠷᠣᠪᠠ᠃ ᠨᠠᠮ ᠪᠣᠯᠤᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ ᠲᠡᠳᠡᠨᠤᠰ ᠢ ᠤᠭᠲᠤᠪᠠ᠃
     6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ ᠵᠡᠷᠭᠡ ᠤᠳᠤᠷᠢᠳᠬᠤ ᠨᠥᠬᠦᠳ ᠭᠠᠪᠢᠶᠠᠨ ᠳᠡᠮᠳᠡᠭ ᠤᠯᠭᠤᠬᠤ ᠶᠤᠰᠤᠯᠠᠯ ᠤᠨ ᠡᠮᠦᠨ᠎ᠡ ᠪᠦᠬᠦ ᠤᠯᠤᠰ ᠤᠨ ︽ᠬᠤᠶᠠᠷ ᠰᠢᠯᠢᠳᠡᠭ ᠨᠢᠬᠡ ᠲᠡᠷᠢᠬᠦᠨ︾ ᠢᠶᠠᠷ ᠬᠦᠬᠢᠬᠦᠯᠦᠭᠳᠡᠨ ᠰᠠᠶᠢᠰᠢᠶᠠᠬᠳᠠᠬᠰᠠᠨ ᠬᠦᠮᠦᠰ ᠲᠠᠢ ᠠᠭᠤᠯᠵᠠᠵᠠᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ      ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠳᠠᠨ ᠰᠢᠷᠭᠠᠯ ᠲᠢᠩᠬᠢᠮ ᠳᠤ ᠠᠭᠤᠷ ᠠᠮᠢᠰᠬᠤᠯ ᠲᠦᠪ ᠬᠢᠴᠢᠶᠡᠩᠬᠦᠢ ᠪᠦᠭᠡᠳ ᠬᠦᠷ ᠬᠦᠭᠵᠢᠶᠠᠨᠳᠠᠢ ᠪᠠᠶᠢᠯ᠎ᠠ᠃ ᠤᠯᠠᠭᠠᠨ ᠦᠩᠭᠡ ᠶᠢᠨ ᠠᠷᠤ ᠦᠵᠡᠭᠳᠡᠯ ᠤᠨ ᠲᠤᠮᠤ ᠬᠠᠪᠲᠠᠰᠤᠨ ᠳᠡᠭᠡᠷ᠎ᠡ᠂ ︽7 · 1 ᠤ ᠭᠠᠪᠢᠶᠠᠨ ᠲᠡᠮᠳᠡᠭ︾ ᠤᠨ ᠵᠢᠷᠤᠭ ᠬᠢᠯᠪᠠᠭ᠎ᠠ ᠰᠠᠴᠤᠷᠠᠨ ᠬᠠᠷᠠᠬᠳᠠᠨ᠎ᠠ᠃ ᠠᠷᠤ ᠦᠵᠡᠭᠳᠡᠯ ᠤᠨ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠵᠤ᠂ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢᠨ 18 ᠵᠢᠪᠬᠤᠭᠠᠳᠤ ᠲᠦᠷᠢ ᠲᠠᠢ ᠶᠣᠰᠣᠯᠠᠯ ᠤᠨ ᠴᠡᠷᠢᠭ ᠭᠠᠪᠢᠶᠠᠨ ᠲᠠᠮᠳᠡᠭ ᠣᠯᠭᠤᠬᠤ ᠲᠠᠶᠢᠰᠠᠨ ᠤ ᠬᠤᠶᠠᠷ ᠲᠠᠯ᠎ᠠ ᠪᠠᠷ ᠫᠤᠤ ᠠᠳᠬᠤᠨ ᠵᠣᠭᠰᠣᠪᠠ᠃      9 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠬᠤ ᠳᠤ ᠲᠠᠯᠠᠪᠠᠶ ᠳᠠᠶᠠᠭᠠᠷ ᠢᠶᠠᠨ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠡᠰᠢᠵᠠᠭᠠᠪᠡ᠃
     10 ᠴᠠᠭ ᠲᠤ᠂ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ ᠤᠨ ᠪᠦᠷᠢᠶᠡᠴᠢᠳ ᠶᠣᠰᠣᠯᠠᠯ ᠤᠨ ᠪᠦᠷᠢᠶ᠎ᠡ ᠦᠯᠢᠶᠡᠵᠦ᠂ ᠭᠠᠪᠢᠶᠠᠨ ᠳᠡᠮᠳᠡᠭ ᠣᠯᠭᠤᠬᠤ ᠶᠣᠰᠣᠯᠠᠯ ᠡᠬᠢᠯᠡᠪᠡ᠃ ᠲᠠᠷᠠᠭ᠎ᠠ ᠨᠢ᠂ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠯ᠎ᠠ᠃      ᠸᠠᠩ ᠬᠤ᠋ ᠨᠢᠩ ︽︿7 · 1 ᠤ ᠭᠠᠪᠢᠶᠠᠨ ᠲᠡᠮᠳᠡᠭ﹀ ᠢ ᠣᠯᠭᠤᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠭᠲᠠᠭᠠᠯ ᠳᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠨᠠᠰᠤᠨ ᠲᠤᠷᠰᠢᠳᠠ ᠴᠥᠬᠦᠷᠡᠰᠢ ᠦᠭᠡᠢ ᠵᠢᠳᠬᠦᠭᠰᠡᠨ᠂ ᠦᠭᠡ ᠳᠠᠭᠤᠨ ᠦᠭᠡᠢ ᠬᠤᠪᠢ ᠨᠡᠮᠡᠷᠢ ᠦᠵᠡᠭᠦᠯᠦᠭᠰᠡᠨ᠂ ᠬᠤᠪᠢ ᠨᠡᠮᠡᠷᠢ ᠲᠤᠪᠤᠶᠢᠮ᠎ᠠ᠂ ᠵᠠᠩ ᠮᠣᠷᠠᠯ ᠡᠷᠬᠢᠮ ᠳᠡᠭᠡᠳᠦ ᠭᠠᠪᠢᠶ᠎ᠠ ᠵᠢᠳᠬᠦᠯ ᠲᠠᠢ ᠵᠢᠱᠢᠶᠡᠴᠢ ᠨᠠᠮ ᠤᠨ ᠭᠡᠰᠢᠭᠦᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠦᠬᠦ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠠᠴᠠ ᠮᠠ ᠮᠤᠤ ᠵᠢᠶᠧ ᠵᠡᠷᠭᠡ 29 ᠨᠥᠬᠦᠷ ᠲᠤ ︽7 · 1 ᠤ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ ᠬᠡᠵᠤ ᠵᠢᠭᠠᠵᠤ ᠭᠠᠷᠭᠠᠵᠠᠢ᠃ ︵ᠲᠤᠭᠲᠠᠭᠠᠯ ᠤᠨ ᠪᠥᠬᠦ ᠠᠭᠤᠯᠭ᠎ᠠ ᠶᠢ ᠠᠰᠳᠠᠭᠠᠨ ᠨᠡᠶᠢᠲᠡᠯᠡᠨ᠎ᠡ︶      2 ᠲᠤᠭᠴᠢ ᠨᠠᠮ ᠤᠨ ᠲᠤᠭ ᠢ ᠥᠨᠳᠥᠷ ᠡᠷᠭᠦᠵᠦ᠂ 1 ᠶᠣᠰᠣᠯᠠᠯ ᠤᠨ ᠴᠡᠷᠢᠭ ︽7 · 1 ᠤ ᠭᠠᠪᠢᠶᠠᠨ ᠲᠡᠮᠳᠡᠭ︾ ᠢ ᠡᠷᠭᠦᠨ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ ᠠᠬᠤᠢ ᠲᠠᠯᠠᠪᠠᠢ ᠳᠤ ᠤᠷᠤᠵᠤ ᠢᠷᠡᠪᠠ᠃      ᠰᠦᠷ ᠵᠢᠪᠬᠤᠯᠠᠩᠲᠤ ︽ᠦᠨᠡᠨᠴᠢ ᠰᠢᠳᠤᠷᠭᠤ ᠮᠠᠭᠲᠠᠭᠠᠯ ᠳᠠᠭᠤᠤ︾ ᠶᠢᠨ ᠬᠥᠭᠵᠢᠮ ᠤᠨ ᠠᠶᠠᠰ ᠳᠤᠮᠳᠠ᠂ ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠲᠡᠳᠡᠨᠤᠰ ᠲᠠᠢ ᠳᠣᠲᠣᠨᠣ ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠪᠢᠶᠠᠨ ᠲᠡᠮᠳᠡᠭ ᠬᠦᠷᠲᠡᠭᠰᠡᠳ ᠲᠤ ᠭᠤᠶᠤ ᠰᠠᠶᠢᠬᠠᠨ ᠰᠣᠷᠭᠤᠭ ᠴᠡᠴᠡᠭ ᠬᠦᠷᠭᠡᠵᠦ ᠶᠣᠰᠣᠯᠠᠪᠠ᠃      ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠂ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ︽7 · 1 ᠤ ᠭᠠᠪᠢᠶᠠᠨ ᠲᠡᠮᠳᠡᠭ︾ ᠬᠦᠷᠳᠡᠭᠰᠡᠳ ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ᠂ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠡᠯ᠎ᠡ ᠹᠷᠣᠨᠲ ᠤᠨ ᠨᠠᠮ ᠤᠨ ᠭᠡᠰᠢᠭᠦᠨ ᠤ ᠳᠣᠲᠣᠷᠠᠬᠢ ᠰᠢᠯᠭᠠᠷᠠᠭᠰᠠᠨ ᠲᠥᠯᠥᠭᠡᠯᠡᠭᠴᠢ ᠪᠣᠯᠤᠨ᠎ᠠ᠃ ᠲᠡᠳᠡᠨᠤᠰ ᠤᠨ ᠪᠡᠶ᠎ᠡ ᠳᠡᠭᠡᠷ᠎ᠡ ᠳᠤᠮᠳᠠᠳᠤ ᠤᠯᠤᠰ ᠤᠨ ᠡᠪ ᠬᠠᠮᠲᠤᠴᠤᠳ ᠤᠨ ᠢᠲᠡᠭᠡᠯ ᠵᠣᠷᠢᠭ ᠢᠶᠠᠨ ᠪᠠᠲᠤᠳᠬᠠᠬᠤ᠂ ᠵᠣᠷᠢᠯᠲᠠ ᠪᠠᠨ ᠦᠢᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠬᠦᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠠᠮᠢᠳᠤᠯᠢᠭ ᠢᠶᠠᠷ ᠢᠯᠡᠷᠡᠭᠰᠡᠨ ᠶᠤᠮ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠢᠲᠡᠭᠡᠯ ᠵᠣᠷᠢᠭ ᠢᠶᠠᠨ ᠪᠠᠲᠤᠳᠬᠠᠬᠤ ᠭᠡᠳᠡᠭ ᠨᠢ ᠳᠠᠷᠤᠢ ᠤᠭ ᠰᠠᠨᠠᠭ᠎ᠠ ᠪᠠᠨ ᠦᠯᠦ ᠮᠠᠷᠲᠠᠵᠤ᠂ ᠢᠲᠡᠭᠡᠯ ᠵᠣᠷᠢᠭ ᠢᠶᠠᠨ ᠦᠯᠦ ᠤᠮᠠᠷᠳᠠᠬᠤ ᠶᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ ᠲᠠᠢ ᠬᠦᠰᠡᠯᠡᠩ ᠢᠲᠡᠭᠡᠯ ᠪᠢᠰᠢᠷᠡᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠰᠡᠳᠭᠢᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠥᠪᠡᠷ ᠤᠨ ᠠᠯᠢᠪᠠ ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ ᠤᠨ ᠲᠥᠯᠥᠭᠡ ᠴᠥᠬᠦᠷᠡᠰᠢ ᠦᠭᠡᠢ ᠡᠷᠡᠰ ᠢᠶᠠᠷ ᠲᠡᠮᠡᠴᠡᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠵᠣᠷᠢᠭ ᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠠᠮ ᠢᠶᠠᠨ ᠢᠲᠡᠭᠡᠵᠦ ᠨᠠᠮ ᠢᠶᠠᠨ ᠬᠠᠶᠢᠷᠠᠯᠠᠵᠤ ᠨᠠᠮ ᠤᠨ ᠲᠥᠯᠥᠭᠡ ᠵᠢᠳᠬᠦᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ ᠤᠨ ᠲᠥᠯᠥᠭᠡ ᠲᠡᠮᠡᠴᠡᠬᠦ ᠦᠢᠯᠡᠳᠦᠯᠭᠡ ᠶᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠵᠣᠷᠢᠯᠲᠠ ᠪᠠᠨ ᠦᠢᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠤ᠂ ᠠᠷᠠᠳ ᠲᠦᠮᠡᠨ ᠤ ᠲᠥᠯᠥᠭᠡ ᠠᠵᠢᠯᠯᠠᠵᠤ ᠵᠢᠳᠬᠦᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠭᠠᠴᠢᠭᠳᠠᠵᠤ ᠪᠠᠶᠢᠭ᠎ᠠ ᠵᠦᠢᠯ ᠳᠤ ᠰᠠᠨᠠᠭᠠᠰᠢᠷᠠᠵᠤ᠂ ᠤᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ︽ᠠᠮᠢ ᠪᠡᠶ᠎ᠡ ᠪᠠᠨ ᠦᠯᠦ ᠪᠤᠳᠤᠵᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ︾ ᠪᠠᠶᠢᠬᠤ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠠᠷᠠᠳ ᠲᠦᠮᠡᠨ ᠤ ᠲᠠᠯ᠎ᠠ ᠳᠤ ᠵᠤᠭᠰᠤᠬᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ ᠤᠯᠤᠰ ᠤᠨ ᠢᠶᠠᠨ ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠮᠢᠳᠤᠷᠠᠬᠤᠢ ᠶᠢᠨ ᠬᠠᠷᠠᠯᠲᠠ ᠪᠣᠯᠭᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠠᠮᠢ ᠪᠡᠶ᠎ᠡ ᠪᠠᠨ ᠦᠷᠡᠭᠳᠡᠭᠦᠯᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ ᠬᠠᠮᠲᠤᠴᠤᠳ ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ︽ᠪᠡᠷᠬᠡ ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ︾ ᠪᠠᠭᠠᠲᠤᠷᠯᠢᠭ ᠵᠤᠷᠢᠭ ᠰᠠᠨᠠᠭ᠎ᠠ ᠶᠢ ᠪᠠᠷᠢᠮᠲᠠᠯᠠᠨ᠂ ︽ᠲᠡᠭᠷᠢ ᠭᠠᠵᠠᠷ ᠢ ᠳᠤᠩᠰᠤᠯᠭᠠᠬᠤ ᠰᠢᠨ᠎ᠡ ᠬᠤᠪᠢᠷᠠᠯᠲᠠ ᠭᠠᠷᠭᠠᠬᠤ︾ ᠣᠮᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠪᠣᠯ ᠳᠠᠷᠤᠢ ᠡᠪ ᠬᠠᠮᠲᠤᠴᠤᠳ ᠤᠨ ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶᠢᠲᠡ ᠶᠢᠨ ᠲᠥᠯᠥᠭᠡ ᠬᠤᠪᠢ ᠪᠡᠶ᠎ᠡ ᠪᠠᠨ ᠤᠮᠠᠷᠳᠠᠬᠤ ᠦᠡᠭᠭᠡ ᠭᠡᠷᠡᠯᠲᠦ ᠤᠯᠠᠮᠵᠢᠯᠠᠯ ᠢᠶᠠᠨ ᠪᠠᠷᠢᠮᠲᠠᠯᠠᠵᠤ᠂ ᠶᠡᠷᠦ ᠠᠴᠠ ᠭᠠᠪᠢᠶ᠎ᠠ ᠳᠠᠭᠠᠨ ᠡᠷᠳᠦᠬᠦ ᠦᠭᠡᠢ᠂ ᠬᠤᠪᠢ ᠬᠥᠮᠦᠨ ᠤ ᠣᠯᠵᠤ ᠠᠯᠳᠠᠬᠤ ᠶᠢ ᠬᠠᠶᠢᠬᠤᠷᠬᠤ ᠦᠭᠡᠢ᠂ ᠵᠢᠷᠭᠠᠯ ᠴᠡᠩᠭᠡᠯ ᠢ ᠬᠥᠭᠡᠭᠡᠴᠡᠯᠳᠦᠬᠦ ᠦᠭᠡᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠶᠢ ᠪᠠᠷᠢᠮᠲᠠᠯᠠᠵᠤ᠂ ᠡᠪ ᠬᠠᠮᠲᠤᠴᠤᠳ ᠤᠨ ᠪᠠᠶᠢᠪᠠᠰᠤ ᠵᠣᠬᠢᠬᠤ ᠶᠣᠰᠣ ᠰᠤᠷᠲᠠᠬᠤᠨ ᠤ ᠬᠡᠪ ᠰᠤᠷᠲᠠᠯ ᠢ ᠠᠮᠢᠳᠤᠯᠢᠭ ᠢᠶᠠᠷ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ᠶᠡᠭᠡ ᠶᠣᠰᠣ ᠶᠢ ᠮᠡᠳᠡᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠰᠤᠷᠲᠠᠬᠤᠨ ᠢᠶᠠᠨ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠬᠤᠪᠢ ᠶᠢᠨ ᠠᠰᠢᠭ ᠢᠶᠠᠨ ᠲᠡᠪᠴᠢᠨ ᠨᠡᠶᠢᠲᠡ ᠶᠢᠨ ᠲᠥᠯᠥᠭᠡ ᠵᠢᠳᠬᠦᠵᠦ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠪᠣᠯ ᠪᠠᠭᠠᠲᠤᠷᠴᠤᠳ ᠢ ᠬᠡᠷᠡᠭᠰᠡᠬᠦ ᠪᠥᠭᠡᠳ ᠯᠠᠪᠳᠠᠢ ᠪᠠᠭᠠᠲᠤᠷᠴᠤᠳ ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠴᠠᠭ ᠦᠶ᠎ᠡ ᠶᠢᠨ ᠬᠤᠰᠢᠭᠤᠴᠢ᠂ ᠦᠨᠳᠦᠰᠦᠲᠡᠨ ᠤ ᠨᠢᠷᠤᠭᠤ ᠲᠤᠯᠭᠠᠭᠤᠷᠢ ᠪᠣᠯᠤᠶ᠎ᠠ ᠭᠡᠪᠡᠯ᠂ ᠨᠠᠮ ᠤᠨ ᠭᠡᠰᠢᠭᠦᠨ ᠤ ᠡᠩᠨᠡᠭᠡ ᠡᠷᠬᠡᠪᠰᠢ ᠪᠠᠲᠤ ᠴᠢᠩᠭ᠎ᠠ ᠪᠠᠶᠢᠬᠤ ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ ᠨᠥᠬᠦᠳ ᠢᠷᠠᠭᠤ ᠠᠯᠳᠠᠷ ᠢᠶᠠᠨ ᠨᠠᠨᠳᠢᠩᠨᠠᠨ᠂ ᠠᠮᠵᠢᠯᠲᠠ ᠪᠦᠲᠦᠮᠵᠢ ᠪᠠᠨ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠠᠮᠢᠳᠤᠷᠠᠯ ᠤᠨ ᠲᠠᠯ᠎ᠠ ᠪᠠᠷ ᠭᠠᠪᠢᠶ᠎ᠠ ᠵᠢᠳᠭᠦᠯᠲᠦ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ ᠢ ᠬᠦᠴᠦᠯᠡᠨ ᠤᠬᠠᠭᠤᠯᠵᠤ᠂ ᠪᠥᠬᠦ ᠨᠠᠮ ᠪᠥᠬᠦ ᠨᠡᠶᠢᠭᠡᠮ ᠳᠤ ᠲᠡᠷᠢᠭᠦᠨ ᠤ ᠬᠢ ᠶᠢ ᠡᠷᠬᠢᠮᠯᠡᠬᠦ᠂ ᠡᠷᠳᠡᠮᠲᠡᠨ ᠮᠡᠷᠭᠡᠳ ᠠᠴᠠ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠵᠤᠷᠢᠭᠵᠢᠭᠤᠯᠤᠨ ᠨᠠᠮ ᠤᠨ ᠰᠢᠨᠵᠢ ᠴᠢᠨᠠᠷ ᠵᠣᠷᠢᠯᠲᠠ ᠶᠢ ᠪᠠᠲᠤ ᠴᠡᠭᠡᠵᠢᠯᠡᠵᠦ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂ ᠥᠨᠢ ᠡᠭᠦᠷᠢᠳᠡ ᠲᠡᠮᠡᠴᠡᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠶᠣᠰᠣᠯᠠᠯ ᠳᠡᠭᠡᠷ᠎ᠡ᠂ ᠶᠦᠨᠨᠠᠨ ᠮᠤᠵᠢ ᠶᠢᠨ ᠯᠢᠵᠢᠶᠠᠩ ᠤᠨ ᠬᠤᠸᠠ ᠫᠢᠩ ᠡᠮᠡᠭᠲᠡᠶᠢᠴᠦᠳ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠬᠦᠶ ᠮᠧᠶ ︽7 · 1 ᠤ ᠭᠠᠪᠢᠶᠠᠨ ᠲᠡᠮᠳᠡᠭ︾ ᠬᠦᠷᠲᠡᠭᠰᠡᠳ ᠢ ᠲᠥᠯᠥᠭᠡᠯᠡᠨ ᠦᠭᠡ ᠶᠠᠷᠢᠵᠠᠢ᠃      ᠭᠠᠪᠢᠶᠠᠠ ᠲᠡᠮᠲᠡᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ︽7 · 1 ᠤ ᠭᠠᠪᠢᠶᠠᠨ ᠲᠡᠮᠳᠡᠭ︾ ᠭᠥᠷᠳᠡᠭᠰᠡᠳ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃      ᠭᠠᠪᠢᠶᠠᠠ ᠲᠡᠮᠲᠡᠭ ᠣᠯᠭᠤᠬᠤ ᠶᠣᠰᠣᠯᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠦᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠲᠠᠢ ᠠᠭᠤᠯᠵᠠᠭᠰᠠᠨ ᠪᠥᠭᠡᠳ ᠤᠯᠠᠨ ᠲᠠᠢ ᠬᠠᠮᠲᠤ ᠰᠡᠬᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠬᠡᠰᠡᠭ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠭᠡᠰᠡᠭ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠭᠠᠪᠢᠶᠠᠠ ᠲᠡᠮᠲᠡᠭ ᠤᠯᠭᠤᠬᠤ ᠶᠣᠰᠣᠯᠠᠯ ᠳᠤ ᠣᠷᠣᠯᠴᠠᠵᠠᠢ᠃      ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠡᠭᠡᠵᠢᠩ ᠬᠤᠲᠠ ᠶᠢᠨ ᠬᠠᠷᠢᠭᠤᠴᠠᠯᠭᠠᠲᠠᠨ ᠨᠥᠬᠦᠳ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠵᠢᠴᠢ ᠲᠡᠳᠡᠨ ᠤ ᠲᠥᠷᠥᠯ ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠲᠥᠯᠥᠭᠡᠯᠡᠭᠴᠢ᠂ ᠥᠩᠭᠡᠷᠡᠭᠰᠡᠨ ᠤ ᠭᠠᠪᠢᠶᠠᠠ ᠲᠡᠮᠲᠡᠭ ᠢᠷᠠᠭᠤ ᠠᠯᠳᠠᠷ ᠤᠨ ᠬᠥᠬᠢᠭᠦᠯᠦᠯ ᠰᠠᠶᠢᠰᠢᠶᠠᠯ ᠢ ᠬᠦᠷᠲᠡᠭᠰᠡᠳ ᠤᠨ ᠲᠥᠯᠥᠭᠡᠯᠡᠭᠴᠢ᠂ ︽ᠨᠠᠮ ᠤᠨ ᠭᠡᠰᠢᠬᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ ᠲᠥᠯᠥᠭᠡᠯᠡᠭᠴᠢ ᠪᠣᠯᠤᠨ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ᠂ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠤ ᠲᠥᠯᠥᠭᠡᠯᠡᠭᠴᠢ ᠲᠣᠰ ᠲᠣᠰ ᠭᠠᠪᠢᠶᠠᠠ ᠲᠡᠮᠲᠡᠭ ᠤᠯᠭᠤᠬᠤ ᠶᠣᠰᠣᠯᠠᠯ ᠳᠤ ᠣᠷᠣᠯᠴᠠᠵᠠᠶ᠃ ᠪᠦᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠭᠠᠪᠢᠶᠠᠠ ᠲᠡᠮᠲᠡᠭ ᠣᠯᠭᠤᠬᠤ ᠶᠣᠰᠣᠯᠠᠯ ᠪᠤᠶᠤ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠭᠠᠪᠢᠶᠠᠠ ᠲᠡᠮᠲᠡᠭ ᠤᠯᠭᠤᠬᠤ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃      ︽ᠪᠦᠬᠦ ᠤᠯᠤᠰ ᠤᠨ ᠬᠤᠶᠠᠷ ᠰᠢᠯᠢᠲᠡᠭ ᠨᠢᠭᠡ ᠲᠡᠷᠢᠭᠦᠨ︾ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ 28 ᠤ ᠦᠲᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠶᠠᠪᠤᠭᠲᠠᠵᠦ᠂ ᠬᠦᠬᠢᠭᠦᠯᠦᠭᠲᠡᠡ ᠰᠠᠶᠢᠰᠢᠶᠠᠭᠲᠠᠭᠰᠠᠠ ᠬᠤᠪᠢ ᠬᠦᠮᠦᠨ ᠪᠤᠯᠤᠨ ᠬᠠᠮᠲᠤ ᠶᠢᠨ ᠲᠦᠯᠦᠭᠡᠯᠡᠭᠴᠢ ᠳᠤ ᠱᠠᠩᠨᠠᠯ ᠤᠯᠭᠤᠵᠠᠢ᠃ ᠸᠠᠩ ᠬᠤ᠋ ᠨᠢᠩ ᠶᠡᠭᠡ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠂ ᠲᠡᠷᠡ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠭᠡᠢ ᠱᠦᠵᠢ ᠰᠢ ᠶᠢᠨ ᠫᠢᠩ ︽ᠬᠤᠶᠠᠷ ᠰᠢᠯᠢᠲᠡᠭ ᠨᠢᠭᠡ ᠲᠡᠷᠢᠭᠦᠨ︾ ᠢ ᠰᠢᠯᠭᠠᠷᠠᠭᠤᠯᠵᠦ ᠬᠦᠬᠢᠭᠦᠯᠦᠨ ᠰᠠᠶᠢᠰᠢᠶᠠᠬᠤ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠨᠠᠮ ᠤᠨ ᠭᠡᠰᠢᠭᠦᠨ ᠤ ᠦᠢᠯᠡᠲᠦᠯ ᠢ ᠪᠠᠲᠠᠷᠠᠭᠤᠯᠬᠤ ᠪᠠ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠬᠤ ᠠᠵᠢᠯ ᠤᠨ ᠲᠤᠬᠠᠢ ᠠᠯᠢ ᠤᠯᠠᠠ ᠴᠢᠬᠤᠯᠠ ᠵᠢᠭᠠᠪᠤᠷᠢ ᠦᠭᠴᠤ᠂ ᠪᠢᠳᠠᠨᠤᠰ ᠲᠤ ᠴᠢᠷᠮᠠᠶᠢᠬᠤ ᠴᠢᠭᠯᠡᠯ ᠢ ᠵᠢᠭᠠᠠ ᠦᠭᠴᠠᠢ᠃ ᠦᠷᠭᠡᠡ ᠤᠯᠠᠠ ᠨᠠᠮ ᠤᠨ ᠭᠡᠰᠢᠭᠦᠨ ᠪᠤᠯᠤᠨ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠬᠢᠨ ᠲᠡᠷᠢᠭᠦᠨ ᠤ ᠨᠡᠶᠢᠲᠡᠯᠢᠭ ᠵᠢᠱᠢᠶ᠎ᠠ ᠪᠠᠷ ᠦᠯᠢᠭᠡᠷ ᠲᠠᠭᠤᠷᠢᠶᠠᠯ ᠪᠤᠯᠭᠠᠵᠦ᠂ ᠨᠠᠮᠴᠢ ᠴᠢᠨᠠᠷ ᠢᠶᠠᠨ ᠲᠠᠪᠲᠠᠠ ᠪᠤᠯᠪᠠᠰᠤᠷᠠᠭᠤᠯᠵᠦ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠡᠴᠢ ᠪᠠᠷ ᠬᠦᠢᠴᠡᠳᠭᠡᠵᠦ᠂ ᠦᠪᠡᠷ ᠤᠨ ᠪᠡᠶ᠎ᠠ ᠳᠡᠭᠡᠨ ᠵᠤᠷᠢᠠᠠᠲᠠᠢ ᠬᠤᠪᠢᠰᠬᠠᠯ ᠬᠢᠵᠦ᠂ ᠬᠤᠰᠢᠭᠤᠴᠢ ᠲᠠᠭᠤᠷᠢᠶᠠᠯ ᠤᠨ ᠦᠢᠯᠡᠲᠦᠯ ᠪᠤᠯᠤᠨ ᠲᠠᠶᠢᠴᠢᠨ ᠪᠠᠬᠢᠯᠡᠯᠲᠠ ᠶᠢᠨ ᠦᠢᠯᠡᠲᠦᠯ ᠢᠶᠠᠨ ᠨᠡᠩ ᠰᠠᠶᠢᠨ ᠪᠠᠲᠠᠷᠠᠭᠤᠯᠬᠤ ᠭᠡᠷᠡᠭᠲᠡᠢ ᠭᠡᠵᠦ ᠢᠯᠡᠳᠭᠡᠪᠡ᠃      ᠵᠤᠤ ᠯᠧ ᠵᠢᠢ ᠶᠡᠭᠡ ᠬᠤᠷᠠᠯ ᠳᠤ ᠣᠷᠣᠯᠴᠠᠵᠠᠢ᠃ ᠴᠧᠨ ᠰᠢ ︽ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠦᠬᠦ ᠤᠯᠤᠰ ᠤᠨ ᠰᠢᠯᠢᠳᠡᠭ ᠨᠠᠮ ᠤᠨ ᠠᠵᠢᠯᠳᠠᠨ ᠪᠣᠯᠤᠨ ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠢᠭᠦᠯᠦᠨ ᠰᠠᠶᠢᠰᠢᠶᠠᠭᠳᠠᠭᠰᠠᠳ ᠤᠨ ᠲᠥᠯᠥᠭᠡᠯᠡᠭᠴᠢ ᠦᠭᠡ ᠭᠡᠯᠡᠵᠠᠢ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号